2015 ᠤᠨ ᠤ ᠪᠠᠭᠰᠢ ᠶᠢᠨ ᠬᠢᠷᠢ ᠬᠡᠮ ᠢ ᠦᠨᠡᠮᠰᠢᠬᠦ ᠰᠢᠯᠭᠠᠯᠲᠠ ᠶᠢᠨ ᠬᠠᠮᠢᠶ᠎ᠠ ᠪᠦᠬᠦᠢ ᠤᠴᠢᠷ ᠢ ᠲᠤᠭᠲᠠᠭᠠᠪᠠ
ᠨᠡᠶᠢᠲᠡᠯᠡᠭᠰᠡᠨ ᠴᠠᠭ᠄
2015/3/17
     2015 ᠤᠨ ᠤ ᠪᠦᠬᠦ ᠣᠷᠣᠨ ᠤ ᠪᠠᠭᠰᠢ ᠶᠢᠨ ᠬᠢᠷᠢ ᠬᠡᠮ ᠢ ᠦᠨᠡᠮᠰᠢᠬᠦ ︽ᠰᠤᠷᠭᠠᠨ ᠬᠦᠮᠥᠵᠢᠯ ᠤᠨ ᠤᠬᠠᠭᠠᠨ︾᠂ ︽ᠰᠤᠷᠭᠠᠨ ᠬᠦᠮᠥᠵᠢᠯ ᠤᠨ ᠰᠡᠳᠬᠢᠴᠡ ᠵᠦᠢ︾᠎ ᠶᠢᠨ ᠰᠢᠯᠭᠠᠯᠲᠠ ᠶᠢᠨ ᠬᠠᠮᠢᠶ᠎ᠠ ᠪᠦᠬᠦᠢ ᠤᠴᠢᠷ ᠢ ᠲᠣᠭᠲᠠᠭᠠᠵᠦ᠂ ᠰᠢᠯᠭᠠᠯᠲᠠ ᠶᠢ 4 ᠳ᠋ᠤᠭᠡᠷ ᠰᠠᠷ᠎ᠠ ᠶᠢᠨ 25᠎ ᠤ ᠡᠳᠥᠷ ᠶᠠᠪᠤᠭᠳᠠᠭᠤᠯᠬᠤ ᠪᠠᠷ ᠲᠣᠭᠲᠠᠭᠠᠵᠦ᠂ ᠰᠦᠯᠵᠢᠶᠡᠨ ᠳᠡᠭᠡᠷ᠎ᠡ ᠨᠡᠷ᠎ᠡ  ᠮᠡᠳᠡᠭᠦᠯᠬᠦ ᠴᠠᠭ ᠨᠢ 3 ᠳ᠋ᠤᠭᠠᠷ ᠰᠠᠷ᠎ᠠ ᠶᠢᠨ 2᠎ ᠤᠨ ᠡᠳᠥᠷ ᠠᠴᠠ 8᠎ ᠤ ᠡᠳᠥᠷ ᠬᠦᠷᠲᠡᠯ᠎ᠡ ᠪᠣᠯᠤᠨ᠎ᠠ᠃      ᠨᠡᠷ᠎ᠡ ᠮᠡᠳᠡᠭᠦᠯᠬᠦ ᠨᠦᠬᠦᠴᠡᠯ ᠨᠢ᠄ ᠦᠪᠡᠷᠳᠡᠭᠡᠨ ᠵᠠᠰᠠᠬᠤ ᠣᠷᠣᠨ ᠤ ᠡᠷᠥᠬᠡ ᠠᠮᠠ ᠶᠢᠨ ᠬᠠᠷᠢᠶ᠎ᠠ ᠲᠠᠢ ᠬᠦᠮᠥᠰ ᠪᠤᠶᠤ ᠦᠪᠡᠷᠳᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠮᠡᠳᠡᠭᠦᠯᠥᠨ ᠰᠢᠯᠭᠠᠭᠤᠯᠵᠦ ᠪᠣᠯᠤᠨ᠎ᠠ︔ ᠳᠡᠭᠡᠳᠦ ᠵᠡᠷᠭᠡ ᠶᠢᠨ ᠲᠡᠰ ᠤᠨ ︽ᠰᠤᠷᠭᠠᠨ ᠬᠦᠮᠥᠵᠢᠯ ᠤᠨ ᠤᠬᠠᠭᠠᠨ︾᠂ ︽ᠰᠤᠷᠭᠠᠨ ᠬᠦᠮᠥᠵᠢᠯ ᠤᠨ ᠰᠡᠳᠬᠢᠴᠡ ᠵᠦᠢ︾᠎ ᠳᠤ ᠮᠡᠳᠡᠭᠦᠯᠥᠨ ᠰᠢᠯᠭᠠᠭᠤᠯᠤᠭᠰᠠᠳ ᠪᠣᠯ ᠠᠵᠢᠯ ᠳᠤ ᠪᠠᠶᠢᠭ᠎ᠠ ᠪᠤᠶᠤ ᠤᠷᠢᠨ ᠬᠡᠷᠡᠭᠯᠡᠵᠦ ᠪᠠᠶᠢᠭ᠎ᠠ ᠳᠡᠭᠡᠳᠦ ᠰᠤᠷᠭᠠᠭᠤᠯᠢ ᠶᠢᠨ ᠪᠠᠭᠰᠢ ᠪᠣᠯᠤᠨ᠎ᠠ︔ ᠨᠡᠶᠢᠭᠡᠮ ᠤᠨ ᠪᠤᠰᠤᠳ ᠬᠦᠮᠥᠰ ᠭᠡᠳ ᠮᠡᠳᠡᠭᠦᠯᠥᠨ ᠰᠢᠯᠭᠠᠭᠤᠯᠵᠦ ᠪᠣᠯᠤᠨ᠎ᠠ᠂ ᠭᠡᠬᠦ ᠳᠡᠭᠡᠨ ᠳᠡᠭᠡᠳᠦ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢ ᠣᠯᠬᠤ ᠠᠴᠠ ᠡᠮᠥᠨ᠎ᠡ ᠪᠣᠯ ᠪᠠᠭᠰᠢ ᠶᠢᠨ ᠬᠢᠷᠢ ᠬᠡᠮ ᠤᠨ ᠦᠨᠡᠮᠯᠡᠯ ᠭᠤᠶᠤᠴᠢᠯᠠᠵᠦ ᠪᠣᠯᠬᠤ ᠦᠭᠡᠢ᠃ ᠰᠢᠯᠭᠠᠭᠤᠯᠤᠭᠰᠠᠳ 3 ᠳ᠋ᠤᠭᠠᠷ ᠰᠠᠷ᠎ᠠ ᠶᠢᠨ 2᠎ ᠤᠨ ᠡᠳᠥᠷ ᠠᠴᠠ 8᠎ ᠤ ᠡᠳᠥᠷ ᠪᠣᠯᠲᠠᠯ᠎ᠠ᠂ ᠦᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠶᠢᠨ ᠬᠠᠮᠲᠦ ᠲᠤᠰ ᠬᠦᠮᠥᠨ ᠨᠢ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠦ ᠨᠡᠷ᠎ᠡ ᠮᠡᠳᠡᠭᠦᠯᠬᠦ ᠭᠠᠵᠠᠷ ᠲᠤ ᠬᠦᠷᠴᠦ ᠬᠤᠷᠢᠶᠠᠬᠤ ᠰᠣᠳᠠᠯ ᠤᠨ ᠴᠢᠰᠦ ᠠᠪᠤᠭᠤᠯᠬᠤ ᠪᠠ ᠲᠤᠬᠠᠢ ᠶᠢᠨ ᠲᠠᠯᠠᠪᠠᠢ ᠳᠤ ᠭᠡᠷᠡᠯ ᠵᠢᠷᠤᠭ ᠠᠪᠤᠭᠤᠯᠵᠦ ᠨᠤᠲᠠᠯᠠᠭᠤᠯᠤᠨ᠎ᠠ᠃ ᠡᠨᠡ ᠤᠳᠠᠭᠠᠨ ᠤ ᠨᠡᠷ᠎ᠡ ᠮᠡᠳᠡᠭᠦᠯᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠨᠦᠬᠦᠵᠦ ᠨᠡᠷ᠎ᠡ ᠮᠡᠳᠡᠭᠦᠯᠬᠦ ᠴᠠᠭ ᠬᠤᠭᠤᠴᠠᠭ᠎ᠠ ᠭᠡᠵᠦ ᠲᠣᠬᠢᠷᠠᠭᠤᠯᠬᠤ ᠦᠭᠡᠢ᠃      ᠰᠤᠷᠠᠭ ᠴᠢᠮᠡᠭᠡ ᠶᠢ ᠦᠨᠳᠥᠰᠥᠯᠡᠪᠡᠯ᠂ ᠬᠢᠷᠢ ᠪᠦᠲᠥᠮᠵᠢ ᠶᠢ ᠨᠡᠶᠢᠲᠡᠯᠡᠬᠦ ᠴᠠᠭ ᠨᠢ 6 ᠳ᠋ᠤᠭᠠᠷ ᠰᠠᠷ᠎ᠠ ᠶᠢᠨ 1᠎ ᠤ ᠡᠳᠥᠷ ᠪᠣᠯᠤᠨ᠎ᠠ᠂ ᠰᠢᠯᠭᠠᠯᠲᠠ ᠶᠢᠨ ᠬᠢᠷᠢ ᠪᠦᠲᠥᠮᠵᠢ ᠳᠡᠭᠡᠨ ᠰᠡᠵᠢᠭ ᠲᠠᠢ ᠰᠢᠯᠭᠠᠭᠤᠯᠤᠭᠰᠠᠳ ᠪᠦᠬᠦᠨ ᠦᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠦ᠂ 6 ᠳ᠋ᠤᠭᠠᠷ ᠰᠠᠷ᠎ᠠ ᠶᠢᠨ 1᠎ ᠤ ᠡᠳᠥᠷ ᠠᠴᠠ 8᠎ ᠤ ᠡᠳᠥᠷ ᠪᠣᠯᠲᠠᠯ᠎ᠠ ᠰᠢᠯᠭᠠᠯᠲᠠ ᠶᠢᠨ ᠬᠠᠭᠤᠳᠠᠰᠦ ᠶᠢᠨ ᠬᠤᠪᠢ ᠪᠠᠨ ᠲᠠᠬᠢᠨ ᠪᠠᠶᠢᠴᠠᠭᠠᠬᠤ ᠭᠤᠶᠤᠴᠢᠯᠠᠯ ᠢᠶᠠᠨ ᠲᠤᠰᠢᠶᠠᠵᠦ ᠪᠣᠯᠣᠨ᠎ᠠ᠂ ᠬᠤᠭᠤᠴᠠᠭ᠎ᠠ ᠬᠡᠲᠥᠷᠡᠪᠡᠯ ᠬᠦᠯᠢᠶᠡᠨ ᠠᠪᠬᠤ ᠦᠭᠡᠢ᠃ ᠲᠠᠬᠢᠨ ᠪᠠᠶᠢᠴᠠᠭᠠᠬᠤ ᠬᠡᠪᠴᠢᠶ᠎ᠡ ᠨᠢ ᠬᠠᠷᠢᠭᠤᠯᠤᠭᠰᠠᠨ ᠰᠢᠯᠭᠠᠯᠲᠠ ᠶᠢᠨ ᠬᠠᠭᠤᠳᠠᠰᠦ ᠶᠢᠨ ᠣᠷᠬᠢᠭᠳᠠᠭᠤᠯᠤᠨ ᠦᠵᠡᠭᠰᠡᠨ᠂ ᠬᠤᠪᠢ ᠶᠢ ᠣᠷᠬᠢᠭᠳᠠᠭᠤᠯᠤᠨ ᠲᠡᠮᠳᠡᠭᠯᠡᠭᠰᠡᠨ ᠪᠤᠷᠤᠭᠤ ᠲᠡᠮᠳᠡᠭᠯᠡᠭᠰᠡᠨ᠂ ᠪᠢᠴᠢᠵᠦ ᠣᠷᠣᠭᠤᠯᠤᠭᠰᠠᠨ ᠨᠢ ᠪᠤᠷᠤᠭᠤ ᠲᠠᠢ ᠪᠣᠯᠤᠭᠰᠠᠨ ᠵᠡᠷᠭᠡ ᠪᠣᠯᠤᠨ᠎ᠠ᠃ 7 ᠳ᠋ᠤᠭᠠᠷ ᠰᠠᠷ᠎ᠠ ᠶᠢᠨ 1᠎ ᠤ ᠡᠳᠥᠷ ᠠᠴᠠ 8 ᠳ᠋ᠤᠭᠠᠷ ᠰᠠᠷ᠎ᠠ ᠶᠢᠨ 1᠎ ᠤ ᠡᠳᠥᠷ ᠪᠣᠯᠲᠠᠯ᠎ᠠ᠂ ᠰᠢᠯᠭᠠᠭᠤᠯᠤᠭᠰᠠᠳ ᠰᠢᠯᠭᠠᠭᠤᠯᠬᠤ ᠦᠨᠡᠮᠯᠡᠯ ᠪᠠ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠷ ᠢᠶᠠᠨ ᠳᠠᠩᠰᠠᠯᠠᠭᠤᠯᠬᠤ ᠳᠤ ᠲᠠᠭᠯᠠᠨ ᠪᠢᠴᠢᠭᠰᠡᠨ ᠨᠡᠷ᠎ᠡ ᠮᠡᠳᠡᠭᠦᠯᠬᠦ ᠴᠢᠭ᠋ ᠤᠨ ᠪᠠᠶᠢᠭ᠎ᠠ ᠠᠶᠢᠮᠠᠭ ᠬᠤᠲᠠ ᠶᠢᠨ ᠰᠤᠷᠭᠠᠨ ᠬᠦᠮᠥᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠪᠤᠶᠤ ᠪᠤᠰᠤᠳ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠬᠢᠷᠢ ᠪᠦᠲᠥᠮᠵᠢ ᠶᠢᠨ ᠬᠠᠭᠤᠳᠠᠰᠦ ᠪᠤᠶᠤ ᠬᠢᠷᠢ ᠲᠡᠩᠴᠡᠭᠰᠡᠨ ᠦᠨᠡᠮᠯᠡᠯ ᠢᠶᠠᠨ ᠠᠪᠤᠨ᠎ᠠ᠂ ᠰᠢᠯᠭᠠᠭᠤᠯᠬᠤ ᠦᠨᠡᠮᠯᠡᠯ ᠦᠭᠡᠢ ᠰᠢᠯᠭᠠᠭᠤᠯᠤᠭᠰᠠᠳ ᠪᠣᠯ ᠲᠤᠰ ᠬᠦᠮᠥᠨ ᠨᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠳᠡᠭᠡᠷ᠎ᠡ ᠳᠤᠷᠠᠳᠤᠭᠰᠠᠨ ᠭᠠᠵᠠᠷ ᠲᠤ ᠬᠦᠷᠴᠦ ᠬᠢᠷᠢ ᠪᠦᠲᠥᠮᠵᠢ ᠪᠠᠨ ᠠᠪᠬᠤ ᠬᠡᠷᠡᠭᠲᠡᠢ᠃      ᠦᠪᠡᠷᠳᠡᠭᠡᠨ ᠵᠠᠰᠠᠬᠤ ᠣᠷᠣᠨ ᠤ ᠰᠤᠷᠭᠠᠨ ᠬᠦᠮᠥᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠰᠢᠯᠭᠠᠭᠤᠯᠤᠭᠠᠰᠳ ᠲᠤ ᠭᠠᠭᠴᠠ ᠵᠦᠢᠯ ᠤᠨ ᠬᠢᠷᠢ ᠪᠦᠲᠥᠮᠵᠢ ᠨᠢ ᠬᠢᠷᠢ ᠲᠡᠩᠴᠡᠭᠰᠡᠨ ᠰᠢᠯᠭᠠᠭᠤᠯᠤᠭᠰᠠᠳ ᠭᠠᠭᠴᠠ ᠵᠦᠢᠯ ᠤᠨ ᠬᠢᠷᠢ ᠲᠡᠩᠴᠡᠭᠰᠡᠨ ᠬᠢᠷᠢ ᠪᠦᠲᠥᠮᠵᠢ ᠶᠢᠨ ᠬᠦᠴᠥᠨ ᠪᠦᠬᠦᠢ ᠬᠤᠭᠤᠴᠠᠭᠠᠨ ᠳᠤ ︵ᠲᠤᠬᠠᠶᠢᠯᠠᠪᠠᠯ ᠭᠠᠭᠴᠠ ᠵᠦᠢᠯ ᠤᠨ ᠬᠢᠷᠢ ᠪᠦᠲᠥᠮᠵᠢ ᠶᠢ ᠨᠡᠶᠢᠲᠡᠯᠡᠭᠰᠡᠨ ᠡᠳᠥᠷ ᠠᠴᠠ ᠡᠬᠢᠯᠡᠨ ᠬᠤᠶᠠᠷ ᠵᠢᠯ ᠤᠨ ᠲᠣᠲᠤᠷ᠎ᠠ ᠬᠦᠴᠥᠨ ᠲᠠᠢ︶ ᠴᠠᠭ ᠲᠤᠬᠠᠢ ᠳᠤᠨᠢ ᠨᠦᠭᠦᠭᠡ ᠨᠢᠭᠡ ᠵᠦᠢᠯ ᠢᠶᠠᠨ ᠮᠡᠳᠡᠭᠦᠯᠥᠨ ᠰᠢᠯᠭᠠᠭᠤᠯᠬᠤ ᠬᠡᠷᠡᠭᠲᠡᠢ᠂ ᠲᠤᠬᠠᠶᠢᠯᠠᠪᠠᠯ 2013 ᠣᠨ᠂ 2014 ᠣᠨ ᠳᠤ ᠭᠠᠭᠴᠠ ᠵᠦᠢᠯ ᠤᠨ ᠬᠢᠷᠢ ᠪᠦᠲᠥᠮᠵᠢ ᠎ ᠨᠢ ᠬᠢᠷᠢ ᠲᠡᠩᠴᠡᠭᠰᠡᠨ ᠰᠢᠯᠭᠠᠭᠤᠯᠤᠭᠰᠠᠳ ᠪᠣᠯ ᠨᠦᠭᠦᠭᠡ ᠨᠢᠭᠡ ᠵᠦᠢᠯ ᠢᠶᠠᠨ ᠮᠡᠳᠡᠭᠦᠯᠥᠨ ᠰᠢᠯᠭᠠᠭᠤᠯᠵᠦ ᠪᠣᠯᠤᠨ᠎ᠠ᠂ 2013 ᠣᠨ ᠠᠴᠠ ᠡᠮᠥᠨᠡᠬᠢ ᠭᠠᠭᠴᠠ ᠵᠦᠢᠯ ᠤᠨ ᠬᠢᠷᠢ ᠲᠡᠩᠴᠡᠭᠰᠡᠨ ᠬᠢᠷᠢ ᠪᠦᠲᠥᠮᠵᠢ ᠨᠢ ᠬᠦᠴᠥᠨ ᠦᠭᠡᠢ ᠪᠣᠯᠤᠨ᠎ᠠ ᠭᠡᠳᠡᠭ ᠢ ᠰᠠᠨᠠᠭᠤᠯᠵᠦ ᠪᠠᠶᠢᠨ᠎ᠠ᠃ ᠬᠤᠯᠪᠤᠭᠳᠠᠯ ᠪᠦᠬᠦᠢ 2015 ᠣᠨ ᠤ ᠪᠠᠭᠰᠢ ᠶᠢᠨ ᠬᠢᠷᠢ ᠬᠡᠮ ᠢ ᠦᠨᠡᠮᠰᠢᠬᠦ ᠰᠢᠯᠭᠠᠯᠲᠠ ᠶᠢᠨ ᠬᠠᠮᠢᠶ᠎ᠠ ᠪᠦᠬᠦᠢ ᠨᠠᠷᠢᠨ ᠪᠠᠶᠢᠳᠠᠯ ᠢ ᠰᠢᠯᠭᠠᠭᠤᠯᠤᠭᠰᠠᠳ ᠦᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠪᠠᠶᠢᠴᠠᠭᠠᠨ ᠡᠷᠢᠵᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号