ᠡᠨᠡ ᠵᠢᠯ ᠠᠴᠠ ᠡᠬᠢᠯᠡᠡ ᠨᠢᠭᠡᠳᠤᠯᠳᠠᠢ ᠰᠢᠯᠭᠠᠯᠳᠠ ᠳᠤ ᠬᠤᠪᠢ ᠨᠡᠮᠡᠬᠦ 6 ᠲᠦᠷᠦᠯ ᠵᠦᠢᠯ ᠢ ᠦᠭᠡᠶᠢᠰᠭᠡᠨ᠎ᠠ
ᠨᠡᠶᠢᠲᠡᠯᠡᠭᠰᠡᠨ ᠴᠠᠭ᠄
2015/3/17
     ᠰᠤᠷᠭᠠᠠ ᠬᠦᠮᠦᠵᠢᠯ ᠤᠨ ᠶᠠᠮᠤᠨ ᠤ ᠪᠠᠭᠤᠯᠭᠠᠭᠰᠠᠠ ︽ᠨᠢᠭᠡᠳᠤᠯᠳᠠᠢ ᠰᠢᠯᠭᠠᠯᠳᠠ ᠳᠤ ᠬᠤᠪᠢ ᠨᠡᠮᠡᠬᠦ ᠲᠦᠷᠦᠯ ᠵᠦᠢᠯ ᠪᠤᠯᠤᠨ ᠬᠤᠪᠢ ᠶᠢᠨ ᠦᠷᠳᠡᠭ ᠢ ᠪᠠᠭᠠᠰᠬᠠᠬᠤ ᠪᠤᠶᠤ ᠲᠦᠷᠢᠮᠵᠢᠬᠦᠯᠬᠦ ᠶᠢ ᠴᠢᠩᠭᠠᠳᠬᠠᠬᠤ ᠲᠤᠬᠠᠢ ᠰᠠᠨᠠᠯ︾ ᠪᠣᠯᠣᠨ ︽ᠲᠡᠭᠡᠳᠤ ᠵᠡᠷᠭᠡ ᠶᠢᠨ ᠰᠤᠷᠭᠠᠭᠤᠯᠢ ᠶᠢᠨ ᠦᠪᠡᠷ ᠢᠶᠠᠨ ᠡᠵᠡᠡ ᠮᠡᠳᠡᠵᠤ ᠰᠤᠷᠤᠭᠴᠢ ᠡᠯᠰᠡᠬᠦ ᠲᠤᠷᠰᠢᠯᠳᠠ ᠶᠢᠨ ᠴᠢᠭ᠋ ᠤᠨ ᠠᠵᠢᠯ ᠢ ᠴᠢᠨᠠᠭᠰᠢᠳᠠ ᠲᠡᠬᠦᠯᠳᠡᠷᠵᠢᠬᠦᠯᠦᠨ ᠲᠦᠷᠢᠮᠵᠢᠬᠦᠯᠬᠦ ᠲᠤᠬᠠᠢ ᠰᠠᠨᠠᠯ︾᠎ ᠢ ᠦᠨᠳᠦᠰᠦᠯᠡᠪᠡᠯ᠂ 2015 ᠤᠨ‌‍ᠤ 1 ᠰᠠᠷ᠎ᠠ ᠶᠢᠨ 1᠎ ᠤ ᠡᠳᠤᠷ ᠠᠴᠠ ᠡᠬᠢᠯᠡᠡ᠂ ᠤᠯᠢᠮᠫᠢᠺ ᠤᠨ ᠤᠷᠤᠯᠳᠤᠭᠠᠠ ᠵᠡᠷᠭᠡ ᠪᠦᠬᠦ ᠤᠯᠤᠰ ᠤᠨ ᠴᠢᠨᠠᠷᠳᠠᠢ 6 ᠲᠦᠷᠦᠯ ᠤᠨ ᠬᠤᠪᠢ ᠨᠡᠮᠡᠬᠦ ᠲᠦᠷᠦᠯ ᠵᠦᠢᠯ ᠢ ᠦᠭᠡᠶᠢᠰᠭᠡᠭᠡᠳ᠂ ᠵᠦᠪᠭᠡᠡ ︽ᠦᠷᠡᠭᠳᠡᠭᠰᠡᠡ ᠪᠠᠭᠠᠳᠤᠷᠴᠤᠳ ᠤᠨ ᠭᠡᠷ ᠪᠦᠯᠢ ᠶᠢᠨ ᠦᠷ᠎ᠠ ᠬᠡᠦᠬᠡᠳ ᠲᠤ ᠬᠤᠪᠢ ᠨᠡᠮᠡᠬᠦ︾ ᠵᠡᠷᠭᠡ ᠲᠡᠳᠬᠦᠨ ᠬᠠᠷᠠᠭᠠᠯᠵᠠᠬᠤ ᠴᠢᠨᠠᠷᠳᠠᠢ 5 ᠵᠦᠢᠯ ᠤᠨ ᠬᠤᠪᠢ ᠨᠡᠮᠡᠬᠦ ᠲᠦᠷᠦᠯ ᠵᠦᠢᠯ ᠢ ᠦᠯᠡᠳᠡᠭᠡᠡ ᠭᠡᠷᠡᠭᠵᠢᠬᠦᠯᠬᠦ ᠪᠤᠯᠤᠨ᠎ᠠ᠃      2014 ᠤᠨ ᠤ ᠨᠢᠭᠡᠳᠤᠯᠳᠠᠢ ᠰᠢᠯᠭᠠᠯᠳᠠ ᠳᠤ ᠪᠦᠬᠦ ᠤᠯᠤᠰ ᠤᠨ ᠴᠢᠨᠠᠷᠳᠠᠢ ᠬᠤᠪᠢ ᠨᠡᠮᠡᠬᠦ ᠲᠦᠷᠦᠯ ᠵᠦᠢᠯ ᠨᠠᠶᠢᠳᠠ 11 ᠪᠠᠶᠢᠪᠠ᠂ ᠡᠬᠦᠨ ᠳᠤ ᠵᠤᠷᠢᠭᠵᠢᠭᠤᠯᠤᠯ ᠤᠨ ᠴᠢᠨᠠᠷᠳᠠᠢ ᠬᠤᠪᠢ ᠨᠡᠮᠡᠬᠦ ᠲᠦᠷᠦᠯ ᠵᠦᠢᠯ 6᠂ ᠲᠡᠳᠬᠦᠨ ᠬᠠᠷᠠᠭᠠᠯᠵᠠᠬᠤ ᠴᠢᠨᠠᠷᠳᠠᠢ ᠬᠤᠪᠢ ᠨᠡᠮᠡᠬᠦ ᠲᠦᠷᠦᠯ ᠵᠦᠢᠯ 5 ᠪᠠᠶᠢᠵᠠᠢ᠃ ᠡᠨᠡ ᠤᠳᠠᠭ᠎ᠠ ᠶᠢᠨ ᠨᠢᠭᠡᠳᠤᠯᠳᠠᠢ ᠰᠢᠯᠭᠠᠯᠳᠠ ᠳᠤ ᠬᠤᠪᠢ ᠨᠡᠮᠡᠬᠦ ᠲᠦᠷᠦ ᠶᠢᠨ ᠪᠤᠳᠤᠯᠭ᠎ᠠ ᠶᠢᠨ ᠦᠭᠡᠷᠡᠴᠢᠯᠡᠯᠳᠡ ᠨᠢ ᠬᠤᠪᠢ ᠨᠡᠮᠡᠬᠦ ᠲᠦᠷᠦᠯ ᠵᠦᠢᠯ ᠢ ᠬᠠᠰᠤᠵᠤ ᠴᠦᠭᠡᠳᠭᠡᠬᠦ ᠪᠠᠷ ᠭᠤᠤᠯᠳᠠᠯᠭ᠎ᠠ ᠪᠤᠯᠭᠠᠭᠰᠠᠠ ᠪᠠᠶᠢᠨ᠎ᠠ᠃ 2015 ᠤᠨ ᠤ 1 ᠰᠠᠷ᠎ᠠ ᠶᠢᠨ 1᠎ ᠤ ᠡᠳᠤᠷ ᠠᠴᠠ ᠡᠬᠢᠯᠡᠡ ᠵᠤᠷᠢᠭᠵᠢᠭᠤᠯᠤᠯ ᠤᠨ ᠴᠢᠨᠠᠷᠳᠠᠢ ᠬᠤᠪᠢ ᠨᠡᠮᠡᠬᠦ 6 ᠲᠦᠷᠦᠯ ᠵᠦᠢᠯ ᠢ ᠴᠦᠮ ᠦᠭᠡᠶᠢᠰᠬᠡᠵᠡᠢ᠃      ᠡᠨᠡᠬᠦ 6 ᠲᠦᠷᠦᠯ ᠵᠦᠢᠯ᠄      1᠂ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠬᠤᠭᠤᠴᠠᠭᠠᠠ ᠳᠠᠭᠠᠨ ︽ᠴᠢᠬᠤᠯᠠ ᠶᠡᠭᠡ ᠲᠡᠯᠡᠬᠡᠢ ᠨᠠᠶᠢᠳᠠ ᠶᠢᠨ ᠪᠠᠶ᠎ᠠ ᠶᠢᠨ ᠲᠠᠮᠢᠷ ᠤᠨ ᠤᠷᠤᠯᠳᠤᠭᠠᠠ ᠤ ᠬᠠᠮᠳᠤ ᠪᠠ ᠬᠤᠪᠢ ᠬᠦᠮᠦᠨ ᠤ ᠲᠦᠷᠦᠯ ᠵᠦᠢᠯ ᠤᠨ ᠲᠦᠷᠦᠬᠦᠦ 6 ᠨᠠᠷ᠎ᠠ ᠳᠤ ᠤᠷᠤᠭᠰᠠᠳ᠂ ᠪᠦᠬᠦ ᠤᠯᠤᠰ ᠤᠨ ᠴᠢᠨᠠᠷᠳᠠᠢ ᠪᠠᠶ᠎ᠠ ᠶᠢᠨ ᠲᠠᠮᠢᠷ ᠤᠨ ᠤᠷᠤᠯᠳᠤᠭᠠᠠ ᠤ ᠬᠠᠮᠳᠤ ᠪᠠ ᠬᠤᠪᠢ ᠬᠦᠮᠦᠨ ᠤ ᠲᠦᠷᠦᠯ ᠵᠦᠢᠯ ᠤᠨ ᠲᠦᠷᠦᠬᠦᠦ 6 ᠨᠠᠷ᠎ᠠ ᠳᠤ ᠤᠷᠤᠭᠰᠠᠳ︾᠃      2᠂ ᠤᠯᠤᠰ ᠤᠨ ᠬᠤᠶᠠᠳᠤᠭᠠᠷ ᠲᠡᠰ ᠤᠨ ᠲᠠᠮᠢᠷᠴᠢᠨ ᠤ ᠴᠤᠯᠠ ᠬᠦᠷᠳᠡᠭᠰᠡᠳ᠃      3᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠳᠠᠭᠠᠨ ᠪᠦᠬᠦ ᠤᠯᠤᠰ ᠤᠨ ᠲᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠤᠯᠢᠮᠫᠢᠺ ᠤᠨ ᠤᠷᠤᠯᠳᠤᠭᠠᠠ ᠤ ᠪᠦᠬᠦ ᠤᠯᠤᠰ ᠤᠨ ᠰᠢᠢᠳᠪᠤᠷᠢᠳᠤ ᠤᠷᠤᠯᠳᠤᠭᠠᠠ ᠳᠤ ᠨᠢᠭᠡ᠂ ᠬᠤᠶᠠᠷ᠂ ᠭᠤᠷᠪᠠᠳᠤᠭᠠᠷ ᠲᠡᠰ ᠤᠨ ᠱᠠᠩᠨᠠᠯ ᠬᠦᠷᠳᠡᠭᠰᠡᠳ᠃      4᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠳᠠᠭᠠᠨ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠠ ᠮᠡᠷᠭᠡᠵᠢᠯ ᠤᠨ ᠡᠬᠦᠳᠦᠯᠳᠡ ᠶᠢᠨ ᠤᠷᠤᠯᠳᠤᠭᠠᠠ᠂ ᠪᠦᠬᠦ ᠤᠯᠤᠰ ᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠺᠤᠮᠫᠢᠦ᠋ᠲ᠋ᠧᠷ ᠢᠶᠠᠷ ᠦᠢᠯᠡᠳᠴᠤ ᠬᠢᠬᠦ ᠠᠵᠢᠯᠯᠠᠭ᠎ᠠ ᠳᠤ ᠤᠷᠤᠯᠴᠠᠭᠠᠳ ᠨᠢᠭᠡ᠂ ᠬᠤᠶᠠᠷ᠂ ᠭᠤᠷᠪᠠᠳᠤᠭᠠᠷ ᠲᠡᠰ ᠤᠨ ᠱᠠᠩᠨᠠᠯ ᠬᠦᠷᠳᠡᠭᠰᠡᠳ᠂ ᠤᠯᠠᠠ ᠤᠯᠤᠰ ᠤᠨ ᠰᠢᠨᠵᠢᠯᠡᠬᠦ ᠤᠬᠠᠭᠠᠠ ᠬᠢᠭᠡᠳ ᠢᠨᠵᠧᠨᠧᠷᠢᠩ ᠤᠨ ᠤᠷᠤᠯᠳᠤᠭᠠᠠ ᠪᠤᠶᠤ ᠤᠯᠠᠠ ᠤᠯᠤᠰ ᠤᠨ ᠤᠷᠴᠢᠨ ᠲᠤᠭᠤᠷᠢᠨ ᠤ ᠰᠢᠨᠵᠢᠯᠡᠬᠦ ᠤᠬᠠᠭᠠᠠ ᠤ ᠰᠤᠳᠤᠯᠭᠠᠠ ᠤ ᠲᠦᠷᠦᠯ ᠵᠦᠢᠯ ᠤᠨ ᠤᠯᠢᠮᠫᠢᠺ ᠤᠨ ᠤᠷᠤᠯᠳᠤᠭᠠᠠ ᠳᠤ ᠱᠠᠩᠨᠠᠯ ᠬᠦᠷᠳᠡᠭᠰᠡᠳ᠃      5᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠳᠠᠭᠠᠨ ᠮᠤᠵᠢ ᠶᠢᠨ ᠲᠡᠰ ᠤᠨ ᠰᠢᠯᠢᠳᠡᠭ ᠰᠤᠷᠤᠭᠴᠢ ᠶᠢᠨ ᠴᠤᠯᠠ ᠬᠦᠷᠳᠡᠭᠰᠡᠳ᠃      6᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠳᠠᠭᠠᠨ ᠦᠵᠡᠯ ᠰᠠᠨᠠᠭ᠎ᠠ᠂ ᠤᠯᠤᠰ ᠲᠦᠷᠦ᠂ ᠶᠤᠰᠤ ᠮᠤᠷᠠᠯ ᠤᠨ ᠲᠠᠯ᠎ᠠ ᠪᠠᠷ ᠲᠤᠪᠤᠶᠢᠮ᠎ᠠ ᠦᠢᠯᠡ ᠠᠵᠢᠯᠯᠠᠭ᠎ᠠ ᠲᠠᠢ ᠪᠠᠷ ᠦᠨᠡᠯᠡᠭᠳᠡᠭᠰᠡᠳ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号