ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠤᠶᠢᠯᠠᠭᠠᠭᠰᠠᠨ ᠢᠶᠠᠷ᠂ 2015 ᠤᠨ ᠳᠤ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ 400 ᠨᠡᠷ᠎ᠡ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠪᠠᠷ | ᠲᠦᠯᠦᠪᠯᠡᠵᠤ ᠪᠤᠢ᠂ ᠡᠯᠰᠡᠬᠦ ᠬᠡᠪᠴᠢᠶ᠎ᠡ ᠳᠤ᠄ ᠴᠢᠩ ᠱᠦᠢ ᠡᠾᠧ ᠰᠢᠶᠠᠨ᠂ ᠭᠦᠶᠠᠩ ᠰᠢᠶᠠᠨ᠂ ᠰᠦᠩᠱᠠᠨ | ᠲᠤᠭᠤᠷᠢᠭ᠂ ᠬᠡᠰᠢᠭᠲᠡᠨ ᠬᠤᠰᠢᠭᠤ᠂ ᠺᠠᠶᠢᠯᠤ ᠰᠢᠶᠠᠨ᠂ ᠵᠠᠷᠤᠳ ᠬᠤᠰᠢᠭᠤ᠂ ᠬᠠᠩᠭᠢᠨ ᠬᠤᠰᠢᠭᠤ᠂ ᠠᠷᠤᠨ | ᠬᠤᠰᠢᠭᠤ᠂ ᠡᠸᠡᠩᠬᠢ ᠦᠨᠳᠥᠰᠥᠲᠡᠨ ᠤ ᠦᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ | ᠵᠠᠯᠠᠨ ᠠᠶᠢᠯ ᠬᠤᠲᠠ᠂ ᠦᠶᠤᠸᠠᠨ ᠰᠢᠶᠠᠨ᠂ ᠳ᠋ᠧᠩᠺᠸᠤ ᠰᠢᠶᠠᠨ᠂ ᠤᠷᠠᠳ ᠤᠨ ᠡᠮᠦᠨᠡᠲᠦ ᠬᠤᠰᠢᠭᠤ᠂ ᠤᠷᠠᠳ | ᠤᠨ ᠳᠤᠮᠲᠠᠲᠤ ᠬᠤᠰᠢᠭᠤ᠂ ᠬᠠᠩᠭᠢᠨ ᠬᠤᠶᠢᠲᠤ ᠬᠤᠰᠢᠭᠤ᠂ ᠯᠢᠶᠠᠩᠴᠧᠩ ᠰᠢᠶᠠᠨ᠂ ᠹᠧᠩᠵᠧᠨ ᠬᠤᠲᠠ᠂ | ᠤᠯᠠᠭᠠᠬᠠᠬᠤᠲᠠ᠂ ᠠᠪᠠᠭ᠎ᠠ ᠬᠤᠰᠢᠭᠤ᠂ ᠰᠦᠨᠢᠳ ᠵᠡᠭᠦᠨ ᠬᠤᠰᠢᠭᠤ᠂ ᠬᠦᠪᠡᠭᠡᠲᠦ ᠰᠢᠷ᠎ᠠ ᠬᠤᠰᠢᠭᠤ᠂ ᠰᠢᠯᠤᠭᠤᠨ | ᠬᠦᠬᠡ ᠬᠤᠰᠢᠭᠤ᠂ ᠳᠣᠯᠣᠨᠨᠣᠣᠷ ᠰᠢᠶᠠᠨ᠂ ᠠᠯᠠᠱᠠ ᠵᠡᠬᠦᠨ ᠬᠤᠰᠢᠭᠤ᠂ ᠠᠯᠠᠱᠠ ᠪᠠᠷᠠᠭᠤᠨ ᠬᠤᠰᠢᠭᠤ ᠪᠠᠭᠲᠠᠨ᠎ᠠ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠨᠢ | ᠭᠤᠤᠯᠳᠠᠭᠤ ᠰᠢ ᠶᠢᠨ ᠫᠢᠩ ᠶᠡᠷᠥᠩᠬᠡᠢ ᠱᠦᠵᠢ ᠶᠢᠨ 2014 ᠤᠨ ᠤ ᠪᠠᠭᠰᠢ ᠶᠢᠨ ᠪᠠᠶᠠᠷ ᠤᠨ ᠦᠶ᠎ᠡ ᠳᠤ | ᠲᠠᠯᠪᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠤᠷᠭᠠᠨ | ᠬᠦᠮᠦᠵᠢᠯ ᠤᠨ ᠲᠦᠯᠥᠪᠵᠢᠭᠦᠯᠭᠡ ᠶᠢᠨ ᠲᠣᠪᠴᠢ ᠪᠣᠯᠣᠨ ︽ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠳᠤ ᠲᠤᠷᠠᠳᠤᠭᠰᠠᠨ ᠠᠵᠢᠯ ᠤᠨ | ᠱᠠᠭᠠᠷᠳᠠᠯᠭ᠎ᠠ ᠶᠣᠰᠤᠭᠠᠷ᠂ ᠬᠦᠳᠡᠭᠡ ᠲᠤᠰᠬᠤᠨ ᠤ ᠪᠠᠭᠰᠢ ᠨᠦᠬᠦᠪᠥᠷᠢᠯᠡᠬᠦ ᠰᠢᠨ᠎ᠡ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠳᠡᠭᠡᠲᠤ ᠰᠤᠷᠭᠠᠭᠤᠯᠢ ᠲᠡᠭᠦᠰᠦᠭᠰᠡᠳ ᠤᠨ ᠦᠨᠳᠥᠰᠥᠨ ᠱᠠᠲᠤᠨ ᠳᠤ ᠬᠦᠷᠴᠦ ᠠᠵᠢᠯ | ᠣᠯᠬᠤ ᠶᠢ ᠵᠣᠷᠢᠭᠵᠢᠭᠤᠯᠤᠨ ᠬᠦᠲᠥᠯᠥᠨ ᠵᠢᠯᠤᠭᠤᠳᠴᠦ᠂ ᠨᠡᠩ ᠠᠷᠪᠢᠨ ᠰᠢᠯᠢᠳᠡᠭ ᠴᠢᠳᠠᠪᠥᠷᠢᠲᠠᠳ ᠢ ᠲᠠᠲᠠᠵᠦ | ᠪᠠᠶᠢᠭᠠᠳ ᠬᠦᠳᠡᠭᠡ ᠲᠤᠰᠬᠤᠨ ᠤ ᠰᠤᠷᠭᠠᠭᠤᠯᠢ ᠳᠤ ᠣᠴᠢᠭᠤᠯᠤᠨ ᠪᠠᠭᠰᠢᠯᠠᠭᠤᠯᠵᠦ᠂ ᠬᠦᠳᠡᠭᠡ ᠲᠤᠰᠬᠤᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠥᠭᠡ ᠶᠤᠮ᠃ | 2015 ᠤᠨ ᠳᠤ ᠲᠦᠪ ᠤᠨ ᠣᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ ᠶᠢᠨ ᠬᠡᠷᠡᠭᠵᠢᠬᠦᠯᠬᠦ | ᠬᠡᠪᠴᠢᠶ᠎ᠡ ᠶᠢ ᠳᠤᠮᠳᠠ ᠪᠠ ᠪᠠᠷᠠᠭᠤᠨ ᠤᠷᠤᠨ ᠤ ᠡᠷᠲᠡ ᠴᠢᠯᠥᠭᠡᠯᠡᠭᠳᠡᠭᠰᠡᠨ ᠣᠷᠣᠨ ᠴᠦᠭᠡᠨ ᠲᠣᠭᠠᠲᠦ | ᠦᠨᠳᠥᠰᠥᠲᠡᠨ ᠤ ᠣᠷᠣᠨ ᠬᠢᠯᠢ ᠬᠢᠵᠠᠭᠠᠷ ᠣᠷᠣᠨ ᠶᠠᠳᠠᠭᠤ ᠬᠦᠴᠢᠷᠳᠡᠯᠲᠠᠢ ᠭᠠᠵᠠᠷ ᠣᠷᠣᠨ ᠠᠷᠠᠯ ᠵᠡᠷᠭᠡ ᠶᠠᠳᠠᠭᠤ | ᠬᠦᠴᠢᠷᠳᠡᠯᠲᠠᠢ ᠤᠷᠤᠨ ᠳᠤ ᠬᠦᠷᠲᠡᠯ᠎ᠡ ᠦᠷᠭᠡᠳᠭᠡᠨ᠎ᠡ᠃ ᠪᠤᠳᠠᠲᠠᠢ ᠬᠡᠷᠡᠭᠵᠢᠬᠦᠯᠬᠦ ᠬᠡᠪᠴᠢᠶ᠎ᠡ ᠨᠢ᠄ ︽ᠳᠤᠮᠳᠠᠲᠤ | ᠤᠯᠤᠰ ᠤᠨ ᠬᠦᠳᠡᠭᠡ ᠲᠤᠰᠬᠤᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠲᠣᠪᠴᠢ ︵ | 2011~2020 ᠤᠨ︶︾ ᠳᠤ ᠲᠤᠭᠲᠠᠭᠠᠭᠰᠠᠨ 11 ᠲᠦᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠠᠢ | ᠭᠠᠵᠠᠷ ᠤᠷᠤᠨ ᠪᠣᠯᠣᠨ ᠳᠦᠷᠪᠡᠨ ᠮᠤᠵᠢ ᠶᠢᠨ ᠲᠦᠪᠡᠳ ᠤᠷᠤᠨ ᠤ ᠰᠢᠶᠠᠨ᠂ ᠳᠤᠮᠳᠠ ᠪᠠ ᠪᠠᠷᠠᠭᠤᠨ | ᠬᠡᠰᠡᠭ ᠤᠨ ᠭᠠᠵᠠᠷ ᠤᠷᠤᠨ ᠤ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠠᠵᠢᠯ ᠤᠨ | ᠭᠤᠤᠯᠳᠠᠯᠭ᠎ᠠ ᠲᠠᠢ ᠰᠢᠶᠠᠨ᠂ ᠪᠠᠷᠠᠭᠤᠨ ᠬᠡᠰᠡᠭ ᠤᠨ ᠭᠠᠵᠠᠷ ᠤᠷᠤᠨ ᠤ ᠤᠤᠯ ᠤᠨ ︽ᠬᠤᠶᠠᠷ ᠦᠨᠳᠥᠰᠥᠨ︾ ᠤ | ᠪᠡᠷᠬᠡ ᠰᠡᠳᠥᠪ ᠢ ᠰᠢᠢᠳᠪᠥᠷᠢᠯᠡᠬᠦ ᠰᠢᠶᠠᠨ ︵ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠬᠡᠰᠡᠭ ᠬᠤᠷᠢᠶ᠎ᠠ ᠲᠠᠯᠠᠪᠠᠢ ᠪᠠᠭᠲᠠᠨ᠎ᠠ︶᠂ ᠤᠯᠤᠰ ᠤᠨ ᠪᠠᠷᠠᠭᠤᠨ ᠣᠷᠣᠨ ᠢ ᠨᠡᠭᠡᠭᠡᠨ ᠬᠦᠭᠵᠢᠭᠦᠯᠬᠦ | ᠲᠦᠯᠦᠪᠯᠡᠭᠡ ᠳᠤ ᠣᠷᠣᠭᠤᠯᠤᠭᠰᠠᠨ ᠬᠡᠰᠡᠭ ᠮᠤᠵᠢ ᠶᠢᠨ ᠴᠦᠭᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ | ᠵᠸᠤ ᠵᠢᠴᠢ ᠪᠠᠷᠠᠭᠤᠨ ᠬᠡᠰᠡᠭ ᠤᠨ ᠭᠠᠵᠠᠷ ᠤᠷᠤᠨ ᠤ ᠵᠠᠷᠢᠮ ᠣᠨᠴᠠ ᠬᠦᠴᠢᠷᠳᠡᠯᠲᠠᠢ ᠬᠢᠯᠢ ᠶᠢᠨ ᠰᠢᠶᠠᠨ᠂ ᠴᠦᠬᠡᠨ | ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠪᠣᠯᠣᠨ ᠬᠦᠮᠥᠨ ᠠᠮᠠ ᠨᠡᠯᠢᠶᠡᠳ ᠴᠦᠬᠡᠨ | ᠦᠨᠳᠦᠰᠦᠲᠡᠨ ᠤ ᠰᠢᠶᠠᠨ᠂ ᠵᠠᠯᠭᠠᠯᠳᠤᠭᠰᠠᠨ ᠶᠠᠳᠠᠭᠤ ᠬᠦᠴᠢᠷᠳᠡᠯᠲᠠᠢ ᠭᠠᠵᠠᠷ ᠤᠷᠤᠨ ᠠᠴᠠ ᠪᠤᠰᠤᠳ ᠮᠤᠵᠢ ᠶᠢᠨ | ᠳᠡᠰ ᠤᠨ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠠᠵᠢᠯ ᠤᠨ ᠭᠤᠤᠯᠳᠠᠯᠭ᠎ᠠ ᠲᠠᠢ ᠰᠢᠶᠠᠨ ᠪᠣᠯᠤᠨ᠎ᠠ᠃ | 2015 ᠤᠨ ᠠᠴᠠ ᠡᠬᠢᠯᠡᠨ᠂ ᠣᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ ᠳᠤ ᠠᠵᠢᠯ ᠤᠨ | ᠪᠠᠶᠢᠷᠢ ᠪᠠᠶᠢᠷᠢᠯᠠᠭᠤᠯᠤᠭᠰᠠᠨ ᠰᠢᠶᠠᠨ ︵ᠬᠤᠲᠠ︶ ᠤ ᠰᠢᠶᠠᠨ ᠬᠤᠲᠠ ᠶᠢᠨ ᠰᠤᠷᠭᠠᠭᠤᠯᠢ ᠶᠢ ᠲᠦᠪ ᠤᠨ ᠪᠠᠭᠰᠢ ᠶᠢᠨ | ᠣᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ ᠳᠤ ᠠᠵᠢᠯ ᠤᠨ ᠪᠠᠶᠢᠷᠢ ᠪᠠᠶᠢᠷᠢᠯᠠᠭᠤᠯᠬᠤ ᠰᠤᠷᠭᠠᠭᠤᠯᠢ ᠪᠠᠷ | ᠵᠢᠭᠰᠠᠭᠠᠬᠤ ᠦᠭᠡᠢ᠂ ᠰᠢᠨ᠎ᠡ ᠪᠠᠷ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠨᠦᠬᠦᠪᠦᠷᠢᠯᠡᠬᠦ ᠦᠭᠡᠢ᠃ ᠬᠡᠪ ᠴᠢᠨᠠᠷ | ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠬᠦᠯᠬᠦ ᠱᠠᠭᠠᠷᠳᠠᠯᠭ᠎ᠠ ᠶᠣᠰᠤᠭᠠᠷ᠂ ᠪᠠᠭᠰᠢ ᠶᠢᠨ ᠡᠩᠨᠡᠭᠡᠨ ᠤ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠥᠨ᠂ ᠪᠡᠶ᠎ᠡ ᠶᠢᠨ ᠲᠠᠮᠢᠷ ᠳᠠᠭᠤᠤ ᠬᠦᠭᠵᠢᠮ ᠤᠷᠠᠨ ᠵᠢᠷᠤᠭ᠂ | ᠭᠠᠳᠠᠭᠠᠲᠤ ᠬᠡᠯᠡ᠂ ᠮᠡᠳᠡᠭᠡ ᠵᠠᠩᠬᠢ ᠶᠢᠨ ᠮᠡᠷᠭᠡᠵᠢᠯ ᠵᠡᠷᠭᠡ ᠬᠤᠪᠣᠷ ᠴᠤᠬᠠᠭ ᠪᠠᠶᠢᠭ᠎ᠠ ᠨᠦᠬᠦᠴᠡᠯ ᠢᠶᠠᠷ ᠪᠠᠷᠤᠭᠲᠠᠢ | ᠰᠢᠨᠵᠢᠯᠡᠭᠡᠨ ᠤ ᠪᠠᠭᠰᠢ ᠨᠦᠬᠦᠪᠥᠷᠢᠯᠡᠬᠦ ᠶᠢ ᠴᠢᠩᠭᠠᠳᠬᠠᠵᠤ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠪᠤᠯᠤᠨ | ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠨᠦᠬᠦᠪᠥᠷᠢᠯᠡᠵᠦ ᠪᠠᠶᠢᠭᠠᠳ ᠵᠤᠬᠢᠴᠠᠩᠭᠤᠢ ᠪᠠᠷ ᠬᠦᠭᠵᠢᠭᠦᠯᠬᠦ | ᠶᠢ ᠴᠢᠷᠮᠠᠶᠢᠨ ᠪᠡᠶᠡᠯᠡᠬᠦᠯᠦᠨ᠎ᠡ᠃ | ᠲᠦᠪ ᠤᠨ ᠡᠳ᠋ ᠤᠨ ᠵᠠᠰᠠᠭ ᠤᠨ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢᠨ ᠴᠠᠯᠢᠩ ᠤᠨ | ᠴᠢᠨᠠᠷᠲᠠᠢ ᠲᠤᠰᠠᠯᠠᠮᠵᠢ ᠶᠢᠨ ᠪᠠᠷᠢᠮᠵᠢᠶ᠎ᠠ ᠨᠢ ᠪᠠᠷᠠᠭᠤᠨ ᠬᠡᠰᠡᠭ ᠤᠨ ᠭᠠᠵᠠᠷ ᠤᠷᠤᠨ ᠤ ᠬᠦᠮᠦᠨ ᠪᠦᠷᠢ ᠳᠤ | ᠳᠤᠮᠳᠠᠴᠢ ᠳᠤ ᠵᠢᠯ ᠤᠨ 2.7 ᠲᠦᠮᠡᠨ ᠲᠦᠭᠦᠷᠢᠭ᠂ ᠳᠤᠮᠳᠠᠲᠤ ᠬᠡᠰᠡᠭ ᠤᠨ ᠭᠠᠵᠠᠷ ᠤᠷᠤᠨ ᠤ ᠬᠦᠮᠦᠨ ᠪᠦᠷᠢ ᠳᠤ | ᠳᠤᠮᠳᠠᠴᠢ ᠪᠠᠷ ᠵᠢᠯ ᠤᠨ 2.4 ᠲᠦᠮᠡᠨ ᠲᠦᠭᠦᠷᠢᠭ ᠪᠣᠯᠬᠤ ᠪᠦᠭᠡᠳ ᠤᠷᠤᠨ ᠨᠤᠲᠤᠭ ᠤᠨ ᠡᠳ᠋ ᠤᠨ ᠵᠠᠰᠠᠭ ᠨᠢ | ᠪᠤᠳᠠᠲᠠᠢ ᠪᠠᠶᠢᠳᠠᠯ ᠢ ᠦᠨᠳᠥᠯᠡᠨ ᠳ᠋ᠦᠩᠨᠡᠨ ᠪᠤᠳᠤᠨ᠎ᠠ᠃ ᠤᠷᠤᠨ ᠨᠤᠲᠤᠭ ᠤᠳ ᠵᠠᠯᠭᠠᠯᠳᠤᠭᠰᠠᠨ ᠣᠨᠴᠠ | ᠬᠦᠴᠢᠷᠳᠡᠯᠲᠠᠢ ᠭᠠᠵᠠᠷ ᠣᠷᠣᠨ ᠤ ᠬᠦᠳᠡᠭᠡ ᠲᠤᠰᠬᠤᠨ ᠤ ᠪᠠᠭᠰᠢ ᠶᠢᠨ ᠠᠮᠢᠳᠤᠷᠠᠯ ᠤᠨ ᠲᠤᠰᠠᠯᠠᠮᠵᠢ ᠶᠢᠨ ᠲᠦᠷᠦ | ᠶᠢᠨ ᠪᠤᠳᠤᠯᠭ᠎ᠠ ᠶᠢ ᠬᠡᠷᠡᠭᠵᠢᠭᠦᠯᠬᠦ ᠳᠡᠭᠡᠨ᠂ ᠵᠣᠬᠢᠴᠠᠩᠭᠤᠢ ᠠᠵᠢᠯ ᠤᠨ ᠪᠠᠶᠢᠷᠢ ᠶᠢᠨ ᠣᠨᠴᠠᠭᠠᠢ ᠠᠵᠢᠯ ᠤᠨ | ᠪᠠᠶᠢᠷᠢ ᠶᠢᠨ ᠪᠠᠭᠰᠢ ᠶᠢ ᠬᠡᠷᠡᠭᠵᠢᠬᠦᠯᠬᠦ ᠬᠡᠪᠴᠢᠶ᠎ᠡ ᠳᠡᠭᠡᠨ ᠤᠷᠤᠭᠤᠯᠬᠤ ᠬᠡᠷᠡᠭᠲᠠᠢ᠃ ᠡᠯ᠎ᠡ ᠭᠠᠵᠠᠷ ᠤᠳ ᠪᠦᠲᠥᠮᠵᠢᠲᠠᠢ | ᠠᠷᠭ᠎ᠠ ᠬᠡᠮᠵᠢᠶ᠎ᠡ ᠠᠪᠴᠤ᠂ ᠤᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢᠨ ᠴᠠᠯᠢᠩ ᠬᠢᠭᠡᠳ ᠨᠦᠬᠦᠪᠦᠷᠢ ᠶᠢ | ᠣᠯᠭᠤᠬᠤ᠂ ᠡᠷᠭᠢᠯᠲᠡ ᠶᠢᠨ ᠪᠠᠶᠢᠷᠢ ᠲᠤᠬᠢᠷᠠᠭᠤᠯᠬᠤ ᠵᠡᠷᠭᠡ ᠬᠠᠮᠢᠶ᠎ᠠ ᠪᠦᠬᠦᠢ ᠪᠠᠲᠤᠯᠠᠭ᠎ᠠ ᠶᠢᠨ ᠠᠵᠢᠯ ᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠵᠡᠷᠭᠡᠴᠡᠪᠡᠷ᠂ ᠦᠢᠯᠡᠴᠢᠯᠡᠬᠦ ᠬᠤᠭᠤᠴᠠᠭ᠎ᠠ ᠨᠢ ᠳᠦᠭᠦᠷᠥᠭᠰᠡᠨ | ᠤᠨᠴᠠᠭᠠᠢ ᠠᠵᠢᠯ ᠤᠨ ᠪᠠᠶᠢᠷᠢ ᠶᠢᠨ ᠪᠠᠭᠰᠢ ᠨᠠᠷ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠲᠠᠨ᠂ ᠮᠠᠬᠢᠰᠲ᠋ᠧᠷ | ᠠᠰᠫᠢᠷᠠᠨᠲ ᠵᠡᠷᠭᠡ ᠳᠤ ᠰᠢᠯᠭᠠᠭᠤᠯᠬᠤ ᠳᠤᠨᠢ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠤᠯᠤᠰ ᠤᠨ | ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠨᠠᠶᠢᠳᠠᠪᠤᠷᠢᠵᠢᠭᠤᠯᠬᠤ ᠬᠡᠷᠡᠭᠲᠡᠢ᠃ |