︽ᠲᠠᠯ᠎ᠠ  ᠨᠤᠲᠤᠭ ᠎ ᠤᠨ  ᠴᠢᠳᠠᠪᠤᠷᠢᠲᠠᠨ ︾᠎ ᠤ ᠢᠨᠵᠧᠨᠧᠷᠢᠩ ᠤᠨ ᠳᠠᠪᠤᠳᠤᠭᠠᠷ ᠪᠦᠯᠦᠭ ᠤᠨ ᠭᠤᠶᠤᠴᠢᠯᠠᠨ ᠮᠡᠳᠡᠭᠦᠯᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2015/3/17
     ᠤᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ︽ ︿ᠲᠠᠯ᠎ᠠ ᠨᠤᠲᠤᠭ ᠤᠨ ᠴᠢᠳᠠᠪᠤᠷᠢᠲᠠᠨ﹀᠎ ᠤ ᠢᠨᠵᠧᠨᠧᠷᠢᠩ  ᠤᠨ  ᠲᠠᠪᠤᠳᠤᠭᠠᠷ ᠪᠦᠯᠦᠭ ᠠᠵᠤ ᠦᠢᠯᠡᠰ ᠤᠨ ᠰᠢᠨ᠎ᠡ ᠶᠢ ᠡᠭᠦᠳᠴᠦ ᠠᠳᠠᠯ ᠦᠢᠯᠡᠰ ᠪᠣᠰᠬᠠᠬᠤ ᠴᠢᠳᠠᠪᠤᠷᠢᠲᠠᠨ ᠤ ᠪᠦᠯᠬᠦᠮ᠂ ᠰᠤᠳᠤᠨ‌‍ᠴᠢᠳᠠᠪᠤᠷᠢᠲᠠᠨ ᠤ ᠰᠢᠨ᠎ᠡ ᠶᠢ ᠡᠭᠦᠳᠴᠤ ᠠᠳᠠᠯ ᠦᠢᠯᠡᠰ ᠪᠣᠰᠬᠠᠬᠤ ᠰᠠᠭᠤᠷᠢᠨ ᠭᠠᠵᠠᠷ᠂  ︿ᠲᠠᠯ᠎ᠠ ᠨᠤᠲᠤᠭ ᠤᠨ ᠴᠢᠳᠠᠪᠤᠷᠢᠲᠠᠨ﹀᠎ ᠎ ᠤ ᠭᠤᠶᠤᠴᠢᠯᠠᠨ ᠮᠡᠳᠡᠭᠦᠯᠬᠦ ᠠᠵᠢᠯ ᠢ ᠦᠷᠨᠢᠭᠦᠯᠬᠦ ᠲᠤᠬᠠᠢ ᠮᠡᠳᠡᠭᠳᠡᠯ︾ ᠎ ᠢ ᠳᠠᠷᠤᠮᠠᠯᠯᠠᠨ ᠲᠠᠷᠬᠠᠭᠰᠠᠨ ᠤ ᠬᠠᠮᠲᠤ᠂ 1 ᠳ᠋ᠦ᠋ᠭᠡᠷ ᠰᠠᠷ᠎ᠠ ᠶᠢᠨ 26᠎ ᠤ ᠡᠳᠦᠷ ︽ᠲᠠᠯ᠎ᠠ ᠨᠤᠲᠤᠭ ᠤᠨ ᠴᠢᠳᠠᠪᠤᠷᠢᠲᠠᠨ ᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠬᠠᠮᠢᠶᠠᠷᠤᠯᠲᠠ ᠶᠢᠨ ᠰᠢᠰᠲ᠋ᠧᠮ︾᠎ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ ᠤᠨ ᠲᠠᠪᠤᠳᠤᠭᠠᠷ ᠪᠦᠯᠦᠭ ᠤᠨ ᠭᠤᠶᠤᠴᠢᠯᠠᠨ ᠮᠡᠳᠡᠭᠦᠯᠬᠦ ᠠᠵᠢᠯ ᠢ ᠵᠢᠩᠬᠢᠨᠢ ᠪᠠᠷ ᠡᠬᠢᠯᠡᠬᠦᠯᠪᠡ᠃ ᠲᠤᠰ ᠤᠳᠠᠭᠠᠨ ᠤ ᠭᠤᠶᠤᠴᠢᠯᠠᠨ ᠮᠡᠳᠡᠭᠦᠯᠬᠦ ᠠᠵᠢᠯ ᠨᠢ ᠠᠩᠬ᠎ᠠ ᠤᠳᠠᠭ᠎ᠠ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠷᠭ᠎ᠠ ᠶᠢ ᠠᠪᠤᠭᠰᠠᠨ ᠢᠶᠠᠷ᠂ ᠪᠦᠬᠦ ᠣᠷᠣᠨ ᠤ ᠴᠢᠳᠠᠪᠤᠷᠢᠲᠠᠨ ᠤ ᠠᠵᠢᠯ ᠤᠨ ᠮᠡᠳᠡᠭᠡ ᠵᠠᠩᠭᠢᠵᠢᠯᠠᠯᠲᠠ ᠶᠢ ᠲᠦᠯᠬᠢᠨ ᠠᠬᠢᠭᠤᠯᠬᠤ ᠨᠢᠭᠡ ᠲᠦᠷᠦᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠣᠶᠢᠯᠠᠭᠠᠭᠰᠠᠨ ᠢᠶᠠᠷ᠂ ᠤᠮᠠᠷᠠᠲᠤ ᠬᠢᠯᠢ ᠶᠢᠨ ᠲᠡᠷᠢᠭᠦᠨ ᠤ ᠰᠦᠯᠵᠢᠶ᠎ᠡ ︵http://nmdj.gov.cn/bjsy/︶ ᠪᠠ ᠥᠪᠦᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ︵http://www.nmgrc.com/︶᠎ ᠎ ᠨᠢ  ︽ᠮᠡᠳᠡᠭᠳᠡᠯ︾᠎ ᠢ ᠴᠤᠭ ᠲᠠᠭᠠᠨ ᠨᠡᠶᠢᠳᠡᠯᠡᠭᠰᠡᠨ ᠎ ᠤ  ᠬᠠᠮᠲᠤ᠂ ︽ᠲᠠᠯ᠎ᠠ ᠨᠤᠲᠤᠭ ᠤᠨ ᠴᠢᠳᠠᠪᠤᠷᠢᠲᠠᠨ ᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠬᠠᠮᠢᠶᠠᠷᠤᠯᠲᠠ ᠶᠢᠨ ᠰᠢᠰᠲ᠋ᠧᠮ︾᠎ ᠢ ᠨᠡᠭᠡᠭᠡᠵᠡᠢ᠃ ᠲᠤᠰ ᠤᠳᠠᠭᠠᠨ ᠤ ᠭᠤᠶᠤᠴᠢᠯᠠᠨ ᠮᠡᠳᠡᠭᠦᠯᠬᠦ ᠠᠵᠢᠯ ᠨᠢ 1 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ 3 ᠳ᠋ᠤᠭᠠᠷ ᠰᠠᠷ᠎ᠠ ᠶᠢᠨ ᠡᠴᠦᠰ ᠪᠤᠯᠳᠠᠯ᠎ᠠ ᠬᠤᠶᠠᠷ ᠰᠠᠷ᠎ᠠ ᠬᠠᠭᠠᠰ ᠦᠷᠭᠦᠯᠵᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号