ᠵᠢᠷᠭᠠᠯᠲᠤ ᠠᠮᠢᠲᠤᠷᠠᠯ ᠤᠨ ᠢᠷᠠᠭᠤ ᠲᠤᠤᠯᠢᠰ
ᠨᠡᠶᠢᠲᠡᠯᠡᠭᠰᠡᠨ ᠴᠠᠭ᠄
2015-02-28
     ︽ᠶᠡᠷᠦᠩᠭᠡᠢ ᠱᠦᠵᠢ ᠮᠠᠨᠤᠰ ᠲᠤ ᠭᠡᠰᠢᠭ ᠪᠤᠶᠠᠨ ᠠᠪᠴᠢᠷᠡᠵᠤ ᠦᠭᠬᠦᠭᠰᠡᠨ ᠰᠢᠤ︕︾ ᠬᠡᠵᠤ ᠪᠠᠶᠠᠨᠨᠠᠭᠤᠷ ᠭᠠᠴᠠᠭ᠎ᠠ ᠶᠢᠨ ᠮᠠᠯᠴᠢᠳ ᠠᠭᠤᠯᠵᠠᠭᠰᠠᠨ ᠪᠦᠬᠦᠨ ᠳᠤ ᠪᠠᠶᠠᠷᠳᠠᠢ ᠶᠠᠷᠢᠨ᠎ᠠ᠃      1 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠰᠢᠯᠢᠩᠬᠤᠳᠠ ᠶᠢᠨ ᠪᠤᠯᠠᠭᠠᠨ ᠰᠤᠮᠤ ᠶᠢᠨ ᠪᠠᠶᠠᠨᠨᠠᠭᠤᠷ ᠭᠠᠴᠠᠭᠠᠨ ᠤ ᠪᠠᠢ ᠰᠢᠶᠠᠩ ᠷᠦᠢ ᠶᠢᠨ ᠳᠤ ᠬᠦᠷᠴᠤ᠂ ᠠᠮᠤᠷ ᠮᠡᠨᠳᠤ ᠪᠠᠨ ᠠᠰᠠᠭᠤᠯᠴᠠᠵᠤ᠂ ᠤᠷᠤᠨ ᠰᠠᠭᠤᠳᠠᠯ ᠢᠶᠠᠨ ᠤᠯᠵᠤ ᠠᠮᠵᠢᠬᠤ ᠠᠴᠠ ᠡᠮᠦᠨ᠎ᠠ᠂ ︽ᠴᠠᠬᠢᠯᠭᠠᠨ ᠲᠠᠢ ᠪᠤᠯᠤᠬᠰᠡᠨ ᠠᠴᠠ ᠬᠦᠰᠡᠵᠤ ᠪᠠᠶᠢᠬᠰᠡᠨ ᠵᠦᠢᠯ ᠪᠠᠶᠢᠳᠤᠭᠠᠢ ᠵᠡᠬᠦᠳᠤᠨ ᠳᠤ ᠦᠬᠡᠢ ᠵᠦᠢᠯ ᠴᠤ ᠪᠦᠳᠦᠵᠤ ᠪᠡᠶᠡᠯᠡᠭᠳᠡᠵᠠᠢ᠃ ᠦᠵᠡᠭᠦ ᠦᠭᠡᠢ ᠤᠤ᠂ ᠲᠧᠯᠧᠢᠰ ᠬᠦᠯᠳᠡᠭᠡᠭᠦᠷ ᠴᠦᠮ ᠪᠦᠷᠢᠳᠦᠭᠰᠡᠨ︾ ᠭᠡᠵᠤ ᠭᠡᠷ ᠤᠨ ᠡᠵᠡᠭᠳᠡᠢ ᠪᠠᠢ ᠰᠢᠶᠠᠩ ᠷᠦᠢ ᠲᠤᠮᠤ ᠬᠦᠯᠳᠡᠭᠡᠭᠦᠷ ᠢᠶᠠᠨ ᠨᠡᠭᠡᠭᠡᠵᠦ ᠦᠵᠡᠭᠦᠯᠦᠯ᠎ᠡ᠃      ᠬᠦᠮᠦᠨ ᠨᠢᠬᠡᠪᠤᠷᠢ ᠶᠢᠨ ᠬᠦᠰᠡᠯ ᠬᠦᠭᠡᠭᠡᠴᠡᠯᠳᠦᠯ᠂ ᠪᠠᠶᠠᠷ ᠵᠢᠷᠭᠠᠯ ᠤᠨᠳᠤᠤ ᠪᠠᠶᠢᠳᠠᠭ᠃ 2014 ᠤᠨ ᠳᠤ ᠪᠠᠢ ᠰᠢᠶᠠᠩ ᠷᠦᠢ ᠶᠢ ᠬᠠᠭ ᠪᠠᠶᠠᠷᠯᠠᠭᠤᠯᠤᠭᠰᠡᠨ ᠨᠢ ᠴᠠᠬᠢᠯᠭᠠᠨ ᠨᠡᠪᠳᠡᠷᠡᠭᠰᠡᠨ ᠶᠠᠪᠤᠳᠠᠯ ᠶᠤᠮ᠃ ᠤᠰᠤ ᠴᠠᠬᠢᠯᠭᠠᠨ ᠬᠡᠳᠦ᠋ᠢᠪᠡᠷ ᠦᠢᠯᠡᠳᠪᠤᠷᠢᠯᠡᠯ ᠠᠮᠢᠳᠤᠷᠠᠯ ᠤᠨ ᠦᠨᠳᠤᠰᠤᠨ ᠵᠦᠢᠯ ᠪᠤᠯᠪᠠᠴᠦ ᠪᠠᠢ ᠰᠢᠶᠠᠩ ᠷᠦᠢ ᠵᠢᠷᠠ ᠭᠠᠷᠤᠭᠠᠳ ᠰᠠᠶ᠋ᠢ ᠴᠠᠬᠢᠯᠭᠠᠨ ᠬᠡᠷᠡᠭᠯᠡᠵᠤ᠂ ᠤᠳᠤ ᠦᠶ᠎ᠠ ᠶᠢᠨ ᠠᠮᠢᠳᠤᠷᠠᠯ ᠢ ᠡᠳ᠋ᠯᠡᠵᠤ ᠡᠬᠢᠯᠡᠭᠰᠡᠨ ᠪᠢᠯᠠ᠃      ᠶᠡᠷᠦᠩᠭᠡᠢ ᠱᠦᠵᠢ ᠰᠢ ᠶᠢᠨ ᠫᠢᠩ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠳᠠᠭᠠᠨ ︽ᠲᠦᠷᠪᠡᠠ ᠳᠠᠯ᠎ᠠ ᠪᠠᠷ ᠬᠦᠴᠦᠯᠡᠭᠦ︾ ᠭᠤᠤᠯᠳᠠᠯᠭ᠎ᠠ ᠲᠠᠢ ᠡᠭᠦᠷᠭᠡ ᠶᠢ ᠲᠤᠷᠠᠳᠴᠠᠢ᠃ ᠡᠬᠦᠨ ᠳᠤ ᠠᠷᠠᠳ ᠤᠨ ᠠᠮᠢᠳᠤᠷᠠᠯ ᠢ ᠪᠠᠳᠤᠯᠡᠨ ᠰᠠᠶᠢᠵᠢᠷᠠᠭᠤᠯᠬᠤ ᠪᠠᠷ ᠬᠦᠴᠦᠯᠡᠭᠦ ᠪᠤᠯ ᠨᠢᠭᠡ ᠭᠤᠤᠯᠳᠠᠯᠭ᠎ᠠ ᠲᠠᠢ ᠡᠬᠦᠷᠬᠡ ᠶᠤᠮᠰᠠᠨ᠃                     ᠲᠠᠯᠠᠨ ᠵᠢᠯ ᠳᠤ ᠭᠠᠷᠤᠭ᠎ᠠ ᠥᠬᠡᠢ ᠬᠤᠪᠢᠷᠠᠯᠳᠠ ᠡᠬᠦᠰᠥᠯ᠎ᠡ      1 ᠰᠠᠷ᠎ᠠ ᠶᠢᠨ 10 ᠤ ᠦᠷᠯᠦᠭᠡ᠂ ᠰᠢᠯᠢᠩᠬᠤᠳᠠ ᠶᠢᠨ ᠪᠤᠯᠠᠭᠠᠨ ᠰᠤᠮᠤ ᠶᠢᠨ ᠪᠠᠶᠠᠨᠨᠠᠭᠤᠷ ᠭᠠᠴᠠᠭᠠᠨ ᠤ ᠮᠠᠵᠢᠭ ᠨᠠᠰᠤᠳᠠᠨ ᠰᠢᠯᠢᠩᠬᠤᠳᠠ ᠶᠢᠨ ᠪᠠᠶᠠᠨᠴᠠᠭᠠᠨ ᠵᠡᠭᠡᠯᠢ ᠶᠢᠨ ᠲᠠᠪᠰᠢᠯᠳᠤ ᠨᠡᠶᠢᠭᠡᠮ ᠲᠤᠭᠤᠷᠢᠭ ᠲᠠᠬᠢ ᠬᠦᠤ ᠶᠢᠨ ᠳᠡᠭᠡᠨ ᠪᠠᠶᠢᠭ᠎ᠠ ᠴᠢᠮᠡᠭᠡ ᠪᠠᠷ ᠪᠢᠳᠡ ᠨᠠᠰᠤᠳᠠᠨ ᠲᠠᠢ ᠠᠭᠤᠯᠵᠠᠬᠤ ᠪᠠᠷ ᠬᠦᠷᠪᠡ᠃      ᠨᠠᠶᠠ ᠭᠠᠷᠤᠭᠰᠠᠨ ᠨᠠᠰᠤᠳᠠᠨ ᠭᠤᠸᠠᠢ ᠴᠡᠩᠭᠡᠷ ᠲᠤᠷᠭᠠᠨ ᠠᠯᠴᠢᠭᠤᠷ ᠢᠶᠠᠷ ᠲᠤᠯᠤᠭᠠᠢ ᠪᠠᠨ ᠤᠷᠢᠶᠠᠵᠤ ᠂ ᠰᠢᠷ᠎ᠠ ᠡᠮᠵᠢᠶᠡᠷᠢ ᠲᠠᠢ ᠪᠤᠷᠤ ᠤᠯᠠᠭᠠᠨ ᠲᠡᠷᠯᠢᠭ ᠲᠡᠭᠡᠨ ᠴᠡᠩᠭᠡᠷ ᠪᠦᠰᠠ ᠪᠦᠰᠡᠯᠡᠴᠢᠬᠡᠭᠰᠡᠨ ᠲᠠᠶᠢᠪᠤᠭᠤᠨ ᠰᠠᠭᠤᠨ᠎ᠠ ᠃ ᠵᠤᠴᠢᠯᠠᠬᠤ ᠦᠷᠦᠭᠡᠨ ᠤ ᠱᠠᠹᠠ ᠡᠰᠡᠷᠭᠦᠯᠡᠭᠰᠡᠨ ᠬᠠᠨᠠᠨ ᠪᠠᠷ ᠶᠡᠷᠦᠩᠭᠡᠢ ᠱᠦᠵᠢ ᠰᠢ ᠶᠢᠨ ᠫᠢᠩ ᠲᠠᠢ ᠬᠠᠮᠳᠤ ᠲᠠᠳᠠᠭᠤᠯᠤᠬᠰᠡᠨ ᠤᠯᠠᠨ ᠰᠠᠶᠢᠬᠠᠨ ᠵᠢᠷᠤᠭ ᠡᠯᠭᠦᠭᠡᠰᠦᠳᠡᠢ᠃ ᠪᠢᠳᠠ ᠤ ᠵᠤᠭᠤᠭ ᠬᠠᠨᠡᠨ ᠳᠤ ᠡᠯᠭᠦᠭᠳᠡᠭᠰᠡᠨ ᠵᠢᠷᠤᠭ ᠠᠴᠠ ᠡᠬᠢᠯᠡᠵᠤ ᠪᠢᠯᠡ᠃      ︽ᠬᠠᠮᠤᠭ ᠳᠡᠭᠡᠷᠡᠬᠢ ᠵᠢᠷᠤᠭ ᠢ ᠪᠤᠯ ᠬᠦᠳᠡᠭᠡ ᠮᠤᠩᠭᠤᠯ ᠭᠡᠷ ᠲᠤ ᠰᠡᠭᠦᠳᠡᠷᠯᠡᠭᠰᠡᠨ᠂ ᠶᠡᠷᠦᠩᠭᠡᠢ ᠱᠦᠵᠢ ᠢᠷᠡᠭᠰᠡᠨ ᠡᠨᠡ ᠨᠢᠭᠡ ᠵᠢᠯ ᠪᠠᠷ ᠮᠠᠨᠠᠶᠢᠬᠢᠨ ᠳᠤ ᠶᠡᠭᠡ ᠬᠤᠪᠢᠷᠠᠯᠳᠠ ᠭᠠᠷᠤᠬᠰᠡᠨ ᠰᠢᠤ︕︾ ᠭᠡᠴᠢᠭᠡᠳ ︽ ᠬᠡᠦᠭᠡᠳ ᠤᠳ ᠡ᠂ ᠴᠠᠢ ᠤᠭᠤᠤ︾ ᠬᠡᠵᠤ ᠨᠠᠰᠤᠳᠠᠨ ᠭᠤᠸᠠᠢ ᠪᠢᠳᠡᠨ ᠢ ᠲᠠᠷᠬᠡᠳᠡ ᠪᠠᠨ ᠰᠠᠭᠤᠯᠭᠠᠯ᠎ᠠ᠃      ᠪᠠᠶᠢᠰᠢᠩ ᠭᠡᠷ ᠲᠤᠨᠢ ᠢᠯᠴᠢ ᠬᠠᠮᠠᠭᠠᠯᠠᠬᠤ ᠲᠠᠪᠬᠤᠷᠭ᠎ᠠ ᠲᠠᠢ ᠪᠤᠯᠤᠬᠰᠡᠨ᠂ ᠬᠦᠧᠧᠯᠤ ᠰᠢᠳᠠᠭᠠᠬᠤ ᠲᠤᠯᠠᠭᠠᠯᠠᠮᠵᠢ ᠲᠠᠢ ᠪᠤᠯᠤᠬᠰᠡᠨ᠂ ᠪᠡᠯᠴᠢᠬᠡᠷ ᠢᠶᠠᠨ ᠲᠤᠤᠷᠯᠠᠵᠤ ᠬᠠᠮᠠᠭᠠᠯᠠᠭᠰᠠᠨ ᠁ ᠢᠶᠠᠨ ᠶᠠᠷᠢᠵᠤ᠂ ᠪᠠᠰᠠ ᠭᠠᠴᠠᠭᠠᠨ ᠤ 6 ᠠᠶᠢᠯ ᠳᠤ ᠮᠠᠰᠢᠨ ᠴᠠᠬᠢᠯᠭᠠᠨ ᠬᠤᠳᠳᠤᠭ ᠲᠠᠢ ᠪᠤᠯᠤᠬᠰᠡᠨ᠂ 14 ᠠᠶᠢᠯ ᠤᠨ ᠪᠠᠶᠢᠰᠢᠩ ᠰᠢᠨᠡᠳᠦᠭᠰᠡᠨ᠂ 25 ᠠᠶᠢᠯ ᠳᠤ ᠲᠤᠯᠠᠭᠠᠨ ᠰᠠᠷᠠᠪᠴᠢ ᠲᠠᠢ ᠪᠤᠯᠤᠬᠰᠡᠨ᠂ 28 ᠠᠶᠢᠯ ᠳᠤ ᠴᠠᠬᠢᠯᠭᠠᠨ ᠲᠠᠢ ᠪᠤᠯᠤᠬᠰᠡᠨ ᠁ ᠭᠡᠵᠤ ᠨᠠᠰᠤᠳᠠᠨ ᠭᠤᠸᠠᠢ ᠵᠢᠯ ᠰᠢᠬᠠᠮ ᠤᠨ ᠤᠯᠠᠨ ᠬᠤᠪᠢᠷᠠᠯᠳᠠ ᠪᠠᠨ ᠰᠤᠷᠪᠤᠯᠵᠢᠯᠠᠭᠴᠢ ᠪᠠᠷ ᠨᠢᠭᠡᠳ ᠨᠢᠭᠡ ᠪᠠᠷ ᠬᠤᠷᠤᠭᠤ ᠲᠠᠷᠤᠨ ᠲᠤᠭᠠᠴᠢᠨ᠎ᠠ᠃      ︽ᠪᠢ ᠡᠨᠡ ᠨᠤᠳᠤᠭ ᠲᠤ ᠲᠠᠯᠠᠨ ᠵᠢᠯ ᠠᠮᠢᠳᠤᠷᠠᠯ᠎ᠠ᠂ ᠮᠠᠯᠴᠢᠳ ᠤᠨ ᠠᠮᠢᠳᠤᠷᠠᠯ ᠵᠢᠯ ᠠᠴᠠ ᠵᠢᠯ ᠰᠠᠶᠢᠵᠢᠷᠠᠵᠤ ᠪᠤᠢ᠃ ᠭᠡᠪᠡᠴᠤ ᠦᠡᠭᠭᠡᠷᠡᠭᠰᠡᠨ ᠵᠢᠯ ᠤᠨ ᠰᠢᠬ ᠲᠦᠷᠭᠡᠨ ᠬᠦᠭᠵᠢᠯᠳᠠ ᠶᠢ ᠶᠡᠷᠦ ᠦᠵᠡᠭᠡ ᠦᠭᠡᠢ᠂ ᠲᠠᠯᠠᠨ ᠵᠢᠯ ᠳᠤᠳᠤᠷᠠᠬᠢ ᠬᠤᠪᠢᠷᠠᠯᠳᠠ ᠪᠠᠷ ᠬᠠᠮᠤᠭ ᠲᠦᠷᠭᠡᠨ ᠨᠢᠭᠡ ᠵᠢᠯ ᠶᠤᠮ ᠡ︕︾ ᠭᠡᠵᠤ ᠮᠠᠵᠢᠭ ᠨᠠᠰᠤᠳᠠᠨ ᠰᠡᠳᠬᠢᠯ ᠤᠨ ᠦᠭᠡ ᠪᠠᠨ ᠨᠢᠭᠤᠯᠲᠠ ᠦᠭᠡᠢ ᠲᠡᠯᠭᠡᠯ᠎ᠠ᠃      ᠲᠠᠯᠠᠨ ᠵᠢᠯ ᠲᠤ ᠭᠠᠷᠤᠭ᠎ᠠ ᠦᠬᠡᠢ ᠡᠨᠡᠬᠦ ᠲᠦᠷᠬᠡᠨ ᠬᠤᠪᠢᠷᠠᠯᠳᠠ ᠨᠢ ᠦᠪᠡᠷᠳᠡᠭᠡᠨ ᠵᠠᠰᠠᠬᠤ ᠤᠷᠤᠨ ᠤ 2014 ᠣᠨ ᠤ ᠡᠬᠢᠨ ᠳᠤ ᠪᠠᠶᠢᠷᠢᠯᠠᠭᠤᠯᠤᠭᠰᠠᠨ ᠮᠠᠯᠵᠢᠬᠤ ᠲᠠᠷᠢᠶᠠᠯᠠᠬᠤ ᠤᠷᠤᠨ ᠳᠤ ︽ᠠᠷᠪᠡ ᠶᠢ ᠪᠦᠷᠭᠦᠭᠦᠯᠭᠦ︾ ᠢᠨᠵᠧᠨᠧᠷᠢᠩ ᠠᠴᠠ ᠡᠬᠢᠯᠡᠭᠰᠡᠨ ᠠᠵᠢ᠃ ᠡᠨᠡᠬᠦ ᠢᠨᠵᠧᠨᠧᠷᠢᠩ ᠪᠤᠯ ᠶᠡᠷᠦᠩᠭᠡᠢ ᠱᠦᠵᠢ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠳᠠᠭᠠᠨ ᠱᠠᠭᠠᠷᠳᠠᠭᠰᠠᠨ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠵᠤ ᠠᠬᠤᠢ ᠶᠢᠨ ᠪᠤᠳᠠᠳᠠᠢ ᠠᠴᠠ ᠡᠭᠦᠰᠤᠨ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠴᠢᠷᠮᠠᠶᠢᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠲᠤ ᠬᠤᠯᠪᠤᠬᠳᠠᠭᠰᠡᠨ ᠰᠠᠭᠤᠷᠢ ᠠᠵᠢᠯ ᠢ ᠰᠠᠶᠢᠳᠤᠷ ᠬᠢᠭᠦ ᠬᠡᠷᠡᠭᠳᠡᠢ︾ ᠬᠡᠰᠡᠨ ᠵᠤᠷᠢᠭ ᠰᠠᠨᠠᠭᠠᠨ ᠤ ᠪᠤᠳᠠᠳᠠᠶᠢᠵᠢᠯ ᠪᠢᠯᠡ᠃      2014 ᠣᠨ ᠤ 8 ᠰᠠᠷ᠎ᠠ ᠲᠤ᠂ ᠷᠠᠰᠢᠶᠠᠨ ᠬᠤᠳᠠ ᠶᠢᠨ ᠢᠷᠪᠢᠰ ᠪᠠᠯᠭᠠᠰᠤᠨ ᠤ ᠰᠢᠩ ᠯᠢᠨ ᠨᠡᠶᠢᠬᠡᠮ ᠲᠤᠭᠤᠷᠢᠭ ᠤᠨ ᠬᠦᠸᠧ ᠶᠦᠩ ᠽᠠᠢ ᠰᠢᠨ᠎ᠠ ᠠᠰᠠᠷ ᠲᠤ ᠨᠡᠭᠦᠨ ᠤᠷᠤᠪᠡ᠃ ᠨᠢᠳᠤᠨᠤᠨ ᠶᠡᠷᠦᠩᠭᠡᠢ ᠱᠦᠵᠢ ᠷᠠᠰᠢᠶᠠᠨ ᠬᠤᠳᠠ ᠪᠠᠷ ᠰᠢᠨᠵᠢᠯᠡᠨ ᠪᠠᠶᠢᠴᠠᠭᠠᠬᠤ ᠳᠠᠭᠠᠨ ᠬᠦᠸᠧ ᠶᠦᠩ ᠽᠠᠢ ᠶᠢᠨ ᠵᠦᠭ ᠪᠦᠷᠢ ᠠᠴᠠ ᠨᠢ ᠰᠠᠯᠬᠢ ᠰᠡᠷᠴᠢᠬᠢᠨᠡᠭᠰᠡᠨ ᠰᠢᠪᠠᠷ ᠪᠠᠶᠢᠰᠢᠩ ᠢ ᠬᠠᠷᠠᠭᠠᠳ ︽ᠲᠦᠭᠦᠮ ᠪᠦᠳᠦᠴᠠᠳᠤ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠬᠢᠴᠠ ᠪᠠᠨ ᠲᠦᠷᠭᠡᠳᠭᠡᠨ ᠴᠠᠭ ᠤᠨ ᠬᠦᠰᠦᠨᠦᠭᠳᠤ ᠭᠠᠷᠭᠠᠵᠤ᠂ ᠲᠦᠭᠦᠮ ᠪᠦᠳᠦᠴᠠᠳᠤ ᠤᠷᠤᠨ ᠰᠠᠭᠤᠴᠠ ᠳᠠᠬᠢ ᠤᠯᠡᠨ ᠲᠦᠮᠡᠨ ᠢ ᠡᠷᠳᠡ ᠨᠢᠭᠡ ᠡᠳᠦᠷ ᠰᠢᠨ᠎ᠠ ᠭᠡᠷ ᠲᠤ ᠨᠡᠭᠦᠯᠭᠡᠭᠦ ᠬᠡᠷᠡᠭᠳᠡᠢ︾ ᠭᠡᠵᠤ ᠤᠷᠤᠨ ᠨᠤᠳᠤᠭ ᠤᠨ ᠤᠳᠤᠷᠢᠳᠤᠯᠭ᠎ᠠ ᠳᠤ ᠵᠠᠬᠢᠨ ᠱᠠᠭᠠᠷᠳᠡᠬᠰᠠᠨ ᠶᠤᠮ᠃ ︽ᠶᠡᠷᠦᠩᠭᠡᠢ ᠱᠦᠵᠢ ᠠᠴᠠ ︿ᠲᠡᠶᠢᠮᠤ ᠶᠡᠭᠡ ᠪᠠᠷᠢᠭᠰᠠᠨ ᠤ ᠬᠡᠷᠡᠭ ᠦᠭᠡᠢ᠃ ᠪᠦᠳᠦᠴᠠ ᠵᠤᠬᠢᠰᠳᠠᠢ᠂ ᠰᠠᠭᠤᠬᠤ ᠲᠤ ᠲᠠᠭᠠᠯᠠᠮᠵᠢᠳᠠᠢ ᠪᠠᠶᠢᠬᠤ  ᠶᠢ ᠪᠠᠳᠤᠯᠠᠬᠤ ᠬᠡᠷᠡᠭᠳᠡᠢ﹀ ᠭᠡᠮᠡᠨ ᠪᠢᠳᠡᠨ ᠳᠤ ᠵᠠᠬᠢᠬᠰᠡᠨ︾ ᠭᠡᠵᠤ ᠬᠢᠨᠭ᠍ᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠮᠢᠶᠤᠤ ᠶᠢᠨ ᠵᠦ ᠲᠤᠬᠠᠢ ᠦᠶ᠎ᠡ ᠶᠢᠨ ᠪᠠᠶᠢᠳᠠᠯ ᠢᠶᠠᠨ ᠰᠤᠷᠪᠤᠯᠵᠢᠯᠠᠭᠴᠢ ᠲᠤ ᠡᠷᠬᠢᠴᠡᠭᠦᠯᠦᠨ ᠶᠡᠷᠢᠨ᠎ᠠ᠃      ᠪᠤᠤ ᠹᠦ᠋ ᠱᠠᠨ᠂ ᠸᠠᠩ ᠹᠦ᠋ ᠶᠢᠩ ᠡᠷ᠎ᠡ ᠡᠮ᠎ᠠ ᠬᠤᠶᠠᠭᠤᠯᠠ ᠪᠤᠯ ᠬᠦᠸᠧ ᠶᠦᠩ ᠽᠠᠢ ᠲᠠᠢ ᠠᠳᠠᠯᠢ ᠪᠠᠷ ᠰᠢᠨ᠎ᠠ ᠬᠡᠷ ᠲᠤ ᠨᠡᠬᠦᠨ ᠤᠷᠤᠭᠰᠠᠨ ᠰᠢᠩ ᠯᠢᠨ ᠲᠤᠭᠤᠷᠢᠭ ᠤᠨ ᠰᠠᠭᠤᠭᠠᠯᠢ ᠠᠷᠠᠳ ᠶᠤᠮᠰᠠᠨ᠃      1 ᠰᠠᠷ᠎ᠠ ᠶᠢᠨ 8 ᠤ ᠡᠳᠦᠷ᠂ ᠢᠷᠪᠢᠰ ᠪᠠᠯᠭᠠᠰᠤᠨ ᠳᠤ ᠬᠦᠢᠳᠡᠨ ᠰᠠᠯᠬᠢ ᠢᠰᠬᠡᠷᠴᠦ᠂ ᠭᠠᠷ ᠤᠳᠠᠰᠤ ᠴᠦ 5 ᠮᠢᠨᠦ᠋ᠲ ᠪᠤᠯᠤᠯ ᠦᠭᠡᠢ ᠲᠠᠰᠤ ᠨᠢᠰ ᠬᠦᠯᠳᠡᠬᠡᠳ ᠬᠠᠭᠠᠭᠳᠠᠴᠢᠬᠠᠳᠠᠭ ᠪᠠᠶᠢᠯ᠎ᠠ᠃ ᠪᠢᠳᠡ ᠪᠤᠤ ᠹᠦ᠋ ᠯᠢᠨ ᠤ ᠳᠤ ᠤᠷᠤᠬᠤ ᠳᠤ ᠸᠠᠩ ᠹᠦ᠋ ᠶᠢᠩ ᠤᠨᠳᠠᠯᠭ᠎ᠠ ᠶᠢᠨ ᠬᠤᠪᠴᠠᠰᠤ ᠪᠠᠷ ᠢᠶᠠᠨ ᠭᠡᠷ ᠲᠡᠷᠭᠡ ᠪᠠᠨ ᠴᠡᠪᠡᠷᠯᠡᠵᠤ ᠪᠠᠶᠢᠪᠡ᠃ ᠲᠤᠯᠠᠭᠠᠨ ᠲᠠᠭᠠᠯᠠᠮᠵᠢᠳᠠᠢ ᠡᠪᠤᠯᠵᠢᠵᠤ ᠪᠠᠶᠢᠭ᠎ᠠ ᠸᠠᠩ ᠹᠦ᠋ ᠶᠢᠩ ᠪᠢᠳᠡᠨ ᠢ ᠲᠤᠳᠤᠭᠰᠢ ᠪᠠᠨ ᠤᠷᠢᠬᠤ ᠶᠢᠨ ᠬᠠᠮᠳᠤ ︽ᠦᠡᠭᠭᠡᠷᠡᠭᠰᠡᠨ ᠳᠤ ᠰᠢᠨᠡᠯᠡᠭᠦ ᠤᠢᠢᠷᠠᠳᠤᠬᠰᠠᠭᠠᠷ ᠡᠨᠡ ᠲᠠᠷᠡ ᠪᠠᠨ ᠭᠡᠳᠦᠠ ᠡᠳᠦᠷ ᠤᠬᠢᠶᠠᠵᠤ ᠴᠡᠪᠡᠷᠯᠡᠨ᠂ ᠭᠡᠳᠦᠨ ᠡᠳᠦᠷ ᠬᠠᠳᠠᠭᠠᠨ᠎ᠠ᠃ ᠤᠳᠤ ᠠᠰᠠᠷ ᠲᠤ ᠰᠠᠭᠤᠬᠰᠡᠨ ᠴᠢᠨᠢ ᠤᠬᠢᠶᠠᠴᠢᠬᠠᠮᠠᠷ ᠶᠠᠭᠤᠮ᠎ᠠ ᠦᠭᠡᠢ ᠰᠢᠭ᠂ ᠪᠠᠶᠢᠬᠰᠡᠨ ᠴᠤ ᠤᠬᠢᠶᠠᠭᠠᠳ ᠯᠡ ᠲᠠᠯᠬᠡᠪᠡᠯ ᠤᠳᠠᠬᠤ ᠴᠤ ᠦᠬᠡᠢ ᠬᠠᠳᠠᠴᠢᠬᠠᠨ᠎ᠠ︾ ᠭᠡᠵᠤ ᠤᠷᠮᠠᠳᠠᠶᠢᠬᠠᠨ ᠶᠠᠷᠢᠨ᠎ᠠ᠃ ᠡᠳᠡᠨ ᠲᠠᠢ ᠠᠳᠠᠯᠢ ᠪᠠᠷ ᠨᠢᠳᠤᠨᠤᠨ ᠷᠠᠰᠢᠶᠠᠨ ᠬᠤᠳᠠ ᠶᠢᠨ 186 ᠡᠷᠦᠭᠡ ᠶᠢᠨ ᠠᠷᠠᠳ ᠲᠦᠭᠦᠮ ᠪᠦᠳᠦᠴᠠᠳᠤ ᠤᠷᠤᠨ ᠰᠠᠭᠤᠴᠠ ᠠᠴᠠ ᠪᠠᠨ ᠰᠢᠨ᠎ᠠ ᠠᠰᠠᠷ ᠲᠤ ᠨᠡᠭᠦᠵᠠᠢ᠃ ᠨᠢᠳᠤᠨᠤᠨ ᠮᠠᠨ ᠤ ᠤᠷᠤᠨ 24 ᠲᠦᠮᠡᠨ ᠢᠵᠢ ᠡᠯ᠎ᠠ ᠵᠦᠢᠯ ᠤᠨ ᠪᠠᠳᠤᠯᠠᠭ᠎ᠠ ᠶᠢᠨ ᠤᠷᠤᠨ ᠰᠠᠭᠤᠴᠠ ᠶᠢᠨ ᠪᠠᠷᠢᠯᠭ᠎ᠠ ᠶᠢ ᠡᠬᠢᠯᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ 17 ᠲᠦᠮᠡᠨ ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠥᠭᠡᠷᠡᠴᠢᠯᠡᠨ ᠵᠠᠰᠠᠭᠰᠠᠨ ᠶᠤᠮ᠃      ᠬᠤᠪᠢᠷᠠᠯᠳᠠ ᠡᠳᠦ᠋ᠢᠬᠡᠨ ᠢᠶᠠᠷ ᠵᠤᠭᠰᠤᠬᠤ ᠦᠬᠡᠢ᠃ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠠᠮᠳᠠᠳᠤ ᠵᠢᠮᠢᠰ ᠭᠠᠵᠠᠷ ᠪᠤᠯᠭᠠᠨ ᠳᠤ ᠲᠠᠬᠦᠵᠢᠩᠨᠡᠵᠤ᠂ ᠬᠠᠷᠠᠭᠰᠠᠨ ᠪᠦᠬᠦᠨ ᠤ ᠤᠷᠮ᠎ᠠ ᠶᠢ ᠬᠦᠭᠵᠢᠬᠡᠨ᠎ᠠ᠃               ᠶᠡᠷᠤᠩᠬᠡᠢ ᠱᠦᠵᠢ ᠶᠢᠨ ᠬᠠᠶᠢᠷ᠎ᠠ ᠬᠠᠯᠠᠮᠵᠢ ᠢᠳᠡᠭᠡᠯ ᠵᠤᠷᠢᠭ ᠤ ᠬᠥᠪᠴᠢᠯᠡᠨ᠎ᠡ      1 ᠰᠠᠷ᠎ᠠ ᠶᠢᠨ 12 ᠤᠨ ᠦᠳᠠ ᠶᠢᠨ ᠡᠮᠦᠨ᠎ᠠ᠂ ᠰᠤᠷᠪᠤᠯᠵᠢᠯᠠᠭᠴᠢ ᠰᠢᠯᠢᠩᠬᠤᠳᠠ ᠶᠢᠨ ᠠᠢ ᠮᠢᠨ ᠨᠡᠶᠢᠭᠡᠮ ᠲᠤᠭᠤᠷᠢᠭ ᠤᠨ ᠰᠢᠤᠢ ᠠᠢ ᠴᠢᠨ ᠢ ᠲᠠᠭᠠᠨ ᠴᠢᠭᠤᠯᠭᠠᠨ ᠵᠡᠭᠡᠯᠢ ᠳᠠᠬᠢ ᠮᠢᠨ ᠬᠤᠢ ᠬᠠᠮ ᠲᠡᠯᠭᠡᠭᠦᠷ ᠲᠤ ᠬᠦᠷᠪᠡ᠃      ᠰᠢᠤᠢ ᠠᠢ ᠴᠢᠨ ᠦᠳᠠ ᠶᠢᠨ ᠬᠤᠭᠤᠯᠨ ᠪᠠᠨ ᠪᠡᠯᠡᠳᠭᠡᠭᠦ ᠪᠠᠷ ᠬᠤᠶᠠᠷ ᠤᠭᠤᠳᠠ ᠹᠧᠨᠲ᠋ᠢᠶᠤᠤᠷ ᠠᠪᠤᠯ᠎ᠠ᠃ ᠲᠠᠩᠰᠠ ᠪᠤᠳᠤᠬᠤ ᠦᠶᠡᠰ ᠤᠭᠤᠳᠠᠨ ᠳᠤ ᠬᠠᠳᠠᠭᠰᠠᠨ ᠦᠨ᠎ᠠ ᠠᠴᠠ 40 ᠮᠦᠩᠬᠦ ᠲᠤᠳᠠᠭᠤ ᠲᠤᠰᠢᠶᠠᠬᠤᠯᠠᠷ ᠰᠤᠷᠪᠤᠯᠵᠢᠯᠠᠭᠴᠢ ᠤᠬᠠᠭᠠᠨ ᠬᠦᠯ ᠢ ᠨᠢ ᠤᠯᠵᠤ ᠶᠠᠳᠠᠭᠰᠠᠨ ᠴᠦ ᠠᠰᠠᠭᠤᠵᠤ ᠲᠦᠪᠳᠡᠭᠰᠡᠨ ᠦᠬᠡᠢ᠃ ᠤᠤᠯ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠬᠦᠷᠳᠡᠵᠤ ᠪᠠᠶᠢᠭ᠎ᠠ ᠰᠢᠤᠢ ᠠᠢ ᠴᠢᠨ ᠲᠤᠰ ᠬᠠᠮ ᠲᠡᠯᠭᠡᠭᠦᠷ ᠤᠨ ᠶᠠᠭᠤᠮ᠎ᠠ ᠪᠦᠬᠦᠨ ᠢ ᠬᠤᠳᠠᠯᠳᠤᠨ ᠠᠪᠬᠤ ᠳᠠᠭᠠᠨ ᠴᠦᠮ 85% ᠢᠶᠠᠷ ᠨᠤᠭᠤᠯᠠᠨ ᠵᠤᠭᠤᠰ ᠲᠤᠰᠢᠶᠠᠬᠤ ᠤᠨᠴᠠ ᠬᠠᠷᠠᠭᠠᠯᠵᠡᠯ ᠲᠠᠢ ᠠᠵᠢ᠃      ᠨᠢᠳᠤᠨᠤᠨ ᠤ 1 ᠰᠠᠷ᠎ᠠ ᠶᠢᠨ 27 ᠤ ᠡᠳᠦᠷ ᠶᠡᠷᠦᠩᠭᠡᠢ ᠱᠦᠵᠢ ᠠᠢ ᠮᠢᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠷᠦᠬᠡ᠂ ᠬᠠᠮ ᠲᠡᠯᠭᠡᠭᠦᠷ᠂ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡᠨ ᠤ ᠲᠢᠩᠭᠢᠮ ᠢᠶᠠᠷ ᠲᠤᠭᠤᠷᠢᠨ ᠦᠵᠡᠭᠰᠡᠨ ᠤ ᠳᠠᠷᠠᠭ᠎ᠠ᠂ ᠨᠡᠶᠢᠭᠡᠮ ᠲᠤᠭᠤᠷᠢᠭ ᠤᠨ ᠬᠠᠷᠢᠭᠤᠴᠠᠯᠭᠠᠳᠠᠨ  ᠳᠤ ︽ ᠰᠠᠭᠤᠭᠠᠯᠢ ᠠᠷᠠᠳ ᠤᠨ ᠬᠦᠴᠢᠷᠳᠡᠯ ᠢ ᠪᠦᠬᠦ ᠬᠦᠴᠦ ᠪᠠᠷ ᠢᠶᠠᠨ ᠰᠢᠢᠳᠪᠦᠷᠢᠯᠡᠵᠤ ᠦᠭᠭᠦ ᠬᠡᠷᠡᠭᠳᠡᠢ︾ ᠭᠡᠵᠤ ᠵᠠᠬᠢᠯ᠎ᠠ᠃      ᠰᠢᠤᠢ ᠠᠢ ᠴᠢᠨ 18 ᠵᠢᠯ ᠤᠨ ᠲᠤᠷᠰᠢ ᠰᠠ ᠡᠪᠡᠳᠴᠢᠨ ᠲᠠᠢ ᠬᠦᠤ ᠪᠠᠨ ᠠᠰᠠᠷᠠᠵᠤ ᠲᠤᠳᠤᠮᠳᠡᠨ᠂ ᠨᠦᠭᠦᠷ ᠲᠠᠢ ᠪᠠᠨ ᠬᠤᠶᠠᠭᠤᠯᠠ ᠰᠤᠯᠠ ᠠᠵᠢᠯ ᠬᠢᠵᠤ ᠠᠮᠢᠳᠤᠷᠠᠯ ᠢᠶᠠᠨ ᠠᠷᠭᠠᠴᠠᠵᠤ ᠢᠷᠡᠭᠰᠡᠨ᠃ ᠬᠤᠶᠠᠷ ᠵᠢᠯ ᠤᠨ ᠡᠮᠦᠨ᠎ᠠ ᠨᠦᠭᠦᠷ ᠨᠢ ᠲᠡᠷᠭᠡᠨ ᠠᠳᠠᠯ ᠳᠤ ᠬᠦᠯ ᠵᠡᠮᠳᠡᠭ ᠪᠤᠯᠤᠬᠰᠡᠨ ᠠᠴᠠ ᠠᠮᠢᠳᠤᠷᠠᠯ ᠤᠨ ᠪᠦᠬᠦ᠋ᠢᠯᠡ ᠬᠦᠨᠳᠦ ᠲᠠᠷᠤᠭᠠᠰᠤ ᠰᠢᠤᠢ ᠠᠢ ᠴᠢᠨ ᠤ ᠮᠦᠷᠦᠨ ᠲᠤ ᠲᠠᠯᠪᠢᠬᠳᠠᠵᠤ᠂ ᠠᠮᠢᠳᠤᠷᠠᠯ ᠨᠢ ᠤᠯᠡᠮ ᠴᠤ ᠬᠦᠴᠢᠷᠳᠡᠢ ᠪᠤᠯᠪᠡ᠃ ᠡᠳᠡᠭᠡᠷ ᠢᠶᠠᠨ ᠡᠷᠬᠢᠴᠡᠭᠦᠯᠦᠨ ᠶᠠᠷᠢᠬᠤ ᠲᠤ ᠰᠢᠤᠢ ᠠᠢ ᠴᠢᠨ ᠤ ᠬᠤᠭᠤᠯᠠᠢ ᠨᠢ ᠡᠷᠢᠶᠡᠨᠳᠤᠨ ᠨᠢᠳᠤ ᠨᠢ ᠵᠠᠶᠢᠷᠳᠤᠨ᠎ᠠ᠃      2014 ᠣᠨ ᠤ ᠡᠬᠢ ᠪᠠᠷ᠂ ᠮᠠᠨ ᠤ ᠤᠷᠤᠨ ᠳᠤ ᠰᠢᠤᠢ ᠠᠢ ᠴᠢᠨ ᠲᠠᠢ ᠠᠳᠠᠯᠢ ᠪᠠᠷ ᠡᠪᠡᠳᠴᠢᠨ ᠲᠠᠬᠤᠯ ᠵᠡᠷᠬᠡ ᠡᠯ᠎ᠠ ᠲᠠᠯ᠎ᠠ ᠶᠢᠨ ᠰᠢᠯᠳᠠᠭᠠᠨ ᠠᠴᠠ ᠪᠤᠯᠵᠤ᠂ ᠶᠠᠳᠠᠭᠤ ᠬᠦᠴᠢᠷᠳᠡᠯ ᠲᠠᠢ ᠠᠮᠢᠳᠤᠷᠠᠵᠤ ᠪᠠᠶᠢᠭ᠎ᠠ ᠬᠦᠮᠦᠨ 150 ᠲᠦᠮᠡ ᠭᠠᠷᠤᠢ ᠪᠠᠶᠢᠭᠰᠠᠭᠠᠷ᠃ ᠶᠠᠭ ᠡᠶᠢᠮᠤ ᠪᠤᠯᠬᠤᠷ ᠶᠡᠷᠦᠩᠬᠡᠢ ᠱᠦᠵᠢ ᠠᠴᠠ ︽ᠶᠠᠳᠠᠭᠤ ᠶᠢ ᠲᠡᠳᠬᠦᠨ ᠨᠡᠬᠡᠬᠡᠨ ᠬᠦᠭᠵᠢᠬᠦᠯᠬᠦ ᠠᠵᠢᠯ ᠪᠤᠯ ᠨᠦᠰᠡᠷ ᠬᠦᠨᠳᠤ ᠬᠠᠷᠢᠭᠤᠴᠠᠯᠭ᠎ᠠ ᠮᠦᠨ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠡᠨᠡᠬᠦ ᠬᠠᠷᠢᠭᠤᠴᠠᠯᠭ᠎ᠠ ᠶᠢ ᠵᠠᠪᠠᠯ ᠡᠬᠦᠷᠬᠡᠯᠡᠨ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠠᠢ︾ ᠬᠡᠵᠤ ᠬᠠᠳᠠᠭᠤᠬᠠᠨ ᠱᠠᠭᠠᠷᠳᠠᠯ᠎ᠠ᠃ ᠨᠢᠬᠡ ᠵᠢᠯ ᠤᠨ ᠲᠤᠷᠰᠢ᠂ ᠦᠪᠡᠷᠳᠡᠭᠡᠨ ᠵᠠᠰᠠᠬᠤ ᠤᠷᠤᠨ ᠠᠴᠠ ᠶᠠᠳᠠᠭᠤ  ᠶᠢ ᠳᠡᠳᠭᠦᠨ ᠪᠤᠭᠤᠮᠳᠠ ᠰᠢᠪᠳᠤᠯᠬᠤ ᠢᠨᠵᠧᠨᠧᠷᠢᠩ ᠢ ᠠᠷᠠᠳ ᠤᠨ ᠠᠮᠢᠳᠤᠷᠠᠯ ᠤᠨ ︽ᠵᠢᠷᠭᠤᠭᠠᠨ ᠶᠡᠭᠡ ᠢᠨᠵᠧᠨᠧᠷᠢᠩ︾ ᠤᠨ ᠢᠶᠠᠨ ᠲᠡᠷᠢᠬᠦᠨ ᠳᠤ ᠲᠠᠯᠪᠢᠨ ᠠᠳᠬᠤᠬᠤ ᠶᠢᠨ ᠬᠠᠮᠳᠤ ︽ᠭᠤᠷᠪᠡ  ᠶᠢ ᠭᠠᠴᠠᠭ᠎ᠠ ᠲᠤᠰᠬᠤᠨ ᠪᠠ ᠡᠷᠦᠭᠡ ᠲᠤ ᠬᠦᠷᠭᠡᠨ︾ ᠤᠨᠢᠨ ᠳᠡᠭᠡᠷ᠎ᠠ ᠨᠢ ᠶᠠᠳᠠᠭᠤ ᠶᠢ ᠳᠡᠳᠭᠦᠭᠦ᠂ ᠮᠦᠡᠭᠭᠦᠨ ᠬᠦᠢᠯᠭᠡᠭᠡ ᠪᠠᠷ ᠶᠠᠳᠠᠭᠤ  ᠶᠢ ᠳᠡᠳᠭᠦᠭᠦ᠂ ᠨᠡᠭᠦᠯᠭᠡᠨ ᠰᠢᠯᠵᠢᠭᠦᠯᠵᠤ ᠶᠠᠳᠠᠭᠤ ᠶᠢ ᠳᠡᠳᠭᠦᠭᠦ ᠪᠠ ᠲᠤᠭᠳᠠᠭᠰᠡᠨ ᠴᠢᠬ ᠢᠶᠠᠷ ᠶᠠᠳᠠᠭᠤ ᠶᠢ ᠳᠡᠳᠭᠦᠭᠦ ᠪᠠᠷ ︽ᠬᠤᠷᠴᠠ ᠵᠡᠪᠰᠡᠭ︾ ᠪᠤᠯᠭᠠᠵᠤ᠂ ᠶᠠᠳᠠᠭᠤ  ᠶᠢ ᠳᠡᠳᠭᠦᠨ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ︽ᠲᠦᠷᠮᠦᠰᠤᠨ ᠲᠠᠭᠠᠷᠢᠯᠳᠠ︾ ᠶᠠᠪᠤᠭᠤᠯᠵᠠᠢ᠃      ᠪᠦᠭᠦ  ᠵᠢᠯ ᠳᠤ ︽ᠭᠤᠷᠪᠡ  ᠶᠢ ᠭᠠᠴᠠᠭ᠎ᠠ ᠲᠤᠰᠬᠤᠨ ᠪᠡ ᠡᠷᠦᠭᠡ ᠲᠤ ᠬᠦᠷᠭᠡᠨ︾ ᠤᠨᠢᠨ ᠲᠠᠬᠡᠷ᠎ᠠ ᠨᠢ ᠶᠠᠳᠠᠭᠤ ᠶᠢ ᠲᠡᠳᠬᠦᠬᠦ ᠪᠠᠷ ᠲᠠᠮᠵᠢᠨ 2834 ᠶᠠᠳᠠᠭᠤ ᠬᠦᠴᠢᠷᠳᠡᠯ ᠲᠠᠢ ᠭᠠᠴᠠᠭ᠎ᠠ ᠲᠤᠰᠬᠤᠨ ᠳᠤ ᠠᠰᠢᠭ ᠬᠦᠷᠳᠡᠬᠡᠵᠤ᠂ 40 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠶᠢ 15% ᠭᠠᠷᠤᠢ ᠨᠡᠮᠡᠭᠳᠡᠬᠦᠯᠪᠡ᠃      ᠡᠨᠡ ᠨᠢᠬᠡ ᠵᠢᠯ ᠳᠤ ᠰᠢᠤᠢ ᠠᠢ ᠴᠢᠨ ᠤ ᠠᠮᠢᠳᠤᠷᠠᠯ ᠳᠤ ᠤᠯᠠᠨ ᠬᠤᠪᠢᠷᠠᠯᠳᠠ ᠭᠠᠷᠤᠯ᠎ᠠ᠃ ᠨᠠᠶᠢᠭᠡᠮ ᠲᠤᠭᠤᠷᠢᠭ ᠠᠴᠠ ᠨᠦᠭᠦᠷ ᠲᠤᠨᠢ ᠬᠦᠡᠭᠭᠡᠨ ᠠᠵᠢᠯ ᠲᠤᠬᠢᠷᠠᠭᠤᠯᠤᠨ ᠬᠠᠮ ᠳᠡᠯᠭᠡᠭᠦᠷ ᠠᠴᠠ ᠬᠢᠮᠳᠠ ᠪᠠᠷ ᠪᠠᠷᠠᠭ᠎ᠠ ᠠᠪᠬᠤ ᠬᠠᠷᠠᠭᠠᠯᠵᠡᠯ ᠤᠨ ᠺᠠᠷᠲ ᠤᠯᠭᠤᠵᠤ᠂ ᠬᠦᠤ ᠨᠢ ᠪᠠᠰᠠ ᠨᠡᠶᠢᠭᠡᠮ ᠲᠤᠭᠤᠷᠢᠭ ᠤᠨ ᠢᠶᠠᠨ ᠡᠷᠡᠭᠦᠯ ᠬᠠᠮᠠᠭᠠᠯᠠᠯ ᠤᠨ ᠦᠷᠳᠡᠭᠡ ᠲᠤ ᠡᠷᠡᠭᠦᠯᠵᠢᠯ ᠤᠨ ᠪᠤᠯᠪᠠᠰᠤᠷᠠᠯ ᠬᠢᠭᠦ ᠪᠤᠯᠵᠠᠢ᠃ ︽ᠶᠡᠷᠦᠩᠭᠡᠢ ᠱᠦᠵᠢ ᠶᠢᠨ ᠬᠠᠶᠢᠷ᠎ᠠ ᠬᠠᠯᠠᠮᠵᠢ ᠳᠤ ᠢᠳᠡᠬᠡᠯ ᠵᠤᠷᠢᠭ ᠢ ᠬᠦᠪᠴᠢᠯᠡᠭᠰᠡᠨ ᠡ︕ ᠨᠦᠬᠦᠷ ᠮᠢᠨᠢ ᠠᠵᠢᠯ ᠲᠠᠢ ᠪᠤᠯᠤᠭᠰᠠᠨ ᠠᠴᠠ ᠤᠷᠤᠯᠭ᠎ᠠ ᠨᠡᠮᠡᠭᠳᠡᠨ ᠠᠮᠢᠳᠤᠷᠠᠯ ᠰᠠᠶᠢᠵᠢᠷᠠᠵᠤ᠂ ᠬᠦᠬᠡᠷᠤᠬᠦᠢ ᠬᠦᠤ ᠮᠢᠨᠢ ᠴᠦ ᠡᠳᠤᠷ ᠠᠴᠠ ᠡᠳᠤᠷ ᠡᠷᠡᠬᠦᠯᠵᠢᠵᠤ ᠪᠤᠢ︾ ᠭᠡᠵᠤ ᠰᠢᠤᠢ ᠠᠢ ᠴᠢᠨ ᠲᠤᠭᠳᠤᠯᠤᠭᠰᠠᠨ ᠰᠡᠳᠬᠢᠯ ᠢᠶᠠᠨ ᠲᠠᠷᠤᠵᠤ ᠶᠠᠳᠠᠨ ᠬᠠᠯᠠᠭᠤᠨ ᠨᠢᠯᠪᠤᠰᠤ ᠪᠦᠮᠪᠦᠷᠢᠬᠦᠯᠦᠨ᠎ᠠ᠃      ᠡᠨᠡ ᠨᠢᠬᠡ ᠵᠢᠯ ᠳᠤ ᠭᠠᠭᠴᠠ ᠰᠢᠤᠢ ᠠᠢ ᠴᠢᠨ ᠤ ᠤᠷᠤᠯᠭ᠎ᠠ ᠨᠡᠮᠡᠭᠳᠡᠭᠰᠡᠨ ᠪᠢᠰᠢ᠃ 2014 ᠤᠨ ᠳᠤ ᠮᠠᠨ ᠤ ᠤᠷᠤᠨ ᠤ ᠬᠤᠳᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠳᠤ ᠪᠠᠶᠢᠩᠭᠤ ᠰᠠᠭᠤᠷᠢᠰᠢᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠲᠤᠰᠪᠤᠷᠢ 2.83 ᠲᠦᠮᠡᠨ ᠲᠦᠬᠦᠷᠢᠭ ᠪᠠ 9976 ᠲᠦᠬᠦᠷᠢᠭ ᠲᠤ ᠬᠦᠷᠴᠦ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠦᠷᠬᠦᠯᠵᠢᠯᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠠᠪᠠᠵᠤ᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠠᠴᠠ ᠲᠠᠪᠠᠭᠰᠠᠨ ᠪᠠᠶᠢᠨ᠎ᠠ᠃                    ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ      1 ᠰᠠᠷ᠎ᠠ ᠶᠢᠨ 10 ᠤ ᠦᠳᠠ ᠶᠢᠨ ᠬᠤᠶᠢᠨ᠎ᠠ᠂ ᠪᠢᠳᠠ ᠰᠢᠯᠢᠩᠬᠤᠳᠠ ᠶᠢᠨ ᠪᠤᠯᠠᠭᠠᠨ ᠰᠤᠮᠤᠨ ᠤ ᠰᠢᠷᠠᠳᠠᠯ᠎ᠠ ᠭᠠᠴᠠᠭ᠎ᠠ ᠶᠢᠨ ᠨᠠᠶᠢᠷᠠᠮᠳᠤᠯ ᠤᠨ ᠬᠢᠨ ᠳᠤ ᠬᠦᠷᠦᠯ᠎ᠠ᠃ ᠪᠦᠰᠡᠭᠦᠢ ᠤᠷᠡᠨᠪᠢᠯᠢᠭ ᠨᠢ ᠤᠯᠠᠨ ᠬᠦᠮᠦᠨ ᠠᠴᠠ ᠪᠦᠱᠦᠭᠦᠷᠭᠡᠭᠰᠡᠨ ᠪᠤᠯᠤᠯᠳᠠᠢ ᠲᠤᠭᠤᠭᠠᠨ ᠭᠡᠷ ᠲᠡᠭᠡᠨ ᠤᠷᠤᠭᠠᠳ ᠤᠳᠠᠳᠠᠯ᠎ᠠ ᠭᠠᠷᠴᠤ ᠢᠷᠡᠭᠡ ᠦᠭᠡᠢ ᠳᠤ ᠰᠤᠷᠪᠤᠯᠵᠢᠯᠠᠭᠴᠢ ᠬᠤᠶᠢᠨ᠎ᠠ ᠠᠴᠠ ᠨᠢ ᠤᠷᠤᠪᠠᠯ ᠲᠡᠷᠡ ᠶᠠᠭ ᠬᠦᠧᠧᠯᠤ ᠲᠡᠭᠡᠨ ᠨᠡᠭᠦᠷᠡᠰᠤ ᠨᠡᠮᠡᠵᠤ ᠪᠠᠶᠢᠪᠡ᠃      — ᠭᠡᠳᠤᠢ ᠨᠡᠭᠦᠷᠡᠰᠤ ᠪᠡᠯᠡᠳᠭᠡᠭᠰᠡᠨ ᠪᠤᠢ︖      — 600 ᠲᠦᠭᠦᠷᠢᠭ ᠢᠶᠠᠷ 1 ᠲᠤᠨ ᠨᠡᠭᠦᠷᠡᠰᠤ ᠠᠪᠤᠯ᠎ᠠ᠃ ᠵᠤᠭᠤᠰ ᠢ ᠨᠢ ᠳᠡᠭᠡᠷ᠎ᠠ ᠠᠴᠠ ᠥᠭᠭᠦᠭᠰᠡᠨ᠃      — ᠨᠢᠭᠡ ᠡᠪᠤᠯ ᠬᠦᠷᠦᠨ᠎ᠠ ᠤᠤ︖      — ᠬᠦᠢᠳᠡᠨ ᠤ  ᠭᠤᠣᠯ ᠳᠤ ᠨᠡᠭᠦᠷᠡᠰᠤ ᠪᠠᠨ ᠰᠢᠳᠠᠭᠠᠵᠤ᠂ ᠦᠭᠡᠷ᠎ᠠ ᠦᠶ᠎ᠡ ᠲᠤ ᠠᠷᠭᠠᠯ ᠬᠦᠷᠵᠡᠩ ᠢᠶᠠᠨ ᠲᠦᠯᠡᠴᠢᠭᠡᠨ᠎ᠠ᠃     ᠤᠷᠡᠨᠪᠢᠯᠢᠭ ᠤᠨ ᠶᠠᠷᠢᠵᠤ ᠪᠠᠶᠢᠭ᠎ᠠ ︽ᠳᠡᠭᠡᠷ ᠠ ᠠᠴᠠ ᠦᠭᠭᠦᠭᠰᠡᠨ ᠨᠢᠭᠡ ᠲᠤᠨ ᠨᠡᠭᠦᠷᠡᠰᠤ︾ ᠪᠤᠯ ᠮᠠᠨ ᠤ ᠤᠷᠤᠨ ᠤ 2013 ᠣᠨ ᠠᠴᠠ ᠡᠬᠢᠯᠡᠵᠤ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠤᠷᠤᠨ ᠤ ᠲᠤᠤᠷ᠎ᠠ ᠤᠷᠤᠯᠭ᠎ᠠ ᠲᠠᠢ ᠤᠯᠡᠨ ᠲᠦᠮᠡᠨ ᠲᠤ ᠬᠠᠨᠭ᠍ᠭᠠᠬᠤ ︽ᠰᠡᠳᠬᠢᠯ ᠢ ᠲᠤᠯᠠᠭᠠᠯᠠᠬᠤ ᠨᠢᠭᠡ ᠲᠤᠨ ᠨᠡᠭᠦᠷᠡᠰᠤ︾ ᠪᠤᠯᠤᠨ᠎ᠠ᠃ 2014 ᠤᠨ ᠲᠤ ᠨᠠᠶᠢᠷᠠᠮᠳᠤᠯ ᠤᠨ ᠬᠢ ᠲᠠᠢ ᠠᠳᠠᠯᠢ ᠪᠠᠷ ᠪᠦᠬᠦ ᠤᠷᠤᠨ ᠳᠤ 336.7 ᠲᠦᠮᠡᠨ ᠮᠠᠯᠵᠢᠬᠤ ᠲᠠᠷᠢᠶᠠᠯᠠᠬᠤ ᠡᠷᠦᠭᠡ ᠴᠦᠮ ᠲᠤᠯᠠᠭᠠᠯᠠᠭ᠎ᠠ ᠶᠢᠨ ᠨᠡᠬᠦᠷᠡᠰᠤᠨ ᠤ 600 ᠲᠦᠭᠦᠷᠢᠭ ᠤᠨ ᠨᠦᠬᠦᠪᠤᠷᠢ ᠤᠯᠤᠭᠰᠠᠨ ᠪᠢᠯᠡ᠃      ᠶᠡᠷᠦᠩᠭᠡᠢ ᠱᠦᠵᠢ ᠰᠢ ᠶᠢᠨ ᠫᠢᠩ ᠮᠠᠨ ᠤ ᠤᠷᠤᠨ ᠢᠶᠠᠷ ᠰᠢᠨᠵᠢᠯᠡᠨ ᠪᠠᠶᠢᠴᠠᠭᠠᠬᠤ ᠳᠠᠭᠠᠨ ︽ᠮᠠᠯᠴᠢᠨ ᠲᠠᠷᠢᠶᠠᠴᠢᠨ ᠤ ᠵᠤᠯ ᠵᠢᠷᠭᠠᠯᠳᠤ ᠠᠮᠢᠳᠤᠷᠠᠯ ᠤᠨ ᠲᠤᠬᠠᠢ ᠰᠢᠨ᠎ᠠ ᠬᠦᠰᠡᠯ ᠡᠷᠡᠮᠡᠯᠵᠡᠯ ᠳᠤ ᠨᠡᠶᠢᠴᠡᠭᠦᠯᠵᠤ᠂ ᠮᠠᠯᠴᠢᠨ ᠲᠠᠷᠢᠶᠠᠴᠢᠨ ᠢ ᠬᠠᠪᠰᠤᠷᠴᠤ ᠪᠠᠶᠢᠭᠠᠳ ᠪᠤᠳᠠᠰ ᠤᠨ ᠲᠠᠯ᠎ᠠ ᠠᠴᠠ ᠤᠶᠤᠨ ᠤ ᠲᠠᠯ᠎ᠠ ᠬᠦᠷᠳᠡᠯ᠎ᠠ ᠠᠵᠤ ᠠᠮᠢᠳᠤᠷᠠᠯ ᠢ ᠨᠢ ᠨᠡᠩ ᠪᠠᠶᠠᠯᠢᠭᠵᠢᠭᠤᠯᠬᠤ ᠬᠡᠷᠡᠭᠳᠡᠢ︾ ᠭᠡᠵᠤ ᠴᠢᠩᠭᠠᠳᠬᠠᠵᠠᠢ᠃      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ 2014 ᠣᠨ ᠳᠤ ᠪᠦᠬᠦ ᠤᠷᠤᠨ ᠤ ᠡᠯ᠎ᠠ ᠱᠠᠳᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠵᠠᠷᠤᠴᠠᠭᠤᠯᠤᠭᠰᠠᠨ ᠵᠤᠭᠤᠰ 1900 ᠳ᠋ᠦᠩᠰᠢᠭᠤᠷ ᠲᠦᠬᠦᠷᠢᠭ ᠲᠤ ᠬᠦᠷᠴᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 60% ᠢ ᠡᠵᠡᠯᠡᠪᠡ᠃      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠳᠤ ︽ ᠠᠷᠪᠡ ᠶᠢ ᠪᠦᠷᠬᠦᠭᠦᠯᠭᠦ︾ ᠢᠨᠵᠧᠨᠧᠷᠢᠩ ᠳᠤ 216 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 3495 ᠭᠠᠴᠠᠭ᠎ᠠ ᠲᠤᠰᠬᠤᠨ  ᠳᠤ ︽ᠠᠷᠪᠠ ᠶᠢ ᠪᠦᠷᠭᠦᠭᠦᠯᠭᠦ︾ ᠪᠦᠳᠦᠬᠡᠨ ᠪᠠᠶᠢᠭᠤᠯᠤᠯᠳᠠ ᠶᠢᠨ ᠡᠬᠦᠷᠬᠡ ᠪᠠᠨ ᠲᠠᠭᠤᠰᠬᠠᠪᠠ      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠲᠠᠢ ᠬᠡᠷ ᠪᠦᠯᠢ ᠶᠢᠨ ᠶᠡᠭᠡ ᠲᠠᠬᠡᠳᠤ ᠰᠤᠷᠭᠠᠭᠤᠯᠢ ᠶᠢᠨ ᠣᠶᠤᠲᠠᠳ ᠲᠤ ᠵᠢᠯ ᠪᠦᠷᠢ ᠲᠦᠮᠡᠨ ᠲᠦᠬᠦᠷᠢᠭ ᠤᠨ ᠰᠤᠷᠤᠯᠭ᠎ᠠ ᠶᠢᠨ ᠨᠦᠬᠦᠪᠤᠷᠢ ᠤᠯᠭᠤᠵᠤ᠂ 18359 ᠰᠢᠨ᠎ᠠ ᠤᠶᠤᠳᠠᠨ ᠢ ᠪᠠᠶᠠᠷ ᠪᠠᠶᠠᠰᠤᠯᠳᠠᠢ ᠪᠠᠷ ᠶᠡᠭᠡ ᠲᠠᠬᠡᠳᠤ ᠰᠤᠷᠭᠠᠭᠤᠯᠢ ᠶᠢᠨ ᠠᠯᠳᠠᠨ ᠪᠤᠱᠤᠭ᠎ᠠ ᠶᠢ ᠠᠯᠬᠤᠭᠤᠯᠪᠠ᠃      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ ᠠᠵᠢᠯ ᠲᠠᠢ ᠬᠦᠮᠦᠨ ᠦᠭᠡᠢ ᠭᠡᠷ ᠪᠦᠯᠢ ᠳᠤ ᠠᠳᠠᠭ ᠲᠠᠭᠠᠨ 1 ᠬᠦᠮᠦᠨ ᠳᠤ ᠠᠵᠢᠯ ᠤᠯᠭᠤᠬᠤ ᠪᠠᠷ ᠲᠠᠮᠵᠢᠨ 962 ᠬᠡᠷ ᠪᠦᠯᠢ ᠶᠢᠨ 1067 ᠬᠦᠮᠦᠨ ᠳᠤ ᠠᠵᠢᠯ ᠤᠯᠭᠤᠪᠠ᠃      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ ᠬᠤᠳᠠ ᠪᠠᠯᠭᠠᠰᠤ ᠶᠢᠨ 27 ᠲᠦᠮᠠᠨ ᠬᠦᠮᠦᠨ ᠳᠤ ᠰᠢᠨ᠎ᠡ ᠪᠠᠷ ᠠᠵᠢᠯ ᠤᠯᠭᠤᠵᠦ᠂ 256 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠪᠠ᠃      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ ᠠᠵᠤ ᠠᠬᠤᠢᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠬᠦᠮᠦᠨ ᠲᠤᠮᠳᠠᠴᠢ ᠶᠢᠨ ᠨᠠᠰᠤᠳᠠᠨ ᠤ ᠠᠰᠠᠷᠠᠮᠵᠢ ᠶᠢ ᠰᠠᠷ᠎ᠠ ᠪᠦᠷᠢ 191 ᠲᠦᠬᠦᠷᠢᠭ ᠨᠡᠮᠡᠭᠳᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠡᠮ ᠡᠮᠨᠡᠯᠬᠡ ᠶᠢᠨ ᠲᠠᠭᠠᠳᠬᠠᠯ ᠪᠤᠯᠤᠨ ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ ᠨᠦᠬᠦᠪᠤᠷᠢ ᠶᠢᠨ ᠪᠠᠷᠢᠮᠵᠢᠶ᠎ᠠ ᠶᠢ 320 ᠲᠦᠬᠦᠷᠢᠭ ᠪᠤᠯᠭᠠᠨ ᠨᠡᠮᠡᠭᠳᠡᠬᠦᠯᠪᠡ᠃      — ᠠᠵᠤ ᠠᠮᠢᠳᠤᠷᠠᠯ ᠢ ᠨᠢ ᠨᠡᠩ ᠪᠠᠶᠠᠯᠢᠬᠵᠢᠭᠤᠯᠤᠨ᠎ᠠ᠃ 2014 ᠣᠨ ᠳᠤ ᠪᠦᠬᠦ ᠤᠷᠤᠨ ᠢᠶᠠᠷ ᠢᠶᠠᠨ ᠰᠤᠷᠭᠠᠨ ᠬᠦᠮᠦᠵᠢᠯ᠂ ᠰᠤᠶᠤᠯ᠂ ᠡᠮ ᠡᠮᠨᠡᠯᠬᠡ ᠡᠷᠡᠬᠦᠯ ᠬᠠᠮᠠᠭᠠᠯᠠᠯ᠂ ᠨᠡᠶᠢᠬᠡᠮ ᠤᠨ ᠪᠠᠳᠤᠯᠠᠪᠤᠷᠢ ᠪᠠ ᠠᠵᠢᠯ ᠤᠯᠭᠤᠯᠳᠠ ᠳᠤ ᠨᠡᠶᠢᠳᠡ 2491.2 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠤᠷᠵᠢᠨᠤᠨ ᠤ ᠬᠢ ᠠᠴᠠ 7.6% ᠢᠶᠠᠷ ᠨᠡᠮᠡᠭᠳᠡᠪᠡ᠃      ᠁      ᠡᠨᠡ ᠦᠨᠡᠬᠡᠷ ᠶᠠᠷᠢᠭᠠᠳ ᠪᠠᠷᠠᠬᠤ ᠦᠬᠡᠢ ᠬᠦᠭᠵᠢᠯᠳᠡ ᠬᠤᠪᠢᠷᠠᠯᠳᠠ᠂ ᠲᠤᠭᠠᠴᠢᠭᠠᠳ ᠪᠠᠷᠠᠬᠤ ᠦᠬᠡᠢ ᠤᠮᠤᠭᠰᠢᠯ ᠪᠠᠶᠠᠰᠤᠯ ᠡ᠃                       ᠰᠠᠶᠢᠨ ᠶᠠᠪᠤᠳᠠᠯ ᠢ ᠰᠠᠶᠢᠬᠠᠨ ᠪᠠᠶᠡᠯᠡᠬᠦᠯᠦᠨ᠎ᠠ      2014 ᠣᠨ ᠪᠤᠯ ᠮᠠᠨ ᠤ ᠤᠷᠤᠨ ᠤ ᠠᠷᠠᠳ ᠤᠨ ᠠᠮᠢᠳᠤᠷᠠᠯ ᠳᠤ ᠬᠠᠮᠤᠭ ᠶᠡᠭᠡ ᠪᠡᠯᠡ ᠤᠷᠤᠭᠤᠯᠤᠭᠰᠡᠨ ᠨᠢᠭᠡ ᠵᠢᠯ ᠶᠤᠮᠰᠠᠨ᠃ ᠵᠦᠪᠭᠡᠨ ᠶᠠᠳᠠᠭᠤ  ᠶᠢ ᠳᠡᠳᠭᠦᠨ ᠨᠡᠭᠡᠭᠡᠨ ᠬᠦᠭᠵᠢᠭᠦᠯᠭᠦ  ᠳᠤ 100 ᠳ᠋ᠦᠩᠰᠢᠭᠤᠷ ᠲᠦᠭᠦᠷᠢᠭ ᠤᠨ ᠤᠷᠤᠭᠤᠯᠤᠭᠰᠠᠨ ᠠᠵᠢ᠃      ᠶᠡᠷᠦᠩᠭᠡᠢ ᠱᠦᠵᠢ ᠰᠢ ᠶᠢᠨ ᠫᠢᠩ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠳᠠᠭᠠᠨ ︽ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ ᠭᠡᠳᠦᠢ ᠠᠷᠪᠢᠨ ᠪᠤᠯ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠡᠷᠭᠡ ᠪᠠ ᠡᠬᠢ ᠪᠠᠶᠠᠯᠢᠭ ᠤᠯᠡᠮ ᠶᠡᠭᠡ ᠪᠤᠯᠳᠠᠭ᠃ ᠡᠶᠢᠮᠤ ᠠᠴᠠ ᠠᠵᠢᠯ ᠤᠨ ᠲᠤᠬᠳᠠᠴᠠ ᠪᠠᠨ ᠲᠠᠬᠦᠯᠳᠡᠷᠵᠢᠬᠦᠯᠦᠨ ᠳᠦᠷᠢᠮᠵᠢᠬᠦᠯᠵᠤ᠂ ᠬᠠᠷᠢᠭᠤᠴᠠᠯᠭᠠᠳᠤ ᠰᠡᠳᠬᠢᠯᠭᠡ ᠪᠠᠨ ᠴᠢᠩᠭᠠᠳᠬᠠᠨ ᠰᠠᠶᠢᠨ ᠶᠠᠪᠤᠳᠠᠯ ᠢ ᠰᠠᠶᠢᠬᠠᠨ ᠪᠡᠶᠡᠯᠡᠭᠦᠯᠭᠦ ᠬᠡᠷᠡᠭᠳᠡᠢ︾ ᠭᠡᠵᠤ ᠴᠢᠬᠤᠯᠠᠴᠢᠯᠠᠭᠰᠡᠨ ᠪᠠᠶᠢᠨ᠎ᠠ᠃      — ᠰᠠᠶᠢᠨ ᠶᠠᠪᠤᠳᠠᠯ ᠢ ᠰᠠᠶᠢᠬᠠᠨ ᠪᠠᠶᠡᠯᠡᠬᠦᠯᠦᠨ᠎ᠠ᠃ ᠮᠠᠨ ᠤ ᠤᠷᠤᠨ ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠬᠦᠯᠤᠨ ︽ᠲᠤᠮᠳᠠᠳᠤ ᠪᠠᠭ᠎ᠠ ᠰᠤᠷᠭᠠᠭᠤᠯᠢ ᠶᠢᠨ ᠬᠡᠷ ᠪᠠᠶᠢᠰᠢᠩ ᠤᠨ ᠠᠶᠤᠯᠬᠦᠢ ᠶᠢᠨ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢᠨ ᠲᠤᠬᠠᠢ ᠬᠡᠷᠡᠭᠵᠢᠬᠦᠯᠬᠦ ᠰᠠᠨᠠᠯ︾ ᠢ ᠪᠠᠭᠤᠯᠭᠠᠵᠤ᠂ ᠰᠤᠷᠭᠠᠭᠤᠯᠢ ᠶᠢᠨ ᠬᠡᠷ ᠪᠠᠶᠢᠰᠢᠩ ᠤᠨ ᠠᠶᠤᠯᠬᠦᠢ ᠶᠢᠨ ᠣᠨ ᠤ ᠪᠠᠶᠢᠴᠠᠭᠠᠯᠳᠠ ᠶᠢᠨ ᠲᠦᠷᠢᠮ ᠢ ᠶᠠᠪᠤᠭᠳᠠᠭᠤᠯᠤᠯ᠎ᠠ᠃      — ᠰᠠᠶᠢᠨ ᠶᠠᠪᠤᠳᠠᠯ ᠢ ᠰᠠᠶᠢᠬᠠᠨ ᠪᠠᠶᠡᠯᠡᠬᠦᠯᠦᠨ᠎ᠠ᠃ ᠮᠠᠨ ᠤ ᠤᠷᠤᠨ ᠤ ᠡᠮ ᠡᠮᠨᠡᠯᠬᠡ ᠶᠢᠨ ᠦᠬᠡᠷᠡᠴᠢᠯᠡᠯᠳᠡ ᠶᠢᠨ ᠠᠯᠬᠤᠭ᠎ᠠ ᠪᠠᠨ ᠲᠦᠷᠬᠡᠳᠬᠡᠨ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠵᠢᠱᠢᠶ᠎ᠠ ᠦᠵᠡᠬᠦᠯᠬᠦ ᠴᠢᠬ ᠢ ᠦᠷᠬᠡᠳᠬᠡᠵᠤ᠂ ᠡᠮ ᠢᠶᠠᠷ ᠡᠮᠨᠡᠯᠬᠡ ᠶᠢ ᠨᠦᠬᠦᠪᠤᠷᠢᠯᠡᠬᠦ ᠶᠢ ᠲᠡᠪᠴᠢᠨ ᠰᠢᠨᠵᠢᠯᠡᠬᠦ ᠤᠬᠠᠭᠠᠨᠴᠢ ᠨᠦᠬᠦᠪᠤᠷᠢ ᠶᠢᠨ ᠲᠤᠭᠳᠠᠴᠠ ᠶᠢ ᠪᠠᠶᠢᠭᠤᠯᠤᠯ᠎ᠠ᠃      — ᠰᠠᠶᠢᠨ ᠶᠠᠪᠤᠳᠠᠯ ᠢ ᠰᠠᠶᠢᠬᠠᠨ ᠪᠠᠶᠡᠯᠡᠬᠦᠯᠦᠨ᠎ᠠ᠃ ᠮᠠᠨ ᠤ ᠤᠷᠤᠨ ᠨᠡᠶᠢᠬᠡᠮ ᠤᠨ ᠪᠠᠳᠤᠯᠠᠭ᠎ᠠ ᠶᠢᠨ ᠲᠦᠷᠢᠮ ᠳᠡᠭᠡᠨ ᠦᠬᠡᠷᠡᠴᠢᠯᠡᠵᠤ ᠰᠢᠨ᠎ᠡ ᠶᠢ ᠡᠬᠦᠳᠬᠦ ᠰᠢᠨ᠎ᠠ ᠲᠠᠪᠠᠯᠳᠠ ᠶᠢ ᠪᠠᠶᠡᠯᠡᠬᠦᠯᠵᠤ᠂ 17 ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ᠂ ᠬᠤᠯᠪᠤᠭᠠᠳᠤ ᠬᠤᠷᠠᠯ ᠤᠨ ᠳᠦᠷᠢᠮ ᠪᠤᠯᠤᠨ 6 ᠲᠦᠷᠦᠯ ᠤᠨ ᠠᠵᠢᠯ ᠤᠨ ᠲᠤᠭᠳᠠᠴᠠ ᠶᠢ ᠪᠤᠢ ᠪᠤᠯᠭᠠᠯ᠎ᠠ᠃      — ᠰᠠᠶᠢᠨ ᠶᠠᠪᠤᠳᠠᠯ ᠢ ᠰᠠᠶᠢᠬᠠᠨ ᠪᠠᠶᠡᠯᠡᠬᠦᠯᠦᠨ᠎ᠠ᠃ ᠠᠭᠤᠵᠢᠮ ᠪᠠᠭᠳᠠᠭᠠᠮᠵᠢᠳᠠᠢ ᠵᠤᠷᠢᠬᠵᠢᠭᠤᠯᠤᠯ ᠤᠨ ᠲᠦᠷᠦ ᠶᠢᠨ ᠪᠤᠳᠤᠯᠭ᠎ᠠ ᠨᠢ ᠠᠷᠠᠳ ᠤᠯᠠᠨ ᠤ ᠦᠢᠯᠡᠰ ᠪᠦᠳᠦᠬᠡᠬᠦ ᠢᠳᠡᠪᠬᠢᠵᠢᠯ ᠢ ᠲᠠᠶᠢᠴᠢᠯᠠᠭᠰᠠᠨ ᠮᠦᠷᠳᠡᠬᠡᠨ ᠨᠡᠩ ᠤᠯᠠᠨ ᠬᠦᠮᠦᠨ ᠳᠤ ᠠᠵᠢᠯ ᠤᠯᠭᠤᠪᠠ᠃ 2014 ᠣᠨ ᠳᠤ ᠮᠠᠨ ᠤ ᠤᠷᠤᠨ ᠨᠡᠶᠢᠳᠡ 3.7 ᠲᠦᠮᠡᠨ ᠬᠤᠪᠢ ᠦᠢᠯᠡᠰ ᠪᠤᠰᠬᠠᠬᠤ ᠵᠢᠬᠡᠯᠡᠯᠬᠡ ᠲᠠᠷᠬᠠᠭᠠᠨ ᠬᠤᠪᠢ ᠨᠢᠬᠡᠪᠤᠷᠢ ᠶᠢᠨ ᠵᠢᠬᠡᠯᠡᠯᠬᠡ ᠲᠤᠮᠳᠠᠴᠢ ᠪᠠᠷ 6 ᠲᠦᠮᠡᠨ ᠲᠦᠬᠦᠷᠢᠭ ᠢ ᠲᠠᠪᠠᠵᠤ᠂ ᠦᠢᠯᠡᠰ ᠪᠤᠰᠬᠠᠬᠤ ᠪᠠᠷ ᠲᠠᠮᠵᠢᠨ 16.3 ᠲᠦᠮᠡᠨ ᠬᠦᠮᠦᠨ ᠳᠤ ᠠᠵᠢᠯ ᠤᠯᠭᠤᠯ᠎ᠠ᠃      — ᠰᠠᠶᠢᠨ ᠶᠠᠪᠤᠳᠠᠯ ᠢ ᠰᠠᠶᠢᠬᠠᠨ ᠪᠠᠶᠡᠯᠡᠬᠦᠯᠦᠨ᠎ᠠ᠃ ᠮᠠᠨ ᠤ ᠤᠷᠤᠨ ᠰᠢᠨ᠎ᠠ ᠶᠢ ᠡᠬᠦᠳᠦᠭᠰᠡᠨ ᠲᠦᠷᠢᠮ ᠲᠤᠭᠳᠠᠴᠠ ᠪᠠᠷ ᠶᠠᠳᠠᠭᠤ ᠶᠢ ᠲᠡᠳᠬᠦᠨ ᠨᠡᠬᠡᠬᠡᠨ ᠬᠦᠭᠵᠢᠬᠦᠯᠬᠦ ᠠᠵᠢᠯ ᠢ ᠤᠤᠯ ᠤᠨ ︽ᠪᠢᠯᠬᠠᠭᠤᠯᠤᠨ ᠤᠰᠤᠯᠠᠵᠤ︾ ᠪᠠᠶᠢᠭᠰᠠᠨ ᠠᠴᠠ ︽ᠲᠤᠰᠤᠯᠭᠠᠨ ᠤᠰᠤᠯᠠᠬᠤ︾ ᠪᠤᠯᠭᠠᠨ ᠬᠤᠪᠢᠷᠠᠭᠤᠯᠵᠤ᠂ ᠤᠨᠤᠪᠴᠢ ᠶᠢᠨ ᠬᠡᠮᠵᠢᠶ᠎ᠠ ᠶᠢ ᠶᠡᠬᠡᠪᠡᠷ ᠲᠠᠬᠡᠭᠰᠢᠯᠡᠬᠦᠯᠪᠡ᠃  2014 ᠣᠨ ᠳᠤ ᠦᠪᠡᠷᠳᠡᠬᠡᠨ ᠵᠠᠰᠠᠬᠤ ᠤᠷᠤᠨ ᠠᠴᠠ ᠤᠤᠯ ᠤᠨ 13 ᠵᠦᠢᠯ ᠤᠨ ᠶᠠᠳᠠᠭᠤ ᠶᠢ ᠲᠡᠳᠬᠦᠬᠦ ᠲᠦᠷᠦᠯ ᠵᠦᠢᠯ ᠢ ︽ᠭᠤᠷᠪᠡ ᠶᠢ ᠭᠠᠴᠠᠭ᠎ᠠ ᠲᠤᠰᠬᠤᠨ ᠪᠡ ᠡᠷᠦᠭᠡ ᠲᠤ ᠬᠦᠷᠭᠡᠨ︾ ᠤᠨᠢᠨ ᠲᠠᠬᠡᠷ᠎ᠠ ᠨᠢ ᠶᠠᠳᠠᠭᠤ ᠶᠢ ᠲᠡᠳᠬᠦᠬᠦ ᠵᠡᠷᠬᠡ 4 ᠪᠤᠯᠭᠠᠨ ᠨᠡᠶᠢᠳᠬᠡᠵᠤ᠂ ᠬᠤᠷᠢᠨ ᠵᠢᠯ ᠤᠨ ᠲᠤᠷᠰᠢᠳᠠ ᠬᠡᠷᠡᠭᠵᠢᠬᠦᠯᠦᠭᠰᠡᠬᠡᠷ ᠢᠷᠡᠭᠰᠡᠨ ᠶᠠᠳᠠᠭᠤ ᠶᠢ ᠲᠡᠳᠬᠦᠬᠦ ᠲᠦᠷᠦᠯ ᠵᠦᠢᠯ ᠢ ᠵᠠᠪᠠᠯ ᠦᠪᠡᠷᠳᠡᠬᠡᠨ ᠵᠠᠰᠠᠬᠤ ᠤᠷᠤᠨ ᠠᠴᠠ ᠬᠢᠨᠠᠨ ᠵᠦᠪᠰᠢᠶᠡᠷᠡᠬᠦᠯᠵᠤ ᠪᠠᠶᠢᠭᠰᠠᠨ ᠲᠡᠤᠬᠡ ᠶᠢ ᠡᠴᠦᠰᠯᠡᠬᠦᠯᠦᠭᠰᠡᠨ ᠪᠢᠯᠡ᠃      ᠦᠡᠭᠭᠡᠷᠡᠭᠰᠡᠨ ᠨᠢᠭᠡ ᠵᠢᠯ ᠲᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ  ᠶᠢ ᠲᠤᠤᠱᠯᠠᠭᠤᠯᠤᠨ ︽8337︾ ᠬᠦᠭᠵᠢᠯᠳᠠ ᠶᠢᠨ ᠰᠡᠳᠬᠢᠴᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ᠠᠷᠠᠳ ᠢ ᠪᠠᠶᠠᠵᠢᠭᠤᠯᠬᠤ ᠪᠠᠷ ᠠᠵᠢᠯ ᠤᠨ ᠤᠳᠤᠷᠢᠳᠤᠮᠵᠢ ᠪᠠᠨ ᠪᠤᠯᠭᠠᠨ ᠠᠷᠠᠳ ᠲᠦᠮᠡᠨ ᠤ ᠬᠠᠮᠤᠭ ᠤᠨ ᠬᠠᠯᠠᠮᠵᠢᠯᠠᠵᠤ ᠪᠠᠶᠢᠭ᠎ᠠ ᠪᠠ ᠠᠷᠠᠳ ᠤᠯᠡᠨ ᠤ ᠠᠰᠢᠭ ᠲᠤᠰᠠ ᠲᠠᠢ ᠰᠢᠭᠤᠳ ᠬᠤᠯᠪᠤᠬᠳᠠᠬᠤ ᠠᠰᠠᠭᠤᠳᠠᠯ ᠢ ᠠᠯᠢᠪᠠ ᠠᠵᠢᠯ ᠤᠨ ᠢᠶᠠᠨ ᠭᠤᠤᠯᠳᠠᠯᠭ᠎ᠠ ᠪᠤᠯᠭᠠᠨ ᠬᠦᠴᠦᠯᠡᠨ ᠰᠢᠢᠳᠪᠤᠷᠢᠯᠡᠭᠰᠡᠨ ᠠᠴᠠ ᠦᠨᠳᠦᠰᠦᠳᠡᠨ ᠨᠦᠬᠦᠳ ᠤᠨ ᠠᠷᠠᠳ ᠲᠦᠮᠡᠨ ᠵᠤᠯ ᠵᠢᠷᠭᠠᠯ ᠲᠠᠢ ᠠᠮᠢᠳᠤᠷᠠᠭᠰᠠᠨ ᠦᠵᠡᠮᠵᠢ ᠶᠢᠨ ᠤᠷᠤᠨ ᠬᠠᠷᠠᠭᠠᠨ ᠳᠤ ᠰᠦᠮᠡᠯᠵᠡᠵᠤ᠂ ᠠᠭᠤᠳᠠᠮ ᠲᠠᠯ᠎ᠠ ᠳᠤ ᠠᠮᠢᠳᠤᠷᠠᠯ ᠤᠨ ᠮᠦᠰᠢᠶᠡᠯ ᠪᠢᠯᠬᠠᠯ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号