ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠄ | ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠪᠠᠷ᠂ ᠮᠠᠨ ᠤ | ᠤᠷᠤᠨ ᠤ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠬᠦᠷᠢᠶᠡᠨ ᠤ ᠲᠦᠷᠦᠯ ᠵᠦᠢᠯ ᠤᠨ ᠮᠡᠳᠡᠭᠡ ᠵᠠᠩᠭᠢ ᠶᠢ | ᠢᠯᠡ ᠪᠤᠯᠭᠠᠬᠤ ᠪᠠ ᠦᠨᠡᠨᠴᠢ ᠢᠳᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠠᠵᠢᠯ ᠢᠯᠡᠳᠳᠡ ᠠᠮᠵᠢᠯᠳᠠ ᠤᠯᠪᠠ᠂ | ᠬᠡᠪᠡᠴᠤ ᠡᠭᠦᠨ ᠤ ᠵᠡᠷᠭᠡᠴᠡᠭᠡᠷ ᠠᠵᠢᠯ ᠬᠠᠷᠠᠬᠠᠨ ᠬᠤᠴᠤᠷᠤᠩᠭᠤᠢ ᠪᠠᠶᠢᠵᠦ᠂ ᠬᠠᠮᠢᠶ᠎ᠠ ᠪᠦᠬᠦᠢ ᠮᠡᠳᠡᠭᠡ ᠵᠠᠩᠬᠢ ᠶᠢ | ᠢᠯᠡ ᠪᠤᠯᠭᠠᠭᠠᠳᠤᠢ ᠪᠠᠶᠢᠬᠤ ᠪᠠᠶᠢᠳᠠᠯ ᠮᠦᠨᠬᠦ ᠤᠷᠤᠰᠢᠵᠦ ᠪᠠᠶᠢᠨ᠎ᠠ᠃ ᠦᠨᠦ ᠪᠦᠬᠦ ᠤᠷᠤᠨ ᠤ ᠪᠠᠷᠢᠯᠭ᠎ᠠ ᠶᠢᠨ | ᠪᠦᠳᠤᠭᠡᠨ ᠪᠠᠶᠢᠭᠤᠯᠤᠯᠳᠠ ᠶᠢᠨ ᠬᠦᠷᠢᠶᠡᠨ ᠤ ᠲᠦᠷᠦᠯ ᠵᠦᠢᠯ ᠤᠨ ᠮᠡᠳᠡᠭᠡ ᠵᠠᠩᠬᠢ ᠪᠤᠯᠤᠨ ᠢᠳᠡᠭᠡᠮᠵᠢ ᠶᠢᠨ | ᠮᠡᠳᠡᠭᠡ ᠵᠠᠩᠬᠢ ᠶᠢ ᠢᠯᠡ ᠪᠤᠯᠭᠠᠬᠤ ᠪᠠᠶᠢᠳᠠᠯ ᠢ ᠳᠤᠤᠷᠠᠬᠢ ᠮᠠᠳᠤ ᠠᠯᠪᠠᠨ ᠵᠠᠷᠯᠠᠪᠠ᠄ | 2014 ᠤᠨ ᠤ ᠡᠴᠤᠰ ᠪᠤᠯᠬᠤ ᠳᠤ᠂ ᠪᠦᠬᠦ ᠤᠷᠤᠨ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ | ᠶᠢᠨ ᠬᠦᠷᠢᠶᠡᠨ ᠤ ᠲᠦᠷᠦᠯ ᠵᠦᠢᠯ ᠤᠨ ᠮᠡᠳᠡᠭᠡ ᠵᠠᠩᠬᠢ ᠪᠤᠯᠤᠨ ᠢᠳᠡᠭᠡᠮᠵᠢ ᠶᠢᠨ ᠮᠡᠳᠡᠭᠡ ᠵᠡᠩᠬᠢ ᠶᠢ ᠢᠯᠡ ᠪᠤᠯᠭᠠᠨ | ᠬᠠᠮᠳᠤ ᠪᠠᠷ ᠬᠦᠷᠳᠡᠬᠦ ᠲᠤᠰᠬᠠᠢ ᠪᠤᠯᠤᠩ ᠢ ᠨᠡᠶᠢᠳᠠ 3768 ︵ᠡᠯ᠎ᠡ ᠱᠠᠳᠤᠨ ᠤ ᠵᠠᠰᠠᠭ ᠤᠨ ᠤᠷᠳᠤᠨ ᠤ ᠬᠠᠷᠢᠶ᠎ᠠ | ᠪᠦᠬᠦᠢ ᠰᠠᠯᠠᠭ ᠮᠦᠴᠢᠷ ᠤᠨ ᠲᠤᠰᠬᠠᠢ ᠪᠤᠯᠤᠩ ᠪᠠᠭᠳᠠᠨ᠎ᠠ︶ ᠶᠢ ᠨᠡᠭᠡᠬᠡᠪᠡ᠃ ᠡᠭᠦᠨ ᠳᠤ᠂ ᠠᠶᠢᠮᠠᠭ ᠬᠤᠳᠠ 12 | ᠲᠤᠰᠬᠠᠢ ᠪᠤᠯᠤᠩ᠂ ᠲᠦᠯᠦᠪᠯᠡᠭᠡ ᠳᠤ ᠠᠰᠳᠠᠭᠠᠨ ᠵᠢᠭᠰᠠᠭᠠᠭᠰᠠᠨ ᠬᠤᠳᠠ2 ᠲᠤᠰᠬᠠᠢ ᠪᠤᠯᠤᠩ ᠨᠡᠬᠡᠬᠡᠵᠦ᠂ | ᠬᠤᠰᠢᠭᠤ ᠰᠢᠶᠠᠨ ︵ᠬᠤᠳᠠ᠂ ᠲᠤᠭᠤᠷᠢᠭ︶103 ᠲᠤᠰᠬᠠᠢ ᠪᠤᠯᠤᠩ ︵ᠪᠤᠭᠤᠳᠤ ᠬᠤᠳᠠ ᠶᠢᠨ ᠬᠤᠪᠤᠷ ᠰᠢᠷᠤᠢ | ᠶᠢᠨ ᠳᠡᠭᠡᠳᠤ ᠰᠢᠨ᠎ᠡ ᠲᠤᠭᠤᠷᠢᠭ᠂ ᠤᠯᠠᠭᠠᠨᠬᠠᠳᠠ ᠬᠤᠳᠠ ᠶᠢᠨ ᠰᠢᠨ᠎ᠡ ᠬᠤᠳᠠ ᠲᠤᠭᠤᠷᠢᠭ ᠤᠨ ᠬᠠᠮᠢᠶᠠᠷᠤᠯᠳᠠ ᠶᠢᠨ | ᠵᠦᠪᠯᠡᠯ᠂ ᠰᠢᠯᠢ ᠶᠢᠨ ᠭᠤᠤᠯ ᠠᠶᠢᠮᠠᠭ ᠤᠨ ᠤᠯᠠᠭᠠᠢ ᠬᠠᠮᠢᠶᠠᠷᠤᠯᠳᠠ ᠶᠢᠨ ᠲᠤᠭᠤᠷᠢᠭ᠂ ᠤᠷᠳᠤᠰ ᠬᠤᠳᠠ ᠶᠢᠨ | ᠺᠠᠩ ᠪᠠᠭᠰᠢ ᠰᠢᠨ᠎ᠡ ᠲᠤᠭᠤᠷᠢᠭ ᠪᠠᠭᠳᠠᠨ᠎ᠠ︶ ᠨᠡᠬᠡᠬᠡᠵᠠᠢ︔ ᠦᠪᠡᠷᠳᠡᠭᠡᠨ ᠵᠠᠰᠠᠬᠤ ᠤᠷᠤᠨ ᠤ ᠲᠤᠰ ᠱᠠᠳᠤ ᠨᠢ 23 | ᠲᠤᠰᠬᠠᠢ ᠪᠤᠯᠤᠩ ᠨᠡᠬᠡᠬᠡᠵᠠᠢ᠃ 2014 ᠤᠨ ᠳᠤ᠂ ᠪᠦᠬᠦ ᠤᠷᠤᠨ ᠤ ᠡᠯ᠎ᠡ ᠱᠠᠳᠤᠨ ᠤ ᠡᠯ᠎ᠡ ᠬᠤᠯᠪᠤᠭᠳᠠᠯ ᠪᠦᠬᠦᠢ | ᠰᠠᠯᠠᠭ᠎ᠠ ᠮᠦᠴᠢᠷ 27841 ᠵᠤᠷᠪᠤᠰ ᠢᠳᠡᠭᠡᠮᠵᠢ ᠶᠢᠨ ᠮᠡᠳᠡᠭᠡ ᠵᠠᠩᠬᠢ ︵112 ᠵᠤᠷᠪᠤᠰ ᠡᠷᠡᠭᠦᠯ ᠪᠤᠰᠤ | ᠠᠵᠢᠯᠯᠠᠭ᠎ᠠ ᠶᠢᠨ ᠮᠡᠳᠡᠭᠡ ᠵᠠᠩᠬᠢ ᠪᠠᠭᠳᠠᠨ᠎ᠠ︶ ᠶᠢ ᠪᠠᠭᠳᠠᠭᠠᠭᠰᠠᠨ ᠨᠡᠶᠢᠳᠠ128279 ᠵᠤᠷᠪᠤᠰ ᠬᠠᠮᠢᠶ᠎ᠠ ᠪᠦᠬᠦᠢ | ᠮᠡᠳᠡᠭᠡ ᠵᠠᠩᠬᠢ ᠨᠡᠶᠢᠳᠡᠯᠡᠵᠠᠢ᠃ ᠡᠭᠦᠨ ᠳᠤ᠂ ᠠᠶᠢᠮᠠᠭ ᠬᠤᠳᠠ᠂ ᠬᠤᠰᠢᠭᠤ ᠰᠢᠶᠠᠨ ᠡᠯ᠎ᠡ ᠲᠦᠷᠦᠯ ᠤᠨ | ᠬᠠᠮᠢᠶ᠎ᠠ ᠪᠦᠬᠦᠢ ᠮᠡᠳᠡᠭᠡ ᠵᠠᠩᠬᠢ ᠶᠢ ᠨᠡᠶᠢᠳᠡ73896 ᠵᠤᠷᠪᠤᠰ ︵ᠰᠤᠷᠠᠭ ᠴᠢᠮᠡᠭᠡᠨ ᠤ ᠲᠦᠷᠦᠯ ᠤᠨ1009 | ᠵᠤᠷᠪᠤᠰ᠂ ᠲᠦᠷᠦᠯ ᠵᠤᠶᠢᠯ ᠤᠨ ᠲᠦᠷᠦᠯ ᠤᠨ56563 ᠵᠤᠷᠪᠤᠰ᠂ ᠢᠳᠡᠭᠡᠮᠵᠢ ᠶᠢᠨ ᠲᠦᠷᠦᠯ ᠤᠨ16324 | ᠵᠤᠷᠪᠤᠰ ᠪᠠᠭᠳᠠᠨ᠎ᠠ︶ ᠨᠡᠶᠢᠳᠡᠯᠡᠵᠡᠢ︔ ᠦᠪᠡᠷᠳᠡᠭᠡᠨ ᠵᠠᠰᠠᠬᠤ ᠤᠷᠤᠨ ᠤ ᠲᠤᠰ ᠱᠠᠳᠤ ᠡᠯ᠎ᠡ ᠲᠦᠷᠦᠯ ᠤᠨ ᠬᠠᠮᠢᠶ᠎ᠠ | ᠪᠦᠬᠦᠢ ᠮᠡᠳᠡᠭᠡ ᠵᠠᠩᠬᠢ ᠶᠢ ᠨᠡᠶᠢᠳᠡ54383 ᠵᠤᠷᠪᠤᠰ ︵ᠰᠤᠷᠠᠭ ᠴᠢᠮᠡᠭᠡᠨ ᠤ ᠲᠦᠷᠦᠯ ᠤᠨ 67 ᠵᠤᠷᠪᠤᠰ᠂ | ᠲᠦᠷᠦᠯ ᠵᠦᠢᠯ ᠤᠨ ᠲᠦᠷᠦᠯ ᠤᠨ42799 ᠵᠤᠷᠪᠤᠰ᠂ ᠢᠳᠡᠭᠡᠮᠵᠢ ᠶᠢᠨ ᠲᠦᠷᠦᠯ ᠤᠨ11517 ᠵᠤᠷᠪᠤᠰ | ᠪᠠᠭᠳᠠᠨ᠎ᠠ︶ ᠨᠡᠶᠢᠳᠡᠯᠡᠵᠡᠢ᠃ ᠳᠡᠭᠡᠷ᠎ᠡ ᠲᠤᠷᠠᠳᠤᠭᠰᠠᠨ ᠢᠯᠡ ᠪᠠᠷ ᠨᠡᠶᠢᠳᠡᠯᠡᠭᠰᠡᠨ ᠲᠦᠷᠦᠯ ᠵᠦᠢᠯ ᠤᠨ ᠮᠡᠳᠡᠭᠡ ᠵᠠᠩᠬᠢ | ᠪᠤᠯᠤᠨ ᠢᠳᠡᠭᠡᠮᠵᠢ ᠶᠢᠨ ᠮᠡᠳᠡᠭᠡ ᠵᠠᠩᠬᠢ ᠨᠢ 2008 ᠤᠨ ᠠᠴᠠ ᠨᠠᠰᠢᠬᠢ ᠮᠠᠨ ᠤ ᠤᠷᠤᠨ ᠤ ᠪᠠᠷᠢᠯᠭ᠎ᠠ ᠶᠢᠨ | ᠪᠦᠳᠤᠭᠡᠨ ᠪᠠᠶᠢᠭᠤᠯᠤᠯᠳᠠ ᠶᠢᠨ ᠬᠦᠷᠢᠶᠡᠨ ᠤ ᠪᠡᠯᠡ ᠮᠦᠩᠬᠦ᠂ ᠭᠠᠵᠠᠷ ᠰᠢᠷᠤᠢ᠂ ᠲᠠᠷᠢᠶᠠᠯᠠᠩ ᠮᠠᠯ ᠠᠵᠦ ᠠᠬᠤᠢ᠂ | ᠤᠢ ᠰᠢᠭᠤᠢ ᠵᠡᠷᠬᠡ ᠲᠠᠯ᠎ᠠ ᠶᠢᠨ ᠵᠤᠬᠢᠬᠤ ᠪᠡᠯᠡ ᠤᠷᠤᠭᠤᠯᠤᠯᠳᠠ ᠶᠢᠨ ᠲᠤᠭᠠᠨ ᠠᠴᠠ ᠳᠡᠭᠡᠭᠰᠢᠬᠢ ᠤᠯᠤᠰ ᠤᠨ ᠪᠡᠯᠡ | ᠤᠷᠤᠭᠤᠯᠳᠠ ᠶᠢᠨ ᠪᠦᠬᠦ ᠲᠦᠷᠦᠯ ᠵᠦᠢᠯ ᠤᠨ ᠬᠦᠷᠢᠶ᠎ᠡ ᠬᠡᠪᠴᠢᠶ᠎ᠡ ᠶᠢ ᠦᠨᠳᠤᠰᠤᠨ ᠳᠡᠭᠡᠨ ᠬᠠᠮᠤᠷᠠᠭᠰᠠᠨ ᠪᠠᠶᠢᠨ᠎ᠠ | ᠃ | ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠢᠯᠭ᠎ᠠ ᠶᠢᠨ ᠪᠦᠳᠤᠭᠡᠨ | ᠪᠠᠶᠢᠭᠤᠯᠤᠯᠳᠠ ᠶᠢᠨ ᠬᠦᠷᠢᠶᠡᠨ ᠤ ᠲᠦᠷᠦᠯ ᠵᠦᠢᠯ ᠤᠨ ᠮᠡᠳᠡᠭᠡ ᠵᠠᠩᠬᠢ ᠪᠤᠯᠤᠨ ᠢᠳᠡᠭᠡᠮᠵᠢ ᠶᠢᠨ ᠮᠡᠳᠡᠭᠡ ᠵᠠᠩᠬᠢ ᠶᠢ | ᠢᠯᠡ ᠪᠤᠯᠭᠠᠬᠤ ᠶᠢ ᠬᠢᠨᠠᠨ ᠬᠠᠮᠢᠶᠠᠷᠬᠤ ᠠᠷᠭ᠎ᠠ︾ ︵ᠦᠪᠤᠷ ᠵᠠᠰᠠᠬᠤ ᠪᠠᠷᠢᠯᠭ᠎ᠠ ᠲᠠᠷᠬᠠᠭᠠᠭᠰᠠᠨ ﹇2013﹈ 1 | ᠳ᠋ᠤᠭᠡᠷ ᠲᠤᠭᠠᠳᠤ︶ ᠶᠢᠨ ᠱᠠᠭᠠᠷᠳᠠᠯᠭ᠎ᠠ ᠶᠤᠰᠤᠭᠠᠷ᠂ 2014 ᠤᠨ ᠳᠤ᠂ ᠠᠶᠢᠮᠠᠭ ᠬᠤᠳᠠ ᠶᠢᠨ ᠲᠤᠰᠬᠠᠢ ᠪᠤᠯᠤᠩ | ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠦᠭᠰᠡᠨ ᠠᠮᠵᠢᠯᠳᠠ ᠶᠢᠨ ᠬᠢᠨᠠᠨ ᠰᠢᠯᠭᠠᠯᠳᠠ ᠳᠤ ᠲᠦᠷᠦᠭᠦᠤ ᠭᠤᠷᠪᠠ ᠳᠤ | ᠵᠢᠭᠰᠠᠭᠳᠠᠭᠰᠠᠨ ᠨᠢ ᠪᠤᠭᠤᠳᠤ ᠬᠤᠳᠠ᠂ ᠤᠯᠠᠭᠠᠨᠬᠠᠳᠠ ᠬᠤᠳᠠ᠂ ᠰᠢᠯᠢᠩᠬᠤᠳᠠ ᠪᠤᠯᠤᠨ᠎ᠠ︔ ᠦᠪᠡᠷᠳᠡᠭᠡᠨ ᠵᠠᠰᠠᠬᠤ | ᠤᠷᠤᠨ ᠤ ᠲᠤᠰ ᠱᠠᠳᠤᠨ ᠤ ᠰᠠᠯᠠᠭ᠎ᠠ ᠮᠦᠴᠢᠷ ᠤᠨ ᠲᠤᠰᠬᠠᠢ ᠪᠤᠯᠤᠩ ᠤᠨ ᠮᠡᠳᠡᠭᠡ ᠵᠠᠩᠬᠢ ᠶᠢ ᠳᠡᠭᠡᠭᠰᠢ | ᠮᠡᠳᠡᠭᠦᠯᠦᠭᠰᠡᠨ ᠠᠮᠵᠢᠯᠳᠠ ᠶᠢᠨ ᠬᠢᠨᠠᠨ ᠰᠢᠯᠭᠠᠯᠳᠠ ᠳᠤ ᠲᠤᠪᠤᠶᠢᠮ᠎ᠠ ᠠᠮᠵᠢᠯᠳᠠ ᠲᠠᠢ ᠨᠢ ᠦᠪᠡᠷᠳᠡᠭᠡᠨ ᠵᠠᠰᠠᠬᠤ | ᠤᠷᠤᠨ ᠤ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠪᠤᠯᠤᠨ᠎ᠠ ᠃ | 2014 ᠤᠨ ᠳᠤ᠂ ᠬᠠᠮᠢᠶ᠎ᠠ ᠪᠦᠬᠦᠢ ᠠᠵᠢᠯ ᠨᠢ ᠬᠠᠷᠢᠴᠠᠩᠭᠤᠢ ᠪᠠᠷ ᠬᠤᠴᠤᠷᠤᠩᠭᠤᠢ ᠪᠠᠶᠢᠬᠤ | ᠨᠢ ᠲᠤᠰ ᠲᠤᠰ ᠦᠬᠠᠢ ᠬᠤᠳᠠ᠂ ᠬᠢᠩᠭᠠᠨ ᠠᠶᠢᠮᠠᠭ᠂ ᠠᠯᠠᠱᠠᠨ ᠠᠶᠢᠮᠠᠭ ᠪᠠᠶᠢᠵᠦ︔ ᠦᠪᠡᠷᠳᠡᠭᠡᠨ ᠵᠠᠰᠠᠬᠤ | ᠤᠷᠤᠨ ᠤ ᠠᠶᠤᠯ ᠦᠬᠡᠢ ᠦᠢᠯᠡᠳᠪᠤᠷᠢᠯᠡᠯ ᠢ ᠬᠢᠨᠠᠨ ᠬᠠᠮᠢᠶᠠᠷᠬᠤ ᠲᠤᠪᠴᠢᠶ᠎ᠠ ᠨᠢ ᠮᠦᠩᠬᠦ ᠶᠠᠭ ᠮᠡᠳᠡᠭᠡ ᠵᠠᠩᠬᠢ | ᠦᠬᠡᠢ ᠪᠠᠶᠢᠨ᠎ᠠ᠃ ᠬᠢᠩᠭᠠᠨ ᠠᠶᠢᠮᠠᠭ ᠤᠨ ᠤᠯᠠᠭᠠᠨᠬᠤᠳᠠ ᠵᠢᠴᠢ ᠦᠪᠡᠷᠳᠡᠭᠡᠨ ᠵᠠᠰᠠᠬᠤ ᠤᠷᠤᠨ ᠤ ᠠᠶᠤᠯ ᠦᠬᠡᠢ | ᠶᠢᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠨᠢ ᠲᠤᠰᠬᠠᠢ ᠪᠤᠯᠤᠩ ᠨᠡᠬᠡᠬᠡᠭᠰᠡᠨ ᠠᠴᠠ ᠪᠠᠨ ᠠᠪᠤᠭᠠᠳ ᠶᠠᠭ ᠮᠡᠳᠡᠭᠡ | ᠵᠠᠩᠬᠢ ᠦᠬᠡᠢ ᠪᠠᠶᠢᠵᠦ᠂ ᠪᠦᠬᠦ ᠤᠷᠤᠨ ᠤ ᠠᠵᠢᠯ ᠢ ᠪᠦᠬᠦᠯᠢ ᠴᠤᠭᠴᠠ ᠪᠠᠷ ᠠᠬᠢᠭᠤᠯᠬᠤ ᠶᠢ ᠨᠦᠯᠤᠬᠡᠯᠡᠵᠦ | ᠪᠠᠶᠢᠨ᠎ᠠ᠃ ᠠᠵᠢᠯ ᠨᠢ ᠬᠠᠷᠢᠴᠠᠩᠭᠤᠢ ᠪᠠᠷ ᠬᠤᠴᠤᠷᠤᠩᠭᠤᠢ ᠪᠠᠶᠢᠬᠤ ᠠᠶᠢᠮᠠᠭ ᠬᠤᠳᠠ᠂ ᠬᠤᠰᠢᠭᠤ ᠰᠢᠶᠠᠨ ᠪᠤᠯᠤᠨ | ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠳᠤᠷᠥᠳᠤᠯᠭᠠ ᠪᠠᠨ ᠴᠢᠩᠭᠠᠳᠬᠠᠵᠦ | ᠂ ᠬᠠᠷᠢᠭᠤᠴᠠᠯᠭ᠎ᠠ ᠪᠠᠨ ᠲᠤᠳᠤᠷᠬᠠᠶᠢᠯᠠᠵᠦ᠂ ᠬᠢᠨᠠᠮᠠᠭᠠᠢ ᠵᠠᠰᠠᠨ ᠴᠡᠭᠴᠡᠯᠡᠵᠦ᠂ ᠲᠤᠰ ᠭᠠᠵᠠᠷ ᠤᠷᠤᠨ᠂ ᠲᠤᠰ | ᠰᠠᠯᠠᠭ᠎ᠠ ᠮᠦᠴᠢᠷ ᠤᠨ ᠢᠶᠠᠨ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠬᠦᠷᠢᠶᠡᠨ ᠤ ᠲᠦᠷᠦᠯ ᠵᠦᠢᠯ ᠤᠨ | ᠮᠡᠳᠡᠭᠡ ᠵᠠᠩᠬᠢ ᠶᠢ ᠢᠯᠡ ᠪᠤᠯᠭᠠᠬᠤ ᠪᠠ ᠦᠨᠡᠨᠴᠢ ᠢᠳᠡᠭᠡᠮᠵᠢ ᠶᠢᠨ ᠰᠢᠰᠲ᠋ᠧᠮᠵᠢ ᠪᠠᠶᠢᠭᠤᠯᠬᠤ ᠶᠢ ᠬᠦᠴᠤᠲᠠᠢ | ᠠᠬᠢᠭᠤᠯᠬᠤ ᠶᠢ ᠬᠦᠰᠡᠵᠦ ᠪᠠᠶᠢᠨ᠎ᠠ᠃ | | 2015 ᠤᠨ ᠤ2 | ᠳ᠋ᠤᠭᠠᠷ ᠰᠠᠷ᠎ᠠ ᠶᠢᠨ12 ᠤ ᠡᠳᠤᠷ |