2015 ᠤᠨ ᠤ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠬᠦᠯᠬᠦ ᠠᠵᠢᠯ 12 ᠰᠠᠷ᠎ᠠ ᠶᠢᠨ 1᠎ ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2015/3/17
     ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠶᠢᠯᠠᠭᠠᠭᠰᠠᠨ ᠢᠶᠠᠷ᠂ 2015 ᠤᠨ ᠤ ᠮᠠᠨ ᠤ ᠤᠷᠤᠨ ᠤ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠬᠦᠯᠬᠦ ᠠᠵᠢᠯ 12 ᠰᠠᠷ᠎ᠠ ᠶᠢᠨ 1᠎ ᠤ ᠡᠳᠦᠷ ᠠᠴᠠ 12᠎ ᠤᠨ ᠡᠳᠦᠷ ᠪᠤᠯᠳᠠᠯ᠎ᠠ ᠶᠠᠪᠤᠭᠳᠠᠨ᠎ᠠ᠃ ᠰᠢᠯᠭᠠᠭᠤᠯᠤᠭᠰᠠᠳ ᠲᠤᠬᠠᠢ ᠶᠢᠨ ᠴᠠᠭ ᠲᠤ ᠨᠢ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶᠡᠨ ᠲᠡᠭᠡᠷ᠎ᠡ ᠭᠠᠷᠴᠤ ᠦᠪᠡᠷ ᠤᠨ ᠢᠶᠠᠨ ᠦᠨᠳᠦᠰᠦᠨ ᠮᠡᠳᠡᠭᠡ ᠵᠠᠩᠬᠢ ᠪᠤᠯᠤᠨ ᠨᠡᠷ᠎ᠡ ᠮᠡᠳᠡᠬᠦᠯᠵᠤ ᠰᠢᠯᠭᠠᠭᠤᠯᠬᠤ ᠮᠡᠳᠡᠭᠡ ᠵᠠᠩᠬᠢ ᠪᠠᠨ ᠪᠢᠴᠢᠵᠤ᠂ ᠬᠤᠪᠢ ᠬᠦᠮᠦᠨ ᠤ ᠰᠦᠯᠵᠢᠶᠡᠨ ᠳᠤ ᠭᠠᠷᠬᠤ ᠨᠢᠭᠤᠴᠠ ᠨᠤᠮᠧᠷ ᠢᠶᠠᠨ ᠲᠤᠬᠢᠷᠠᠭᠤᠯᠤᠨ᠂ ᠰᠦᠯᠵᠢᠶᠡᠨ ᠲᠡᠭᠡᠷ᠎ᠡ ᠤᠷᠢᠳᠴᠢᠯᠡᠨ ᠨᠡᠷ᠎ᠡ ᠮᠡᠳᠡᠬᠦᠯᠦᠨ᠎ᠡ᠃      2015 ᠤᠨ ᠳᠤ ᠮᠠᠨ ᠤ ᠤᠷᠤᠨ ᠤ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠳᠠ ᠪᠤᠯᠤᠨ ᠰᠤᠷᠤᠭᠴᠢ ᠡᠯᠰᠡᠬᠦ ᠳᠤ ᠤᠷᠤᠯᠴᠠᠬᠤ ᠰᠢᠯᠭᠠᠭᠤᠯᠤᠭᠰᠠᠳ᠂ ᠨᠠᠮᠤᠷ ᠤᠨ ᠤᠯᠠᠷᠢᠯ ᠤᠨ ᠨᠢᠭᠡᠳᠦᠯᠳᠡᠢ ᠰᠢᠯᠭᠠᠯᠳᠠ ᠳᠤ ᠤᠷᠤᠯᠴᠠᠭᠰᠠᠳ᠂ ᠪᠠᠳᠤᠯᠠᠨ ᠬᠦᠷᠭᠡᠭᠳᠡᠬᠦ ᠰᠤᠷᠤᠭᠴᠢ᠂ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ᠂  ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ᠂ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠠᠩᠬᠢ᠂ ᠲᠤᠰᠠᠭᠠᠷ ᠰᠢᠯᠭᠠᠬᠤ ᠵᠡᠷᠭᠡ ᠴᠦᠮ 2015 ᠤᠨ ᠤ ᠨᠢᠭᠡᠳᠦᠯᠳᠡᠢ ᠰᠢᠯᠭᠠᠯᠳᠠ ᠶᠢᠨ ᠨᠡᠷ᠎ᠡ ᠮᠡᠳᠡᠬᠦᠯᠬᠦ ᠭᠠᠷ ᠬᠦᠢᠴᠡᠳᠭᠡᠯ ᠢ ᠬᠢᠨ᠎ᠡ᠃ ᠭᠠᠳᠠᠨ᠎ᠠ ᠤᠷᠤᠨ ᠳᠤ ᠰᠤᠷᠤᠯᠴᠠᠵᠤ ᠪᠠᠶᠢᠭ᠎ᠠ ᠭᠡᠰᠡᠭ ᠰᠢᠯᠭᠠᠭᠤᠯᠤᠭᠰᠠᠳ ︵ᠤᠷᠠᠯᠢᠭ ᠤᠨ ᠲᠦᠷᠦᠯ ᠤᠨ ᠰᠢᠯᠭᠠᠭᠤᠯᠤᠭᠰᠠᠳ ᠠᠴᠠ ᠪᠤᠰᠤᠳ︶᠎ ᠤᠨ ᠡᠷᠦᠭᠡ ᠠᠮᠠ ᠶᠢᠨ ᠲᠡᠩᠰᠠ ᠬᠠᠷᠢᠶᠠᠯᠠᠭᠳᠠᠵᠤ ᠪᠠᠶᠢᠭ᠎ᠠ ᠬᠤᠰᠢᠭᠤᠨ ︵ᠰᠢᠶᠠᠨ᠂ ᠲᠤᠭᠤᠷᠢᠭ︶᠎ ᠳᠠᠭᠠᠨ ᠬᠠᠷᠢᠵᠤ ᠰᠡᠬᠦᠳᠡᠷ ᠲᠡᠳᠡᠵᠤ ᠪᠡᠶ᠎ᠡ ᠶᠢᠨ ᠭᠠᠷᠤᠯ ᠢᠶᠠᠨ ᠲᠤᠳᠤᠯᠠᠬᠤ ᠵᠡᠷᠭᠡ ᠤᠨᠴᠠᠭᠠᠢ ᠪᠠᠶᠢᠳᠠᠯ ᠢ ᠪᠤᠳᠤᠯᠬᠢᠯᠠᠵᠤ᠂ ᠰᠢᠯᠭᠠᠭᠤᠯᠤᠭᠰᠠᠳ ᠤᠷᠢᠳᠠᠪᠡᠷ ᠰᠦᠯᠵᠢᠶᠡᠨ ᠲᠡᠭᠡᠷ᠎ᠡ ᠤᠷᠢᠳᠴᠢᠯᠠᠨ ᠨᠡᠷ᠎ᠡ ᠮᠡᠳᠡᠬᠦᠯᠬᠦ ᠪᠠ ᠤᠷᠢᠳᠴᠢᠯᠠᠨ ᠨᠡᠷ᠎ᠡ ᠮᠡᠳᠡᠬᠦᠯᠬᠦ ᠬᠦᠰᠦᠨᠦᠭᠳᠦ ᠶᠢ ᠲᠠᠷᠤᠮᠠᠯᠯᠠᠵᠤ ᠪᠤᠯᠬᠤ ᠪᠦᠭᠡᠳ ᠰᠤᠷᠤᠯᠴᠠᠵᠤ ᠪᠠᠶᠢᠭ᠎ᠠ ᠰᠤᠷᠭᠠᠭᠤᠯᠢ ᠨᠢ ᠨᠡᠷ᠎ᠡ ᠮᠡᠳᠡᠬᠦᠯᠦᠭᠰᠡᠨ ᠬᠦᠰᠦᠨᠦᠭᠳᠤ ᠶᠢᠨ ᠠᠭᠤᠯᠭ᠎ᠠ ᠶᠢ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠤᠯ ᠵᠦᠪᠰᠢᠶᠡᠷᠡᠭᠰᠡᠨ ᠰᠠᠨᠠᠯ ᠢᠶᠠᠨ ᠪᠢᠴᠢᠵᠤ ᠲᠠᠮᠠᠭ᠎ᠠ ᠲᠠᠷᠤᠵᠤ ᠦᠭᠬᠦᠨ᠎ᠡ᠃ ᠰᠢᠯᠭᠠᠭᠤᠯᠤᠭᠰᠠᠳ ︽ᠤᠷᠢᠳᠴᠢᠯᠠᠨ ᠨᠡᠷ᠎ᠡ ᠮᠡᠳᠡᠬᠦᠯᠦᠭᠰᠡᠨ ᠬᠦᠰᠦᠨᠦᠭᠳᠤ ︾᠎ ᠪᠠᠨ ᠠᠪᠴᠤ 2015 ᠤᠨ ᠤ 2 ᠰᠠᠷ᠎ᠠ ᠶᠢᠨ 10᠎ ᠤ ᠡᠳᠦᠷ ᠡᠷᠦᠭᠡ ᠠᠮᠠ ᠶᠢᠨ ᠲᠠᠩᠰᠠ ᠬᠠᠷᠢᠶᠠᠯᠠᠭᠳᠠᠵᠤ ᠪᠠᠶᠢᠭ᠎ᠠ ᠬᠤᠰᠢᠭᠤᠨ ︵ᠰᠢᠶᠠᠨ᠂ ᠲᠤᠭᠤᠷᠢᠭ︶᠎ ᠤ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠳᠤ ᠬᠦᠷᠴᠤ ᠨᠡᠷ᠎ᠡ ᠮᠡᠳᠡᠬᠦᠯᠬᠦ ᠭᠠᠷ ᠬᠦᠢᠴᠡᠳᠭᠡᠯ ᠢᠶᠠᠨ ᠬᠢᠨ᠎ᠠ᠃      ᠰᠤᠷᠤᠭᠴᠢ ᠡᠯᠰᠡᠬᠦ ᠠᠵᠢᠯ ᠤᠨ ᠢᠯᠡ ᠲᠤᠳᠤᠴᠠ ᠴᠢᠨᠠᠷ ᠢ ᠨᠡᠮᠡᠭᠳᠡᠬᠦᠯᠬᠦ ᠶᠢᠨ ᠲᠤᠰᠠᠳᠠ᠂ ᠦᠢᠷ᠎ᠡ ᠳᠤ ᠦᠪᠡᠷᠳᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ︽2015 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠳᠤ ᠡᠯᠰᠡᠬᠦ ᠨᠡᠷ᠎ᠡ ᠮᠡᠳᠡᠬᠦᠯᠬᠦ ᠠᠵᠢᠯ ᠤᠨ ᠲᠤᠬᠠᠢ ᠮᠡᠳᠡᠭᠳᠡᠯ ︵ᠰᠠᠨᠠᠯ ᠬᠤᠷᠢᠶᠠᠬᠤ ᠡᠭᠡ ᠨᠤᠤᠷᠠᠭ︶︾᠎ ᠢ ᠨᠡᠶᠢᠳᠡᠯᠡᠵᠤ᠂ ᠨᠡᠶᠢᠭᠡᠮ ᠲᠡᠭᠡᠷ᠎ᠡ ᠠᠴᠠ ᠢᠯᠡ ᠪᠠᠷ ᠰᠠᠨᠠᠯ ᠬᠤᠷᠢᠶᠠᠭᠰᠠᠨ ᠪᠠᠶᠢᠨ᠎ᠠ᠃ ᠬᠠᠮᠢᠶ᠎ᠠ ᠪᠦᠬᠦᠢ ᠪᠠᠶᠢᠭᠤᠯᠤᠯᠭ᠎ᠠ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠬᠦᠮᠦᠰ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶᠡᠨ ᠲᠡᠭᠡᠷ᠎ᠡ ᠭᠠᠷᠴᠤ ᠰᠠᠨᠠᠯ ᠢᠶᠠᠨ ᠲᠡᠪᠰᠢᠬᠦᠯᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号