ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ 3 ᠳ᠋ᠤᠭᠠᠷ ᠰᠠᠷ᠎ᠠ ᠶᠢᠨ 21᠎ ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2015/3/17
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠪᠣᠯᠣᠨ ᠥᠪᠥᠷ ᠮᠣᠩᠭᠤᠯ ᠤᠨ ᠵᠢᠥᠢ ᠶᠢᠩ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠳᠠᠭᠠᠭᠠᠨ ᠡᠷᠬᠢᠯᠡᠬᠦ ︽2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠥᠭᠰᠡᠳ ᠲᠤ ᠠᠵᠢᠯ ᠣᠯᠭᠤᠬᠤ ᠵᠦᠪᠳᠡᠨ ᠬᠡᠯᠡᠯᠴᠡᠬᠦ ᠴᠤᠭᠯᠠᠭᠠᠨ ᠤ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ︾᠎ ᠢ 3 ᠳ᠋ᠤᠭᠠᠷ ᠰᠠᠷ᠎ᠠ ᠶᠢᠨ 21᠎ ᠤ ᠡᠳᠦᠷ ᠠᠴᠠ 22᠎ ᠤᠨ ᠡᠳᠦᠷ ᠪᠣᠯᠲᠠᠯ᠎ᠠ ᠥᠪᠥᠷ ᠮᠣᠩᠭᠤᠯ ᠤᠨ ᠣᠯᠠᠨ ᠤᠯᠤᠰ ᠤᠨ ᠬᠠᠮ ᠦᠵᠡᠰᠭᠦᠯᠡᠩ ᠤᠨ ᠲᠥᠪ ᠲᠤ ᠡᠷᠬᠢᠯᠡᠨ ᠶᠠᠪᠤᠭᠳᠠᠭᠤᠯᠤᠨ᠎ᠠ᠃ ᠴᠤᠭᠯᠠᠭᠠᠨ ᠳᠤ ᠳᠡᠯᠭᠡᠨ ᠦᠵᠡᠭᠦᠯᠬᠦ ᠪᠠᠶᠢᠷᠢ 644 ᠭᠠᠷᠭᠠᠬᠤ ᠪᠠᠷ ᠵᠢᠱᠢᠵᠦ᠂ ᠣᠷᠣᠨ ᠤ  ᠲᠣᠲᠤᠷ᠎ᠠ ᠭᠠᠳᠠᠨᠠᠬᠢ ᠤᠯᠤᠰ ᠤᠨ ᠥᠮᠴᠢᠯᠡᠯᠲᠦ᠂ ᠬᠠᠮᠲᠤ ᠶᠢᠨ ᠥᠮᠴᠢᠯᠡᠯᠲᠦ᠂ ᠬᠤᠪᠢᠴᠠᠭᠠᠲᠤ ᠳᠦᠷᠢᠮ ᠤᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ᠂ ᠳᠡᠭᠡᠳᠦ ᠰᠢᠨ᠎ᠡ ᠮᠡᠷᠭᠡᠵᠢᠯ ᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ ᠶᠡᠭᠡ ᠲᠡᠭᠡᠳᠦ ᠰᠤᠷᠭᠠᠭᠤᠯᠢ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠶᠢ ᠤᠷᠢᠵᠦ ᠲᠠᠯᠠᠪᠠᠢ ᠳᠤ ᠣᠷᠣᠭᠤᠯᠤᠨ ᠡᠯᠰᠡᠭᠦᠯᠵᠦ᠂ ᠵᠢᠱᠢᠯᠲᠡ ᠪᠠᠷ 3 ᠲᠦᠮᠡ ᠢᠯᠡᠭᠦᠦ ᠳᠤᠮᠳᠠ ᠳᠡᠭᠡᠳᠦ ᠲᠡᠰ ᠤᠨ ᠡᠯ᠎ᠡ ᠲᠦᠷᠥᠯ ᠤᠨ ᠲᠣᠰᠬᠠᠢ ᠮᠡᠷᠭᠡᠵᠢᠯ᠂ ᠬᠠᠮᠢᠶᠠᠷᠤᠯᠲᠠ ᠶᠢᠨ ᠴᠢᠳᠠᠪᠦᠷᠢᠲᠠᠨ᠂ ᠲᠤᠰ ᠬᠤᠭᠤᠴᠠᠭᠠᠨ ᠤ ᠪᠠ ᠥᠩᠭᠡᠷᠡᠭᠡᠭᠰᠡᠨ ᠬᠤᠭᠤᠴᠠᠭᠠᠨ ᠤ ᠶᠡᠭᠡ ᠲᠡᠭᠡᠳᠦ ᠰᠤᠷᠭᠠᠭᠤᠯᠢ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠥᠭᠰᠡᠳ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠴᠤᠭᠯᠠᠭᠠᠨ ᠳᠤ ᠣᠷᠣᠯᠴᠠᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号