ᠥᠪᠦᠷ ᠮᠣᠩᠭᠤᠯ  ᠦᠪᠡᠷᠳᠡᠭᠡᠨ  ᠵᠠᠰᠠᠬᠤ  ᠣᠷᠣᠨ  ᠤ  ᠨᠠᠮ ᠤᠨ  ᠬᠤᠷᠢᠶ᠎ᠠ ᠶᠢᠨ ᠬᠠᠣᠯᠢ ᠪᠠᠷ ᠣᠷᠣᠨ ᠢᠶᠠᠨ ᠵᠠᠰᠠᠬᠤ  ᠤᠳᠤᠷᠢᠳᠬᠤ  ᠳᠤᠭᠤᠶᠢᠯᠠᠩ ᠤᠨ ᠬᠠᠤᠯᠢ ᠲᠦᠭᠡᠮᠡᠯᠵᠢᠭᠦᠯᠬᠦ  ᠠᠵᠢᠯ  ᠤᠨ ᠲᠤᠰᠬᠠᠢ ᠳᠤᠭᠤᠶᠢᠯᠠᠩ ᠤᠨ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ  ᠬᠢᠪᠠ
ᠨᠡᠶᠢᠲᠡᠯᠡᠭᠰᠡᠨ ᠴᠠᠭ᠄
2015/3/17
     ᠬᠠᠤᠯᠢ  ᠲᠦᠭᠡᠮᠡᠯᠵᠢᠭᠦᠯᠬᠦ  ᠠᠵᠢᠯ ᠢ  ᠬᠦᠨᠵᠡᠭᠡᠢ  ᠦᠷᠨᠢᠭᠦᠯᠵᠦ᠂ ᠬᠠᠤᠯᠢ ᠪᠠᠷ  ᠵᠠᠰᠠᠭᠰᠠᠨ ᠥᠪᠦᠷ  ᠮᠣᠩᠭᠤᠯ  ᠎ ᠤᠨ  ᠪᠦᠳᠤᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠦᠯᠦᠭᠡ᠂1 ᠳ᠋ᠦ᠋ᠭᠡᠷ ᠰᠠᠷ᠎ᠠ ᠶᠢᠨ 28᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠷᠤᠨ ᠤ ᠨᠠᠮ ᠤᠨ ᠬᠤᠷᠢᠶ᠎ᠠ ᠶᠢᠨ ᠬᠠᠣᠯᠢ ᠪᠠᠷ ᠣᠷᠣᠨ ᠢᠶᠠᠨ ᠵᠠᠰᠠᠬᠤ ᠤᠳᠤᠷᠢᠳᠬᠤ ᠳᠤᠭᠤᠶᠢᠯᠠᠩ ᠤᠨ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ ᠳᠤᠭᠤᠶᠢᠯᠠᠩ ᠤᠨ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ  ᠳᠤᠭᠤᠶᠢᠯᠠᠩ ᠤᠨ ᠳᠠᠷᠤᠭ᠎ᠠ ᠤᠯᠠᠭᠠᠨ ᠬᠤᠷᠠᠯ ᠡᠷᠬᠢᠯᠡᠭᠰᠡᠨ ᠤ ᠬᠠᠮᠲᠤ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠭᠢᠮ ᠤᠨ ᠳᠠᠷᠤᠭ᠎ᠠ᠂ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ  ᠳᠤᠭᠤᠶᠢᠯᠠᠩ ᠤᠨ ᠳᠡᠳ᠋ ᠳᠠᠷᠤᠭ᠎ᠠ ᠵᠸᠣ ᠯᠢ ᠮᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠠᠣᠯᠢ ᠲᠦᠭᠡᠮᠡᠯᠵᠢᠭᠦᠯᠬᠦ ᠠᠵᠢᠯ ᠤᠨ ᠲᠤᠰᠬᠠᠢ  ᠳᠤᠭᠤᠶᠢᠯᠠᠩ ᠤᠨ ᠳᠡᠳ᠋ ᠳᠠᠷᠤᠭ᠎ᠠ ᠭᠦᠸᠧ ᠢᠦᠢ ᠬᠤᠷᠠᠯ ᠳᠤ ᠣᠷᠤᠯᠴᠠᠵᠤ᠂ ᠬᠠᠤᠯᠢ ᠲᠦᠭᠡᠮᠡᠯᠵᠢᠬᠦᠯᠬᠦ ᠠᠵᠢᠯ ᠤᠨ ᠲᠤᠰᠬᠠᠢ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠦᠭᠦᠳ ᠬᠤᠷᠠᠯ ᠳᠤ ᠣᠷᠣᠯᠴᠠᠪᠠ᠃ ᠬᠤᠷᠠᠯ ᠨᠢ ᠵᠸᠣ ᠯᠢ ᠮᠢᠩ ᠲᠢᠩᠭᠢᠮ ᠤᠨ ᠳᠠᠷᠤᠭ᠎ᠠ ᠶᠢᠨ ᠬᠢᠭᠰᠡᠨ  2015 ᠣᠨ ᠤ ᠪᠦᠬᠦ ᠣᠷᠣᠨ ᠤ ᠬᠠᠤᠯᠢ  ᠲᠦᠭᠡᠮᠡᠯᠵᠢᠭᠦᠯᠬᠦ ᠠᠵᠢᠯ ᠤᠨ ᠭᠤᠣᠯᠳᠠᠯᠭ᠎ᠠ ᠵᠢᠴᠢ ᠠᠵᠢᠯ ᠤᠨ ᠰᠡᠳᠭᠢᠮᠵᠢ ᠶᠢᠨ ᠲᠤᠬᠠᠢ ᠬᠠᠷᠢᠭᠤ ᠮᠡᠳᠡᠭᠦᠯᠦᠯᠲᠡ ᠪᠠ ︽ᠬᠡᠨ ᠬᠠᠤᠯᠢ  ᠬᠡᠷᠡᠭᠵᠢᠭᠦᠯᠵᠦ ᠪᠠᠶᠢᠪᠠᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠦᠰᠦᠯ ︵ᠰᠠᠨᠠᠯ ᠬᠤᠷᠢᠶᠠᠬᠤ  ᠨᠣᠣᠷᠠᠭ︶᠎  ‍ᠤᠨ‌‍ᠲ᠋ᠤᠬᠠᠢ ᠲᠣᠲᠤᠷᠬᠠᠶᠢᠯᠠᠯᠲᠠ ᠶᠢ ᠰᠣᠨᠣᠰᠪᠠ᠃ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠡᠨ ᠬᠠᠤᠯᠢ ᠬᠡᠷᠡᠭᠵᠢᠭᠦᠯᠵᠦ ᠪᠠᠶᠢᠪᠠᠯ ᠬᠡᠨ ᠬᠠᠤᠯᠢ ᠲᠦᠭᠡᠮᠡᠯᠵᠢᠭᠦᠯᠬᠦ﹀ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠣᠬᠠᠢ ᠲᠦᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠣᠯᠢ ᠪᠠᠷ ᠣᠷᠣᠨ ᠢᠶᠠᠨ ᠵᠠᠰᠠᠬᠤ ᠤᠳᠤᠷᠢᠳᠬᠤ ᠳᠤᠭᠤᠶᠢᠯᠠᠩ ᠤᠨ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ ᠳᠤᠭᠤᠶᠢᠯᠠᠩ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠣᠯᠢ ᠪᠠᠷ ᠣᠷᠣᠨ ᠢᠶᠠᠨ ᠵᠠᠰᠠᠬᠤ ᠤᠳᠤᠷᠢᠳᠬᠤ ᠳᠤᠭᠤᠶᠢᠯᠠᠩ ᠤᠨ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾᠎ ᠢ ᠶᠠᠷᠢᠯᠴᠠᠭᠰᠠᠨ ᠤ ᠬᠠᠮᠲᠤ ᠵᠠᠷᠴᠢᠮ ᠳᠡᠭᠡᠷ᠎ᠡ ᠪᠠᠨ ᠪᠠᠲᠤᠯᠠᠪᠠ᠃ ᠤᠯᠠᠭᠠᠨ ᠬᠡᠯᠲᠡᠰ ᠤᠨ ᠳᠠᠷᠤᠭ᠎ᠠ ᠠᠴᠠ  ᠬᠤᠶᠢᠰᠢᠳᠠ ᠶᠢᠨ ᠨᠢᠭᠡᠨ ᠬᠤᠭᠤᠴᠠᠭᠠᠨ ᠤ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠲᠠᠯ᠎ᠠ ᠪᠠᠷ ᠲᠠᠪᠤᠨ  ᠱᠠᠭᠠᠷᠳᠠᠯᠭ᠎ᠠ ᠳᠤᠷᠠᠳᠪᠠ᠃  ᠲᠡᠷᠡ ᠱᠠᠭᠠᠷᠳᠠᠬᠤ ᠳᠠᠭᠠᠨ᠂ ᠨᠢᠭᠡ ᠳᠤ  ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦ ᠶᠢ ᠪᠣᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭᠠᠳᠬᠠᠬᠤ ᠶᠢᠨ ᠬᠠᠮᠲᠤ ᠨᠠᠶᠢᠳᠠᠪᠤᠷᠢᠵᠢᠭᠤᠯᠵᠤ᠂  ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠬᠢᠨᠠᠨ ᠰᠢᠯᠭᠠᠵᠦ ᠦᠨᠡᠯᠡᠬᠦ ᠪᠠᠷᠢᠮᠵᠢᠶ᠎ᠠ ᠶᠢᠨ ᠰᠢᠰᠲ᠋ᠧᠮᠵᠢ ᠶᠢ ᠭᠤᠣᠯᠳᠠᠯᠭ᠎ᠠ ᠲᠠᠢ ᠪᠦᠷᠢᠨᠰᠢᠬᠦᠯᠦᠨ ᠳᠡᠭᠦᠯᠳᠡᠷᠵᠢᠭᠦᠯᠵᠦ᠂  ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠠᠵᠢᠯ ᠢ ᠨᠠᠮ ᠤᠨ ᠬᠤᠷᠢᠶ᠎ᠠ᠂  ᠵᠠᠰᠠᠭ ᠤᠨ ᠣᠷᠳᠣᠨ ᠤ ᠶᠡᠷᠦᠩᠭᠡᠢ ᠬᠠᠷᠠᠯᠲᠠ ᠶᠢᠨ ᠬᠢᠨᠠᠨ ᠦᠨᠡᠯᠡᠬᠦ ᠰᠢᠰᠲ᠋ᠧᠮᠵᠢ ᠎ ᠳᠤ ᠣᠷᠣᠭᠤᠯᠵᠤ᠂ ᠬᠠᠤᠯᠢ ᠲᠦᠭᠡᠮᠡᠯᠵᠢᠭᠦᠯᠦᠭᠰᠡᠨ ᠦᠷ᠎ᠡ ᠳ᠋ᠦᠩ ᠢ ᠨᠡᠶᠢᠭᠡᠮ ᠠᠴᠠ ᠦᠨᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠦ᠂ ᠬᠠᠤᠯᠢ ᠲᠦᠭᠡᠮᠡᠯᠵᠢᠭᠦᠯᠬᠦ ᠠᠵᠢᠯ ᠎ ᠤᠨ ᠲᠦᠷᠢᠮᠵᠢᠭᠦᠯᠦᠯᠳᠠ᠂  ᠵᠢᠷᠤᠮᠵᠢᠭᠤᠯᠤᠯᠳᠠ᠂  ᠪᠠᠷᠢᠮᠵᠢᠶᠠᠵᠢᠭᠤᠯᠤᠯᠳᠠ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠤᠨ ᠬᠠᠤᠯᠢ ᠲᠦᠭᠡᠮᠡᠯᠵᠢᠭᠦᠯᠬᠦ ᠲᠠᠪᠤᠨ ᠵᠢᠯ ᠤᠨ ᠲᠦᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠬᠠᠤᠯᠢ  ᠲᠦᠭᠡᠮᠡᠯᠵᠢᠭᠦᠯᠬᠦ ᠲᠠᠪᠤᠨ ᠵᠢᠯ ᠤᠨ ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ ᠤᠶᠠᠯᠳᠤᠭᠤᠯᠬᠤ᠂ ᠪᠦᠬᠦ ᠠᠷᠠᠳ ᠲᠤ ᠬᠠᠨᠳᠤᠭᠤᠯᠬᠤ ᠪᠠ ᠭᠤᠣᠯᠳᠠᠯᠭ᠎ᠠ ᠲᠠᠢ ᠡᠲᠡᠭᠡᠳ ᠢ ᠰᠠᠶᠢᠳᠦᠷ ᠠᠳᠬᠤᠬᠤ ᠶᠢ ᠤᠶᠠᠯᠳᠤᠭᠤᠯᠬᠤ  ᠠᠬᠢᠭᠤᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂  ᠰᠤᠷᠳᠠᠯ ᠤᠬᠠᠭᠤᠯᠭ᠎ᠠ᠂ ᠰᠤᠶᠤᠯ ᠭᠡᠭᠡᠷᠡᠯ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠪᠠ ᠠᠷᠠᠳ ᠤᠨ ᠪᠦᠯᠬᠦᠮ ᠤᠨ ᠬᠢᠨ ᠤ ᠬᠠᠤᠯᠢ ᠲᠦᠭᠡᠮᠡᠯᠵᠢᠭᠦᠯᠬᠦ ᠬᠦᠮᠦᠵᠢᠯ ᠤᠨ ᠳᠤᠮᠳᠠ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠨᠢ ᠭᠤᠣᠯᠳᠠᠯᠭ᠎ᠠ ᠲᠠᠢ ᠠᠬᠢᠭᠤᠯᠤᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠴᠢᠳᠠᠯ ᠢ ᠳᠠᠶᠢᠴᠢᠯᠠᠨ᠂ ᠪᠦᠬᠦᠯᠢ ᠴᠤᠭᠴᠠ ᠶᠢᠨ ᠨᠡᠶᠢᠯᠡᠮᠡᠯ ᠬᠦᠴᠦ ᠶᠢ ᠪᠤᠢ ᠪᠣᠯᠭᠠᠵᠤ᠂ ᠬᠠᠤᠯᠢ ᠲᠦᠭᠡᠮᠡᠯᠵᠢᠬᠦᠯᠬᠦ ᠭᠤᠣᠯ ᠴᠣᠭᠴᠠ ᠣᠯᠠᠨ ᠡᠰᠢᠵᠢᠭᠰᠡᠨ᠂ ᠬᠠᠤᠯᠢ ᠴᠠᠭᠠᠵᠠ ᠶᠢ ᠲᠦᠭᠡᠮᠡᠯᠵᠢᠬᠦᠯᠬᠦ ᠠᠷᠭ᠎ᠠ ᠬᠡᠯᠪᠡᠷᠢ ᠬᠠᠮᠵᠢᠯᠴᠠᠭᠰᠠᠨ᠂ ᠬᠠᠤᠯᠢ ᠴᠠᠭᠠᠵᠠ ᠶᠢ ᠲᠦᠭᠡᠮᠡᠯᠵᠢᠬᠦᠯᠬᠦ ᠠᠭᠤᠯᠭ᠎ᠠ ᠲᠤᠰᠬᠠᠶᠢᠵᠢᠭᠰᠠᠨ ᠬᠠᠤᠯᠢ ᠲᠦᠭᠡᠮᠡᠯᠵᠢᠭᠦᠯᠬᠦ ᠶᠡᠭᠡ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠬᠤᠶᠠᠷ ᠲᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢ ᠪᠠᠷ ᠢᠶᠠᠨ  ᠂ ᠡᠭᠦᠷᠭᠡ ᠪᠠᠨ ᠨᠠᠷᠢᠯᠢᠭᠵᠢᠭᠤᠯᠤᠨ ᠵᠠᠳᠠᠯᠬᠤ ᠬᠡᠷᠡᠭᠲᠡᠢ᠃ ᠨᠢᠭᠡ ᠲᠠᠯ᠎ᠠ ᠪᠠᠷ᠂ ᠬᠠᠤᠯᠢ  ᠲᠦᠭᠡᠮᠡᠯᠵᠢᠭᠦᠯᠬᠦ ᠭᠡᠰᠢᠭᠦᠨ ᠨᠢᠭᠡᠴᠡ ᠶᠢᠨ ᠡᠭᠦᠷᠭᠡ ᠶᠢ ᠰᠠᠶᠢᠲᠤᠷ ᠵᠠᠳᠠᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠡᠯ᠎ᠡ ᠵᠦᠢᠯ ᠤᠨ ᠠᠵᠢᠯ ᠢ ᠠᠬᠢᠭᠤᠯᠬᠤ ᠡᠭᠦᠷᠭᠡ ᠶᠢᠨ ᠵᠠᠳᠠᠯᠤᠯᠳᠠ ᠎ ᠪᠠᠷ᠂ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ ᠳᠤᠭᠤᠶᠢᠯᠠᠩ ᠤᠨ ᠡᠭᠦᠷᠭᠡᠯᠡᠬᠦ 14 ᠵᠦᠢᠯ ᠤᠨ ᠠᠵᠢᠯ ᠤᠨ ᠡᠭᠦᠷᠭᠡ ᠶᠢ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠢ ᠳᠤᠭᠤᠶᠢᠯᠠᠩ ᠤᠨ ᠡᠯ᠎ᠡ ᠭᠡᠰᠢᠭᠦᠨ ᠨᠢᠭᠡᠴᠡ ᠳᠤ ᠪᠤᠳᠠᠲᠠᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠥᠭᠦᠭᠡ ᠲᠠᠯ᠎ᠠ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠡᠨ ᠬᠠᠤᠯᠢ  ᠬᠡᠷᠡᠭᠵᠢᠭᠦᠯᠵᠦ ᠪᠠᠶᠢᠪᠠᠯ ᠬᠡᠨ ᠬᠠᠤᠯᠢ ᠲᠦᠭᠡᠮᠡᠯᠵᠢᠭᠦᠯᠬᠦ﹀ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠣᠬᠠᠢ ᠲᠦᠰᠦᠯ︾᠎ ᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ︽ᠬᠡᠨ ᠬᠠᠤᠯᠢ ᠬᠡᠷᠡᠭᠵᠢᠭᠦᠯᠵᠦ ᠪᠠᠶᠢᠪᠠᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠦ᠂  ᠡᠯ᠎ᠡ ᠰᠠᠯᠠᠭ᠎ᠠ ᠮᠦᠴᠢᠷ ᠡᠯ᠎ᠡ ᠠᠵᠢᠯ ᠲᠦᠷᠦᠯ ᠵᠢᠴᠢ ᠨᠡᠶᠢᠭᠡᠮ ᠤᠨ ᠨᠢᠭᠡᠴᠡ ᠶᠢᠨ ᠬᠠᠣᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠤᠰ ᠰᠠᠯᠠᠭ᠎ᠠ ᠮᠦᠴᠢᠷ᠂ ᠲᠤᠰ ᠠᠵᠢᠯ ᠲᠦᠷᠦᠯ ᠤᠨ ᠲᠣᠳᠤᠭᠠᠳᠤ ᠶᠢᠨ ᠬᠠᠣᠯᠢ ᠪᠠᠷ ᠵᠠᠰᠠᠬᠤ ᠤᠬᠠᠭᠤᠯᠭ᠎ᠠ ᠬᠦᠮᠦᠵᠢᠯ ᠢ ᠰᠠᠶᠢᠲᠤᠷ ᠠᠳᠬᠤᠬᠤ ᠶᠢᠨ ᠬᠠᠮᠲᠤ  ᠬᠡᠷᠡᠭᠵᠢᠭᠦᠯᠬᠦ ᠡᠲᠡᠭᠡᠳ ᠲᠤ ᠬᠠᠨᠳᠤᠭᠤᠯᠤᠭᠰᠠᠨ᠂  ᠬᠠᠮᠢᠶᠠᠷᠬᠤ ᠡᠲᠡᠭᠡᠳ ᠲᠤ  ᠬᠠᠨᠳᠤᠭᠤᠯᠤᠭᠰᠠᠨ᠂ ᠨᠡᠶᠢᠭᠡᠮ ᠳᠤ  ᠬᠠᠨᠳᠤᠭᠤᠯᠤᠭᠰᠠᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠭᠤᠷᠪᠠ ᠳᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠦ᠂ ᠡᠭᠦᠷᠭᠡ ᠶᠢᠨ ᠨᠠᠶᠢᠳᠠᠪᠤᠷᠢᠵᠢᠭᠤᠯᠤᠯ ᠢ ᠰᠠᠶᠢᠨ ᠠᠳᠬᠤᠬᠤ ᠬᠡᠷᠡᠭᠲᠡᠢ᠃ ︽ᠬᠠᠣᠯᠢ ᠴᠠᠭᠠᠵᠠ ᠶᠢ ᠠᠪᠤᠨ ᠬᠡᠷᠡᠭᠯᠡᠬᠦ᠂  ᠤᠮᠠᠷᠠᠳᠤ ᠬᠢᠵᠠᠭᠠᠷ ᠵᠶ᠋ᠡᠨ‌ᠬᠠᠤᠯᠢ ᠪᠠᠷ ᠵᠠᠰᠠᠬᠤ︾  ᠡᠨᠡᠬᠦ ᠭᠤᠣᠯ ᠰᠡᠳᠦᠪ ᠤᠨ ᠲᠣᠭᠤᠷᠢᠨ ᠳᠤ᠂ ᠲᠥᠪ ᠤᠨ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ᠂ ᠪᠦᠬᠦ ᠤᠯᠤᠰ ᠤᠨ ᠬᠠᠣᠯᠢ ᠲᠦᠭᠡᠮᠡᠯᠵᠢᠭᠦᠯᠬᠦ ᠠᠯᠪᠠᠨ ᠭᠡᠷ ᠤᠨ ᠬᠠᠮᠳᠤᠷᠠᠨ ᠲᠠᠷᠬᠠᠭᠠᠭᠰᠠᠨ ︽ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠦᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠦ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠦᠨ ᠦᠷᠨᠢᠭᠦᠯᠬᠦ ᠲᠣᠬᠠᠢ ᠰᠠᠨᠠᠯ︾᠎ ᠢ ᠬᠢᠨᠠᠮᠠᠭᠠᠢ ᠲᠣᠣᠱᠯᠠᠭᠤᠯᠤᠨ᠂  ︽12. 4︾  ᠎ ᠤ ᠤᠯᠤᠰ ᠤᠨ ᠦᠨᠳᠦᠰᠦᠨ ᠬᠠᠤᠯᠢ ᠶᠢᠨ ᠡᠳᠦᠷ  ᠵᠢᠴᠢ ᠪᠦᠬᠦ ᠤᠯᠤᠰ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠳᠦᠷ ᠵᠡᠷᠭᠡ ᠴᠢᠬᠤᠯᠠ ᠴᠠᠭ ᠬᠤᠭᠤᠴᠠᠭ᠎ᠠ ᠵᠠᠩᠭᠢᠯᠠᠭ᠎ᠠ ᠴᠢᠭ᠋ ᠢ ᠠᠳᠬᠤᠨ᠂ ︽ᠳᠦᠷᠪᠡᠨ ᠪᠦᠬᠦ ᠲᠠᠯ᠎ᠠ︾᠎ ᠶᠢᠨ ᠶᠡᠭᠡ ᠪᠠᠶᠢᠳᠠᠯ ᠤᠨ ᠲᠣᠭᠤᠷᠢᠨ ᠳᠤ᠂ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠢ ᠶᠡᠭᠡ ᠪᠠᠷ ᠦᠷᠨᠢᠭᠦᠯᠵᠦ᠂ ᠥᠷᠭᠡᠨ ᠤᠯᠠᠨ ᠠᠷᠠᠳ ᠲᠦᠮᠡᠨ ᠢ  ᠵᠢᠯᠤᠭᠤᠳᠤᠨ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠥᠪᠡᠷ ᠤᠨ ᠬᠠᠤᠯᠢ ᠶᠣᠰᠤᠨ ᠤ ᠡᠷᠬᠡ ᠠᠰᠢᠭ ᠢᠶᠠᠨ ᠬᠠᠮᠠᠭᠠᠯᠠᠬᠤ ᠪᠤᠯᠭᠠᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ  ᠬᠠᠤᠯᠢ ᠪᠠᠷ  ᠵᠠᠰᠠᠬᠤ ᠰᠠᠶᠢᠨ ᠰᠠᠶᠢᠬᠠᠨ ᠤᠷᠴᠢᠨ ᠲᠣᠭᠤᠷᠢᠨ ᠪᠣᠢ ᠪᠣᠯᠭᠠᠬᠤ ᠬᠡᠷᠡᠭᠲᠡᠢ᠃ ᠳᠥᠷᠪᠡ ᠳᠤ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠃ ᠬᠠᠤᠯᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠢ ᠰᠢᠨᠡᠴᠢᠯᠡᠵᠦ᠂ ᠲᠧᠯᠸᠢᠰ᠂ ᠰᠣᠨᠢᠨ ᠰᠡᠳᠭᠦᠯ᠂ ᠷᠠᠳᠢᠣ᠋᠂ ᠨᠧᠲ ᠰᠦᠯᠵᠢᠶ᠎ᠡ ᠵᠡᠷᠭᠡ ᠵᠠᠭᠤᠴᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠬᠠᠤᠯᠢ ᠲᠦᠭᠡᠮᠡᠯᠵᠢᠭᠦᠯᠬᠦ ᠡᠯ᠎ᠡ ᠲᠦᠷᠦᠯ ᠤᠨ ᠲᠤᠰᠬᠠᠢ ᠰᠡᠳᠦᠪ ᠤᠨ ᠪᠣᠯᠤᠩ ︵ᠫᠷᠦᠭᠷᠡᠮ︶᠎ ᠢ ᠰᠠᠶᠢᠲᠤᠷ ᠡᠷᠬᠢᠯᠡᠨ᠂ ᠬᠡᠷᠡᠭᠯᠡᠭᠡᠨ ᠤ ᠰᠦᠯᠵᠢᠶ᠎ᠡ᠂ ᠪᠦᠷᠭᠡ ᠮᠡᠲᠦ ᠶᠢᠨ ᠰᠢᠨ᠎ᠡ ᠪᠠᠷ ᠮᠠᠨᠳᠤᠭᠰᠠᠨ ᠵᠠᠭᠤᠴᠢ ᠪᠡᠶ᠎ᠡ ᠶᠢ ᠬᠡᠷᠡᠭᠯᠡᠬᠦ ᠶᠢ ᠴᠢᠬᠤᠯᠠᠴᠢᠯᠠᠵᠤ᠂ ᠣᠯᠠᠨ ᠨᠡᠶᠢᠲᠡ ᠳᠤ ᠪᠦᠬᠦ ᠲᠠᠯ᠎ᠠ ᠶᠢᠨ ᠬᠠᠤᠯᠢ ᠰᠤᠷᠤᠯᠴᠠᠬᠤ ᠪᠦᠬᠦ ᠲᠠᠯ᠎ᠠ ᠶᠢᠨ  ᠲᠠᠪᠴᠠᠩ ᠬᠠᠩᠭᠠᠵᠦ ᠦᠭᠬᠦ ᠬᠡᠷᠡᠭᠲᠡᠢ᠃ ᠪᠦᠬᠦ ᠣᠷᠣᠨ ᠤ ᠡᠯ᠎ᠡ ᠭᠠᠵᠠᠷ  ᠎ ᠢᠶᠠᠷ ᠲᠦᠭᠡᠭᠰᠡᠨ ᠦᠨᠳᠦᠰᠦᠨ ᠱᠠᠲᠤᠨ ᠤ  ᠲᠤᠮᠤ ᠶᠠᠷᠢᠶᠠᠨ ᠤ ᠳᠠᠩᠬᠢᠮ ᠢ  ᠭᠦᠢᠴᠡᠳ ᠠᠰᠢᠭᠯᠠᠨ᠂ ᠣᠯᠠᠨ ᠨᠡᠶᠢᠲᠡ ᠶᠢᠨ ᠬᠦᠳᠡᠯᠭᠡᠭᠡᠨ ᠤ ᠲᠠᠯᠠᠪᠤᠷ ᠢ ᠰᠠᠶᠢᠲᠤᠷ ᠠᠰᠢᠭᠯᠠᠨ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠢ ᠦᠷᠨᠢᠭᠦᠯᠵᠦ᠂ ᠲᠤᠬᠠᠢ ᠶᠢᠨ ᠭᠠᠵᠠᠷ ᠲᠠᠭᠠᠨ ᠳᠤᠬᠢᠷᠠᠭᠤᠯᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠳᠡᠯᠭᠡᠭᠦᠷᠭᠡ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠤᠳᠤᠮᠵᠢ᠂ ᠬᠠᠤᠯᠢ ᠪᠠᠷ ᠵᠠᠰᠠᠬᠤ ᠲᠠᠯᠠᠪᠠᠢ᠂ ᠬᠠᠤᠯᠢ ᠪᠠᠷ ᠵᠠᠰᠠᠬᠤ ᠴᠡᠴᠡᠷᠯᠢᠭ ᠪᠠᠶᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠠᠭᠤᠰᠬᠠᠨ ᠨᠡᠪᠴᠢᠭᠦᠯᠬᠦ ᠬᠡᠷᠡᠭᠲᠡᠢ᠃ ᠲᠠᠪᠤ ᠳᠤ ᠨᠢᠭᠡᠳᠦᠯᠲᠡᠢ ᠲᠦᠯᠦᠪᠵᠢᠭᠦᠯᠦᠡ ᠵᠣᠬᠢᠴᠠᠭᠤᠯᠬᠤ ᠶᠢ ᠴᠢᠩᠭᠠᠷᠠᠭᠤᠯᠵᠤ᠂ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠢ ᠳᠤᠭᠤᠶᠢᠯᠠᠩ ᠤᠨ ᠠᠯᠪᠠᠨ ᠭᠡᠷ ︽ᠶᠡᠷᠦᠩᠬᠡᠶᠢᠯᠡᠬᠦ᠂ ᠵᠣᠬᠢᠴᠠᠭᠤᠯᠬᠤ᠂ ᠵᠢᠯᠣᠭᠤᠳᠬᠤ᠂ ᠰᠢᠪᠠᠳᠠᠨ ᠭᠦᠢᠴᠡᠳᠬᠡᠬᠦ︾ ᠡᠭᠦᠷᠭᠡ ᠴᠢᠳᠠᠮᠵᠢ ᠪᠠᠨ ᠰᠠᠶᠢᠲᠤᠷ ᠭᠦᠢᠴᠡᠳᠬᠡᠵᠦ᠂ ᠠᠵᠢᠯ ᠤᠨ ᠬᠠᠷᠢᠴᠠᠭ᠎ᠠ ᠬᠤᠯᠪᠤᠭ᠎ᠠ ᠪᠠᠨ ᠴᠢᠩᠭᠠᠳᠬᠠᠨ᠂  ᠬᠠᠤᠯᠢ ᠲᠦᠭᠡᠮᠡᠯᠵᠢᠭᠦᠯᠬᠦ ᠠᠵᠢᠯ ᠤᠨ ᠤᠳᠤᠷᠢᠳᠤᠯᠭ᠎ᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠠᠲᠤᠯᠠᠭ᠎ᠠ ᠶᠢ ᠤᠷᠤᠨ ᠪᠠᠶᠢᠷᠢᠨ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠠᠤᠯᠢ ᠲᠦᠭᠡᠮᠡᠯᠵᠢᠭᠦᠯᠬᠦ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠲᠦᠭᠡᠮᠡᠯᠵᠢᠭᠦᠯᠬᠦ ᠡᠩᠨᠡᠭᠡ ᠪᠠ ᠡᠯ᠎ᠡ ᠰᠠᠯᠠᠭ᠎ᠠ ᠮᠦᠴᠢᠷ ᠡᠯ᠎ᠡ  ᠠᠵᠢᠯ ᠲᠦᠷᠦᠯ ᠤᠨ ᠲᠤᠰᠬᠠᠢ ᠪᠤᠶᠤ ᠬᠠᠪᠰᠤᠷᠭᠠᠭᠰᠠᠨ ᠬᠠᠤᠯᠢ ᠲᠦᠭᠡᠮᠡᠯᠵᠢᠭᠦᠯᠬᠦ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠨ᠂ ᠠᠵᠢᠯᠲᠠᠨ ᠢ ᠪᠦᠷᠢᠨ ᠳᠡᠭᠦᠯᠳᠡᠷ ᠳᠣᠬᠢᠷᠠᠭᠤᠯᠵᠤ᠂ ᠴᠢᠳᠠᠪᠤᠷᠢ ᠶᠢᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠬᠡᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号