ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠡᠵᠡᠩᠨᠡᠯᠲᠡ ᠶᠢᠨ ᠬᠢᠷᠢ ᠬᠡᠮ ᠤᠨ ᠵᠦᠪᠰᠢᠶᠡᠷᠡᠯ
ᠨᠡᠶᠢᠲᠡᠯᠡᠭᠰᠡᠨ ᠴᠠᠭ᠄
2015/2/4
     ᠭᠤᠶᠤᠴᠢᠯᠠᠯ ᠤᠨ ᠨᠥᠬᠦᠴᠡᠯ᠄      ᠨᠢᠭᠡ᠂ ᠬᠠᠦᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠬᠠᠦᠯᠢ ᠶᠢᠨ ᠡᠷᠬᠡᠲᠡᠨ᠂  ᠭᠤᠷᠪᠠᠨ ᠵᠢᠯ ᠠᠴᠠ ᠳᠡᠭᠡᠭᠰᠢ ᠳᠠᠩᠰᠠᠯᠠᠭᠤᠯᠬᠤ ᠳᠤ᠂ ᠳᠠᠩᠰᠠᠯᠠᠭᠤᠯᠬᠤ  ᠬᠦᠷᠦᠩᠬᠡ ᠮᠥᠩᠭᠦ ᠨᠢ 500 ᠲᠦᠮᠡᠨ ᠲᠥᠭᠦᠷᠢᠭ ᠤᠨ ᠠᠷᠠᠳ ᠤᠨ ᠵᠣᠭᠤᠰ ᠠᠴᠠ ᠳᠤᠲᠠᠭᠤ ᠦᠭᠡᠢ᠂ ᠳᠤᠮᠳᠠᠳᠤ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ 300 ᠲᠦᠮᠡᠨ ᠲᠥᠭᠦᠷᠢᠭ ᠤᠨ ᠠᠷᠠᠳ ᠤᠨ ᠵᠣᠭᠤᠰ ᠠᠴᠠ ᠳᠤᠲᠠᠭᠤ ᠦᠭᠡᠢ ᠪᠠᠶᠢᠬᠤ᠃      ᠬᠤᠶᠠᠷ᠂ ᠨᠡᠯᠢᠶᠡᠳ ᠡᠵᠡᠩᠨᠡᠯᠲᠡ ᠶᠢᠨ ᠴᠢᠳᠠᠪᠤᠷᠢ ᠲᠠᠢ᠂ ᠬᠥᠷᠥᠩᠭᠡ ᠶᠢᠨ ᠦᠷᠢᠳᠤᠯ ᠤᠨ ᠨᠤᠷᠮ᠎ᠠ ᠨᠢ 50% ᠳᠤ ᠬᠦᠷᠬᠦ ᠦᠭᠡᠢ᠂ ᠡᠷᠡᠭᠦᠯ ᠪᠣᠰᠤ ᠦᠢᠯᠡ ᠠᠵᠢᠯᠯᠠᠭ᠎ᠠ ᠶᠢᠨ ᠲᠡᠮᠳᠡᠭᠯᠡᠯ ᠦᠬᠡᠢ ᠪᠠᠶᠢᠬᠤ᠃      ᠭᠤᠷᠪᠠ᠂ ᠲᠣᠭᠲᠠᠮᠠᠯ ᠡᠵᠡᠩᠨᠡᠯᠲᠡ ᠶᠢᠨ ᠲᠠᠯᠠᠪᠤᠷ ᠲᠠᠢ ᠪᠠᠶᠢᠵᠤ᠂  ᠠᠯᠪᠠᠯᠠᠬᠤ ᠲᠠᠯᠠᠪᠠᠢ ᠨᠢ 300 ᠲᠡᠭᠰᠢ ᠳᠥᠷᠪᠡᠯᠵᠢᠨ ᠮᠧᠲᠷ ᠠᠴᠠ ᠳᠤᠲᠠᠭᠤ ᠦᠭᠡᠢ ᠪᠠᠶᠢᠬᠤ᠃      ᠳᠦᠷᠪᠡ᠂ ᠪᠦᠷᠢᠨ ᠲᠦᠬᠦᠷ ᠬᠠᠮᠢᠶᠠᠷᠤᠯᠲᠠ ᠶᠢᠨ ᠳᠦᠷᠢᠮ ᠲᠠᠢ ᠪᠠᠶᠢᠵᠦ᠂ ISO9000 ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ ᠳᠠᠮᠵᠢᠭᠰᠠᠨ ᠪᠠᠶᠢᠬᠤ  ᠃      ᠲᠠᠪᠤ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠪᠡᠯᠡᠳᠬᠡᠯ ᠮᠥᠩᠭᠦ ᠶᠢ ᠭᠦᠢᠴᠡᠳ ᠲᠤᠭ᠎ᠠ ᠪᠠᠷ ᠲᠤᠰᠢᠶᠠᠵᠤ ᠳᠡᠶᠢᠯᠬᠦ ᠴᠢᠳᠠᠪᠤᠷᠢ ᠲᠠᠢ ᠪᠠᠶᠢᠬᠤ᠃      ᠵᠢᠷᠭᠤᠭ᠎ᠠ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠪᠣᠶᠤ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠤᠯᠡ ᠲᠠᠢ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠲᠤᠰᠬᠠᠢ ᠮᠡᠷᠭᠡᠵᠢᠯ ᠤᠨ ᠠᠵᠢᠯᠲᠠᠨ ᠲᠠᠪᠤ ᠠᠴᠠ ᠳᠤᠲᠠᠭᠤ ᠦᠭᠡᠢ ᠪᠠᠶᠢᠵᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠨ ᠬᠠᠮᠢᠶᠠᠷᠬᠤ ᠪᠠ ᠡᠳ᠋ ᠤᠨ ᠶᠠᠪᠤᠳᠠᠯ ᠤᠨ ᠠᠵᠢᠯᠲᠠᠨ ᠴᠦᠮ ᠬᠤᠶᠠᠷ ᠠᠴᠠ ᠳᠤᠲᠠᠭᠤ ᠦᠭᠡᠢ ᠪᠠᠶᠢᠵᠤ᠂ ᠬᠠᠦᠯᠢ ᠶᠢᠨ ᠠᠵᠢᠯᠲᠠᠨ ᠶᠠᠳᠠᠬᠤ ᠳᠠᠭᠠᠨ ᠨᠢᠭᠡ ᠪᠠᠶᠢᠬᠤ᠃      ᠳᠤᠯᠤᠭ᠎ᠠ᠂ ᠵᠠᠬ᠎ᠠ ᠳᠡᠯᠭᠡᠭᠦᠷ ᠤᠨ ᠨᠡᠬᠡᠬᠡᠯᠲᠡ ᠶᠢᠨ ᠵᠤᠬᠢᠴᠠᠩᠭᠤᠢ ᠴᠢᠳᠠᠪᠤᠷᠢ ᠪᠠ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢᠨ ᠴᠢᠳᠠᠪᠤᠷᠢ ᠲᠠᠢ ᠪᠠᠶᠢᠬᠤ᠃      ᠨᠠᠢᠮᠠ᠂ ᠵᠣᠬᠢᠬᠤ ᠠᠵᠢᠯ ᠤᠨ ᠰᠠᠭᠤᠷᠢ ᠲᠠᠢ ᠪᠠᠶᠢᠵᠦ᠂ ᠣᠶᠢᠷ᠎ᠠ ᠶᠢᠨ ᠭᠤᠷᠪᠠᠨ ᠵᠢᠯ ᠳᠤ ᠭᠠᠳᠠᠭᠠᠳᠤ  ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠡᠵᠡᠩᠨᠡᠯᠲᠡ ᠶᠢᠨ ᠬᠢᠷᠢ ᠬᠡᠮ ᠪᠥᠬᠦᠢ ᠠᠵᠤ ᠠᠬᠤᠶᠢᠯᠠᠯ  ᠳᠤ ᠭᠠᠳᠠᠭᠰᠢ ᠲᠣᠮᠢᠯᠠᠬᠤ ᠬᠥᠳᠡᠯᠮᠦᠷᠢ ᠦᠢᠯᠡᠴᠢᠯᠡᠭᠡᠨ ᠤ ᠠᠵᠢᠯᠲᠠᠨ ᠢ 300 ᠬᠥᠮᠦᠨ ᠠᠴᠠ ᠳᠤᠲᠠᠭᠤ ᠦᠭᠡᠢ ᠬᠠᠩᠭᠠᠭᠰᠠᠨ ᠪᠠᠶᠢᠬᠤ  ᠃      ᠭᠤᠶᠤᠴᠢᠯᠠᠯ ᠤᠨ ᠮᠠᠲ᠋ᠧᠷᠢᠶᠠᠯ᠄      ᠨᠢᠭᠡ᠂ ᠠᠵᠤ ᠠᠬᠤᠶᠢᠯᠠᠯ ᠤᠨ ᠭᠤᠶᠤᠴᠢᠯᠠᠯ ᠤᠨ ᠮᠡᠳᠡᠭᠦᠯᠦᠯᠲᠡ᠃      ᠬᠤᠶᠠᠷ᠂ ᠠᠵᠤ ᠠᠬᠤᠶᠢᠯᠠᠯ ᠤᠨ ᠬᠠᠦᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ᠂ ᠪᠠᠩᠭᠢ ᠶᠢᠨ ᠬᠥᠷᠥᠩᠭᠡ ᠢᠲᠡᠬᠡᠮᠵᠢ ᠶᠢᠨ ᠭᠡᠷᠡᠴᠢ ᠶᠢᠨ ᠡᠬᠡ ᠮᠠᠲ᠋ᠧᠷᠢᠶᠠᠯ᠃      ᠭᠤᠷᠪᠠ᠂ ᠨᠢᠭᠲᠠᠯᠠᠨ ᠪᠣᠳᠣᠬᠤ ᠬᠡᠷᠡᠭ ᠶᠠᠪᠤᠳᠠᠯ ᠤᠨ ᠭᠠᠵᠠᠷ ᠠᠴᠠ ᠤᠯᠭᠤᠭᠰᠠᠨ ᠠᠵᠤ ᠠᠬᠤᠶᠢᠯᠠᠯ ᠤᠨ ᠬᠡᠷᠬᠡᠮ ᠢ ᠨᠢ ᠰᠢᠯᠭᠠᠭᠰᠠᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠣᠨ ᠤ ᠮᠡᠳᠡᠭᠦᠯᠦᠯᠲᠡ᠂ ᠬᠥᠷᠥᠩᠭᠡ ᠶᠢᠨ ᠦᠷᠢᠳᠤᠯ ᠤᠨ ᠬᠥᠰᠥᠨᠦᠭᠲᠦ ᠶᠢᠨ ᠬᠠᠭᠤᠯᠪᠤᠷᠢ᠂ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠠᠴᠠ ᠤᠯᠭᠤᠭᠰᠠᠨ ᠭᠠᠶᠢᠯᠢ  ᠪᠦᠷᠢᠨ ᠲᠤᠰᠢᠶᠠᠭᠰᠠᠨ ᠭᠡᠷᠡᠴᠢ ᠶᠢᠨ ᠡᠬᠡ ᠮᠠᠲ᠋ᠧᠷᠢᠶᠠᠯ  ᠃      ᠲᠦᠷᠪᠠ᠂ ᠡᠵᠡᠩᠨᠡᠯᠲᠡ ᠶᠢᠨ ᠲᠠᠯᠠᠪᠤᠷ ᠤᠨ ᠥᠮᠴᠢᠯᠡᠬᠦ ᠡᠷᠬᠡ ᠶᠢᠨ ᠭᠡᠷᠡᠴᠢ ᠪᠣᠶᠤ ᠲᠣᠭᠲᠠᠮᠠᠯ ᠲᠠᠯᠠᠪᠤᠷ ᠲᠦᠷᠢᠶᠡᠰᠦᠯᠡᠭᠰᠡᠨ ᠭᠡᠷᠡᠴᠢ ᠶᠢᠨ ᠡᠬᠡ ᠮᠠᠲ᠋ᠧᠷᠢᠶᠠᠯ᠃      ᠲᠠᠪᠤ᠂ ᠺᠣᠮᠫᠠᠨᠢ ᠶᠢᠨ ᠳᠦᠷᠢᠮ᠂ ᠡᠵᠡᠩᠨᠡᠯᠲᠡ ᠬᠠᠮᠢᠶᠠᠷᠤᠯᠲᠠ ᠶᠢᠨ ᠳᠦᠷᠢᠮ᠂ ISO ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠦᠨᠡᠮᠯᠡᠯ ᠤᠨ ᠬᠠᠭᠤᠯᠪᠤᠷᠢ᠃      ᠵᠢᠷᠭᠤᠭ᠎ᠠ᠂ ᠬᠠᠮᠢᠶ᠎ᠡ ᠪᠥᠬᠦᠢ ᠲᠤᠰᠬᠠᠢ ᠮᠡᠷᠭᠡᠵᠢᠯ ᠤᠨ ᠠᠵᠢᠯᠲᠠᠨ ᠤ ᠦᠨᠡᠮᠯᠡᠯ ᠤᠨ ᠬᠠᠭᠤᠯᠪᠤᠷᠢ᠃      ᠳᠤᠯᠤᠭ᠎ᠠ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠶᠢ ᠥᠷᠨᠢᠭᠦᠯᠬᠦ ᠤᠯᠤᠰ ᠤᠨ ᠢᠯᠭᠠᠯ ᠪᠣᠯᠣᠨ ᠭᠠᠵᠠᠷ ᠣᠷᠣᠨ ᠤ ᠪᠣᠯᠣᠮᠵᠢᠲᠤ ᠮᠡᠳᠡᠭᠦᠯᠦᠯᠲᠡ᠃      ᠨᠠᠢᠮᠠ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠡᠵᠡᠩᠨᠡᠯᠲᠡ ᠶᠢᠨ ᠬᠢᠷᠢ ᠬᠡᠮ ᠪᠥᠬᠦᠢ ᠠᠵᠤ ᠠᠬᠤᠶᠢᠯᠠᠯ ᠠᠴᠠ ᠤᠯᠭᠤᠭᠰᠠᠨ ᠭᠠᠳᠠᠭᠰᠢ ᠲᠣᠮᠢᠯᠠᠬᠤ ᠬᠥᠳᠡᠯᠮᠦᠷᠢ ᠦᠢᠯᠡᠴᠢᠯᠡᠭᠡᠨ ᠤ ᠠᠵᠢᠯᠲᠠᠨ ᠬᠠᠩᠭᠠᠭᠰᠠᠨ ᠲᠤᠭ᠎ᠠ ᠶᠢᠨ ᠭᠡᠷᠡᠴᠢ ᠶᠢᠨ ᠡᠬᠡ ᠮᠠᠲ᠋ᠧᠷᠢᠶᠠᠯ᠃      ᠶᠢᠰᠤ᠂ ᠬᠠᠦᠯᠢ ᠴᠠᠭᠠᠵᠠ ᠬᠠᠦᠯᠢ ᠲᠣᠭᠲᠠᠭᠠᠯ ᠳᠤ ᠱᠠᠭᠠᠷᠳᠠᠭᠰᠠᠨ ᠪᠣᠰᠤᠳ ᠮᠠᠲ᠋ᠧᠷᠢᠶᠠᠯ᠃        ᠭᠤᠶᠤᠴᠢᠯᠠᠯ ‍ᠤᠨ‌‍ᠲ᠋ᠡᠰ ᠳᠠᠷᠠᠭᠠᠯᠠᠯ᠄      ᠨᠢᠬᠡ᠂ ᠠᠵᠤ ᠠᠬᠤᠶᠢᠯᠠᠯ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠡᠵᠡᠩᠨᠡᠯᠲᠡ ᠶᠢᠨ ᠬᠢᠷᠢ ᠬᠡᠮ ᠭᠤᠶᠤᠴᠢᠯᠠᠬᠤ ᠳᠤ᠂ ᠳᠠᠩᠰᠠᠯᠠᠭᠤᠯᠤᠭᠰᠠᠨ ᠭᠠᠵᠠᠷ ᠤᠨ ᠢᠶᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠡ ᠬᠤᠲᠠ ᠪᠣᠶᠤ ᠲᠦᠯᠤᠪᠯᠡᠭᠡ ᠳᠤ ᠠᠰᠳᠠᠭᠠᠨ ᠵᠢᠭᠰᠠᠭᠠᠭᠰᠠᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠢᠶᠠᠷ ᠭᠤᠶᠤᠴᠢᠯᠠᠨ᠎ᠠ᠃      ᠬᠤᠶᠠᠷ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠵᠤ ᠠᠬᠤᠶᠢᠯᠠᠯ ᠤᠨ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠪᠠᠨ ᠲᠠᠷᠠᠭ᠎ᠠ᠂10 ᠠᠵᠢᠯ ᠤᠨ ᠡᠳᠦᠷ ᠤᠨ ᠲᠣᠲᠣᠷ᠎ᠠ ᠠᠩᠬᠠᠨ ᠤ ᠬᠢᠨᠠᠯᠳᠠ ᠬᠢᠬᠦ ᠶᠢᠨ ᠬᠠᠮᠳᠤ᠂ ᠠᠩᠬ᠎ᠠ ᠬᠢᠨᠠᠯᠳᠠ ᠶᠢᠨ ᠰᠠᠨᠠᠯ ᠢᠶᠠᠨ ᠠᠵᠤ ᠠᠬᠤᠶᠢᠯᠠᠯ ᠤᠨ ᠪᠥᠬᠦ ᠭᠤᠶᠤᠴᠢᠯᠠᠯ ᠤᠨ ᠮᠠᠲ᠋ᠧᠷᠢᠶᠠᠯ ᠲᠠᠢ ᠬᠠᠮᠲᠤ ᠳᠤᠨᠢ ᠬᠤᠳᠠᠯᠳᠤᠭᠠᠨ ᠤ ᠶᠠᠪᠤᠳᠠᠯ ᠤᠨ ᠶᠠᠮᠤᠨ  ᠳᠤ ᠮᠡᠳᠡᠬᠦᠯᠤᠨ᠎ᠠ᠃      ᠭᠤᠷᠪᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠨᠢ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠠᠩᠬ᠎ᠠ ᠬᠢᠨᠠᠯᠳᠠ ᠶᠢᠨ ᠰᠠᠨᠠᠯ ᠪᠠ ᠠᠵᠤ ᠠᠬᠤᠶᠢᠯᠠᠯ ᠤᠨ ᠪᠥᠬᠦ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠪᠠᠨ ᠳᠠᠷᠠᠭ᠎ᠠ᠂ 15 ᠠᠵᠢᠯ ᠤᠨ ᠡᠳᠦᠷ ᠤᠨ ᠲᠣᠲᠣᠷ᠎ᠠ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠡᠵᠡᠩᠨᠡᠯᠲᠡ ᠶᠢᠨ ᠬᠢᠷᠢ ᠬᠡᠮ ᠢ  ᠨᠢ ᠵᠦᠪᠰᠢᠶᠡᠷᠡᠬᠦ ᠡᠰᠡᠬᠦ ᠶᠢᠨ ᠴᠤᠬᠤᠯᠠᠪᠤᠷᠢ ᠦᠭᠴᠤ᠂ ᠬᠠᠮᠢᠶ᠎ᠠ ᠪᠥᠬᠦᠢ ᠰᠠᠯᠠᠭ᠎ᠠ ᠮᠦᠴᠢᠷ ᠲᠤ ᠬᠠᠭᠤᠯᠤᠨ ᠬᠦᠷᠭᠡᠨ᠎ᠡ᠃  ᠵᠦᠪᠰᠢᠶᠡᠷᠡᠭᠰᠡᠨ ᠦᠭᠡᠢ ᠪᠣᠯ᠂  ᠤᠴᠢᠷ ᠰᠢᠯᠲᠠᠭᠠᠨ ᠢ ᠨᠢ ᠳᠤᠳᠤᠷᠬᠠᠶᠢᠯᠠᠵᠦ ᠦᠭᠬᠦᠨ᠎ᠡ᠃      ᠲᠦᠷᠪᠠ᠂ ᠠᠵᠤ ᠠᠬᠤᠶᠢᠯᠠᠯ ᠨᠢ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠡᠵᠡᠩᠨᠡᠯᠲᠡ ᠶᠢᠨ ᠬᠢᠷᠢ ᠬᠡᠮ ᠤᠨ ᠵᠦᠪᠰᠢᠶᠡᠷᠡᠯ ᠢ ᠤᠯᠤᠭᠰᠠᠨ ᠡᠳᠤᠷ ᠠᠴᠠ ᠪᠠᠨ ᠡᠬᠢᠯᠡᠨ 30 ᠡᠳᠦᠷ ᠤᠨ ᠲᠣᠲᠣᠷ᠎ᠠ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡ ᠪᠠᠷ ᠬᠤᠷᠰᠢᠨ ᠠᠵᠢᠯᠯᠠᠬᠤ ᠪᠡᠯᠡᠳᠬᠡᠯ ᠮᠥᠩᠭᠦ ᠲᠤᠰᠢᠶᠠᠬᠤ ᠭᠠᠷ ᠭᠦᠢᠴᠡᠳᠬᠡᠯ ᠢ  ᠭᠦᠢᠴᠡᠳᠭᠡᠵᠦ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ᠂ ︽ᠬᠢᠷᠢ ᠬᠡᠮ ᠤᠨ ᠦᠨᠡᠮᠯᠡᠯ︾ ᠢᠶᠠᠨ ᠠᠪᠤᠨ᠎ᠠ᠃      ᠠᠮᠠᠯᠳᠠᠭᠰᠠᠨ ᠬᠤᠭᠤᠴᠠᠭ᠎ᠠ᠄ 15 ᠠᠵᠢᠯ ᠤᠨ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号