《 ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ》
ᠨᠡᠶᠢᠲᠡᠯᠡᠭᠰᠡᠨ ᠴᠠᠭ᠄
2015/2/6
    ︽ ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠪᠣᠯ ᠤᠯᠤᠰ ᠢᠶᠠᠷ ᠵᠦᠪᠰᠢᠶᠡᠷᠡᠭᠦᠯᠦᠭᠡᠳ ᠳᠤᠮᠳᠠᠲᠤ ᠤᠯᠤᠰ ᠤᠨ ᠵᠠᠮᠳᠡᠭᠴᠦᠳ ᠤᠨ ᠬᠤᠯᠪᠣᠭ᠎ᠠ ᠠᠴᠠ ᠨᠢᠭᠡᠳᠦᠯᠲᠡᠢ ᠵᠣᠬᠢᠶᠠᠨ ᠣᠯᠭᠤᠭᠰᠠᠨ ᠵᠡᠮᠳᠡᠭ ᠬᠦᠮᠦᠨ ᠤ ᠳᠤᠰᠬᠠᠢ ᠬᠡᠷᠡᠭᠯᠡᠬᠦ ᠦᠨᠡᠮᠯᠡᠯ ᠪᠣᠯᠣᠨ᠎ᠠ᠂ ᠲᠡᠭᠦᠨ ᠤ ᠦᠢᠯᠡᠳᠦᠯ ᠨᠢ ᠭᠤᠣᠯᠳᠠᠭᠤ᠄     ︵1︶ ᠵᠡᠮᠳᠡᠭ ᠵᠢᠴᠢ ᠵᠡᠮᠳᠡᠭ ᠤᠨ ᠲᠦᠷᠦᠯ ᠢᠯᠭᠠᠯ᠂  ᠳᠡᠰ ᠢ ᠭᠡᠷᠡᠴᠢᠯᠡᠬᠦ ᠭᠡᠷᠡᠴᠢ ᠪᠠᠷᠢᠮᠲᠠ︔     ︵2︶ ᠤᠯᠤᠰ ᠪᠠ ᠣᠷᠣᠨ ᠨᠣᠳᠤᠭ ᠤᠨ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠢᠭᠡᠳ ᠳᠡᠳᠭᠦᠨ ᠲᠤᠰᠠᠯᠠᠬᠤ ᠲᠣᠭᠲᠠᠭᠠᠯ ᠢ ᠬᠦᠷᠲᠡᠵᠦ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠦᠨᠳᠥᠰᠥᠯᠡᠯ︔     ︵3︶ ᠠᠵᠢᠯ ᠤᠨ ᠲᠦᠯᠦᠪᠯᠡᠭᠡ ᠲᠣᠭᠲᠠᠭᠠᠵᠤ᠂ ᠵᠡᠮᠳᠡᠭᠴᠦᠳ ᠤᠨ ᠦᠢᠯᠡᠰ ᠢ ᠬᠦᠭᠵᠢᠭᠦᠯᠬᠦ ᠶᠢᠨ ᠰᠠᠭᠤᠷᠢ ᠪᠣᠯᠬᠤ  ᠵᠡᠷᠭᠡ ᠲᠠᠯ᠎ᠠ ᠪᠠᠷ ᠢᠯᠡᠷᠡᠨ᠎ᠡ᠃    ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠢ ᠦᠨᠳᠦᠰᠦᠯᠡᠪᠡᠯ᠄《 ᠳᠤᠮᠳᠠᠳᠤ ᠤᠯᠤᠰ ᠤᠨ ᠵᠡᠮᠳᠡᠭ ᠬᠦᠮᠦᠨ ᠤ ᠬᠡᠷᠡᠭᠯᠡᠭᠡᠨ ᠢ ᠬᠢᠨᠠᠨ  ᠲᠣᠭᠲᠠᠭᠠᠬᠤ ᠪᠠᠷᠢᠮᠵᠢᠶ᠎ᠠ》᠎ ᠳᠤ ᠨᠡᠶᠢᠴᠡᠭᠰᠡᠨ ᠬᠠᠷᠠᠭ᠎ᠠ᠂ ᠰᠣᠨᠣᠷ᠂ ᠦᠭᠡ ᠬᠡᠯᠡ᠂ ᠤᠶᠤᠨ ᠂ ᠮᠥᠴᠢ᠂ ᠤᠶᠤᠨ ᠮᠡᠳᠡᠷᠡᠯ ᠵᠡᠷᠭᠡ ᠨᠢ ᠵᠡᠮᠳᠡᠭ ᠬᠦᠮᠥᠨ ᠳᠤ ᠴᠦᠮ ᠵᠡᠮᠳᠡᠭ ᠬᠦᠮᠦᠨ ᠤ ᠦᠨᠡᠮᠯᠡᠯ ᠣᠯᠭᠤᠬᠤ ᠬᠡᠷᠡᠭᠲᠡᠢ᠃ ᠪᠡᠶ᠎ᠡ ᠨᠢ ᠵᠡᠮᠳᠡᠭ  ᠪᠣᠯᠪᠠᠴᠦ   ᠲᠣᠭᠲᠠᠭᠠᠭᠰᠠᠨ ᠪᠠᠷᠢᠮᠵᠢᠶ᠎ᠠ ᠳᠤ ᠬᠠᠷᠬᠠᠨ ᠬᠦᠷᠥᠭᠡᠳᠥᠢ ᠪᠠᠶᠢᠭᠰᠠᠳ ᠲᠤ ᠵᠡᠮᠳᠡᠭ ᠬᠦᠮᠦᠨ ᠤ ᠦᠨᠡᠮᠯᠡᠯ ᠣᠯᠭᠤᠵᠤ ᠪᠣᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号