ᠶᠠᠪᠠᠭᠠᠨ ᠬᠥᠮᠥᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠦᠢᠯᠠᠭᠠᠯᠳᠠ
ᠨᠡᠶᠢᠲᠡᠯᠡᠭᠰᠡᠨ ᠴᠠᠭ᠄
2015/3/2
     ᠶᠠᠪᠠᠭᠠᠨ ᠬᠥᠮᠥᠨ ᠪᠤᠯ ᠵᠠᠮ ᠬᠠᠷᠢᠯᠴᠠᠭᠠᠨ ᠤ ᠡ᠊ᠨᠳᠡᠯ ᠤᠨ ᠲᠤᠳᠤᠷ᠎ᠠ ᠪᠠᠭᠤᠷᠠᠶᠢᠴᠤᠳ ᠪᠤᠯᠬᠤ ᠪᠥᠭᠡᠳ ᠲᠤᠩ ᠠᠮᠠᠷᠬᠠᠨ ᠬᠥᠨᠥᠭᠡᠯ ᠠᠮᠰᠠᠳᠠᠭ᠃              ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ              ● ᠶᠠᠪᠠᠭᠠᠨ ᠬᠥᠮᠥᠨ ᠮᠠᠰᠢᠨᠳᠤ ᠲᠡᠷᠭᠡ ᠯᠦᠭᠡ ᠡ᠊ᠨᠳᠡᠯ ᠡᠬᠦᠰᠥᠭᠰᠡᠨ ᠤ ᠰᠡᠬᠦᠯᠡᠷ ᠵᠥᠪᠳᠡᠯᠴᠡᠨ ᠰᠢᠢᠳᠪᠥᠷᠢᠯᠡᠵᠤ ᠴᠢᠳᠠᠬᠤ ᠥᠭᠡᠢ ᠥᠶᠡᠰ᠂ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ ᠭᠡᠷᠡᠭ ᠭᠠᠷᠭᠠᠭᠰᠠᠨ ᠮᠡᠰᠢᠨ ᠲᠡᠷᠭᠡᠨ ᠤ ᠲᠡᠮᠳᠡᠭ ᠳ᠋ᠤᠭᠠᠷ ᠢ ᠲᠡᠮᠳᠡᠭᠯᠡᠨ ᠠᠪᠴᠤ᠂ ᠵᠠᠮ ᠬᠠᠷᠢᠯᠴᠠᠭᠠᠨ ᠤ ᠴᠠᠭᠳᠠᠭ᠎ᠠ ᠬᠥᠷᠥᠯᠴᠡᠨ ᠢᠷᠡᠵᠤ ᠰᠢᠢᠳᠪᠥᠷᠢᠯᠡᠬᠦ ᠶᠢ ᠬᠥᠯᠢᠶᠡᠬᠦ ᠭᠡᠷᠡᠭᠳᠡᠢ᠃              ● ᠶᠠᠪᠠᠭᠠᠨ ᠬᠥᠮᠥᠨ ᠮᠠᠰᠢᠨᠳᠤ ᠲᠡᠷᠭᠡᠨ ᠳᠤ ᠬᠥᠨᠳᠤ ᠨᠤᠴᠢᠳᠠᠢ ᠮᠥᠷᠬᠦᠭᠳᠡᠨ ᠰᠢᠷᠬᠠᠳᠤᠭᠰᠠᠨ ᠪᠤᠯ ᠵᠢᠯᠤᠭᠤᠴᠢ ᠨᠢ ᠲᠡᠷᠦ᠋ᠢᠬᠠᠨ 122᠎ ᠳᠤ ᠤᠳᠠᠰᠤᠳᠠᠨ ᠴᠠᠭᠳᠠᠭ᠎ᠠ ᠳᠤ ᠮᠡᠳᠡᠬᠦᠯᠵᠤ᠂ 120᠎ ᠳᠤ ᠤᠳᠠᠰᠤᠳᠠᠨ ᠠᠪᠤᠷᠠᠨ  ᠲᠤᠰᠠᠯᠠᠭᠤᠯᠬᠤ ᠶᠢᠨ ᠬᠠᠮᠳᠤ ᠴᠢᠰᠤ ᠲᠤᠭᠳᠠᠭᠠᠬᠤ᠂ ᠪᠤᠭᠤᠬᠤ ᠪᠤᠶᠤ ᠲᠤᠭᠳᠠᠪᠤᠷᠢᠵᠢᠭᠤᠯᠬᠤ ᠵᠡᠷᠭᠡ ᠠᠩᠬ᠎ᠠ ᠠᠯᠬᠤᠮ  ᠎ ᠤᠨ ᠠᠪᠤᠷᠠᠯᠳᠠ ᠶᠢᠨ ᠠᠷᠭ᠎ᠠ ᠭᠡᠮᠵᠢᠶ᠎ᠡ ᠶᠢ ᠠᠪᠴᠤ᠂ ᠰᠢᠷᠬᠠᠳᠤᠭᠰᠠᠳ ᠤᠨ ᠠᠮᠢᠰᠬᠤᠯ ᠤᠨ ᠵᠠᠮ ᠢ ᠰᠢᠯᠤᠭᠤᠳᠬᠠᠨ ᠪᠠᠶᠢᠯᠭᠠᠬᠤ ᠶᠢ ᠠᠩᠬᠠᠷᠬᠤ ᠭᠡᠷᠡᠭᠳᠡᠢ᠂ ᠭᠡᠷᠪᠡ ᠠᠮᠢᠰᠬᠤᠯ ᠪᠠ ᠵᠢᠷᠥᠭᠡᠨ ᠴᠤᠬᠢᠯᠭ᠎ᠠ ᠨᠢ ᠵᠤᠭᠰᠤᠭᠰᠠᠨ ᠪᠤᠯ ᠲᠡᠷᠡᠦ᠋ᠢᠬᠠᠨ  ᠠᠭᠤᠰᠬᠢ ᠵᠢᠷᠥᠭᠡ ᠶᠢ ᠨᠢ ᠰᠡᠷᠬᠦᠭᠡᠬᠦ ᠠᠷᠭ᠎ᠠ ᠪᠠᠷ ᠲᠥᠷᠭᠡᠨ ᠠᠪᠤᠷᠠᠯᠳᠠ ᠬᠢᠨ᠎ᠠ ᠃              ● ᠶᠠᠪᠠᠭᠠᠨ ᠬᠥᠮᠥᠨ ᠮᠠᠰᠢᠨᠳᠤ ᠪᠤᠰᠤ ᠲᠡᠷᠭᠡ ᠯᠦᠭᠡ ᠵᠠᠮ ᠬᠠᠷᠢᠯᠴᠠᠭᠠᠨ ᠤ ᠡ᠊ᠨᠳᠡᠯ ᠡᠬᠦᠰᠥᠭᠰᠡᠨ ᠤ ᠰᠡᠬᠦᠯᠡᠷ  ᠥᠪᠡᠷᠳᠡᠭᠡᠨ ᠵᠥᠪᠳᠡᠯᠴᠡᠨ ᠰᠢᠢᠳᠪᠥᠷᠢᠯᠡᠵᠤ ᠴᠢᠳᠠᠬᠤ ᠥᠭᠡᠢ ᠪᠠᠶᠢᠳᠠᠯ ᠲᠤᠤᠷ᠎ᠠ᠂ ᠲᠡᠷᠦ᠋ᠢᠬᠠᠨ ᠴᠠᠭᠳᠠᠭ᠎ᠠ ᠳᠤ  ᠮᠡᠳᠡᠭᠦᠯᠦᠨ᠎ᠡ᠃      ● ᠬᠥᠮᠥᠨ ᠲᠠᠭᠠᠷᠢᠴᠢᠬᠠᠭᠠᠳ ᠲᠡᠷᠭᠡ ᠵᠢᠯᠤᠭᠤᠳᠤᠨ ᠲᠤᠳᠠᠭᠠᠭᠰᠠᠨ ᠪᠠᠶᠢᠳᠠᠯ ᠳᠤ ᠲᠤᠬᠢᠶᠠᠯᠳᠤᠪᠠᠯ᠂ ᠠᠯᠢ  ᠴᠢᠳᠠᠬᠤ ᠪᠠᠷ ᠭᠡᠷᠡᠭ ᠭᠠᠷᠭᠠᠭᠰᠠᠳ ᠢ ᠨᠡᠭᠡᠮᠵᠢᠯᠡᠬᠦ ᠭᠡᠷᠡᠭᠳᠡᠢ᠃ ᠰᠢᠷᠬᠠᠳᠤᠭᠰᠠᠨ ᠪᠠᠶᠢᠳᠠᠯ ᠲᠤᠤᠷ᠎ᠠ᠂ ᠬᠠᠵᠠᠭᠤ ᠬᠠᠪᠢ  ᠎ ᠶᠢᠨ ᠬᠥᠮᠥᠰ ᠢ ᠭᠤᠶᠤᠨ ᠭᠡᠷᠡᠭ ᠭᠠᠷᠭᠠᠭᠰᠠᠳ ᠢ ᠲᠤᠰᠤᠨ ᠵᠤᠭᠰᠤᠭᠠᠬᠤ ᠪᠤᠶᠤ ᠬᠠᠮᠢᠶ᠎ᠠ ᠪᠥᠬᠦᠢ ᠤᠨᠴᠠᠯᠢᠬ ᠢ ᠨᠢ  ᠴᠡᠭᠡᠵᠢᠯᠡᠬᠦᠯᠥᠨ ᠠᠪᠬᠤ ᠭᠡᠷᠡᠭᠳᠡᠢ᠃              ● ᠵᠠᠮ ᠬᠠᠷᠢᠯᠴᠠᠭᠠᠨ ᠤ ᠬᠥᠨᠳᠤ ᠨᠤᠴᠢᠳᠠᠢ ᠡ᠊ᠨᠳᠡᠯ ᠡᠬᠦᠰᠥᠭᠰᠡᠨ ᠥᠶᠡᠰ᠂ ᠰᠢᠷᠬᠠᠳᠤᠭᠰᠠᠳ ᠤᠨ ᠨᠢᠷᠤᠭᠤ  ᠰᠡᠭᠡᠷ ᠤᠨ ᠶᠠᠰᠤ ᠨᠢ ᠬᠤᠭᠤᠷᠠᠭᠰᠠᠨ ᠪᠠᠶᠢᠵᠤ ᠮᠡᠳᠡᠬᠦ ᠲᠤᠯᠠ᠂ ᠡᠨᠡ ᠥᠶᠡᠰ ᠲᠡᠬᠦᠨ ᠢ ᠶᠠᠭᠠᠬᠢᠭᠰᠠᠨ ᠴᠤ ᠤᠷᠪᠠᠭᠤᠯᠵᠤ  ᠬᠥᠷᠪᠡᠬᠦᠯᠵᠤ ᠪᠤᠯᠬᠤ ᠥᠭᠡᠢ᠃ ᠨᠢᠷᠤᠭᠤ ᠰᠡᠭᠡᠷ ᠤᠨ ᠶᠠᠰᠤ ᠨᠢ ᠬᠤᠭᠤᠷᠠᠭᠰᠠᠨ ᠡᠰᠡᠬᠦ ᠶᠢ ᠮᠠᠭᠠᠳᠯᠠᠨ ᠲᠤᠳᠤᠯᠵᠤ  ᠴᠢᠳᠠᠬᠤ ᠥᠭᠡᠢ ᠪᠤᠯ ᠮᠥᠨᠬᠦ ᠨᠢᠷᠤᠭᠤ ᠰᠡᠭᠡᠷ ᠤᠨ ᠶᠠᠰᠤ ᠬᠤᠭᠤᠷᠠᠭᠰᠠᠨ ᠢᠶᠠᠷ ᠰᠢᠢᠳᠪᠥᠷᠢᠯᠡᠬᠦ ᠭᠡᠷᠡᠭᠳᠡᠢ᠃                ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                ◇ ᠶᠠᠪᠠᠭᠠᠨ ᠬᠥᠮᠥᠨ ᠵᠠᠰᠠᠮᠠᠯ ᠵᠠᠮ ᠢ ᠤᠭᠳᠤᠯᠤᠨ ᠭᠠᠷᠬᠤ ᠳᠠᠭᠠᠨ ᠶᠠᠪᠠᠭᠠᠨ ᠬᠥᠮᠥᠨ ᠤ ᠵᠠᠮ᠂ ᠱᠠᠳᠤᠳᠤ  ᠬᠥᠬᠦᠷᠭᠡ᠂ ᠨᠥᠭᠡᠨ ᠵᠠᠮ ᠢᠶᠠᠷ ᠶᠠᠪᠤᠬᠤ ᠭᠡᠷᠡᠭᠳᠡᠢ᠃ ᠶᠠᠪᠠᠭᠠᠨ ᠬᠥᠮᠥᠨ ᠤ ᠵᠠᠮ ᠢᠶᠠᠷ ᠶᠠᠪᠤᠬᠤ ᠳᠠᠭᠠᠨ ᠴᠤ ᠵᠡᠬᠦᠨᠰᠢ  ᠪᠠᠷᠠᠭᠤᠨᠰᠢ ᠪᠠᠨ ᠰᠠᠶᠢᠳᠤᠷ ᠯᠠᠪᠯᠠᠨ ᠬᠠᠷᠠᠵᠤ᠂ ᠠᠶᠤᠯ ᠥᠭᠡᠢ ᠪᠠᠶᠢᠳᠠᠯ ᠲᠤᠤᠷ᠎ᠠ ᠰᠠᠶ᠋ᠢ ᠲᠥᠷᠭᠡᠭᠡᠨ ᠥᠡᠭᠭᠡᠷᠡᠨ ᠭᠠᠷᠬᠤ  ᠭᠡᠷᠡᠭᠳᠡᠢ᠃              ◇ ᠶᠠᠪᠠᠭᠠᠨ ᠬᠥᠮᠥᠨ ᠵᠠᠮ ᠲᠡᠭᠡᠷᠡᠬᠢ ᠲᠤᠰᠠᠭᠠᠷᠯᠠᠬᠤ ᠬᠠᠰᠢᠯᠭ᠎ᠠ ᠶᠢ ᠲᠠᠪᠠᠨ ᠭᠠᠷᠬᠤ ᠪᠠ ᠵᠠᠶᠢᠳᠠᠯᠠᠨ ᠰᠠᠭᠤᠵᠤ  ᠪᠤᠯᠬᠤ ᠥᠭᠡᠢ᠃ ᠲᠡᠷᠭᠡᠨ ᠳᠤ ᠠᠪᠢᠷᠠᠬᠤ᠂ ᠲᠡᠷᠭᠡ ᠶᠢ ᠠᠯᠪᠠᠳᠠᠨ ᠬᠤᠷᠢᠭᠯᠠᠬᠤ ᠪᠠ ᠵᠠᠮ ᠱᠤᠭᠤᠮ ᠎ ᠤᠨ ᠠᠮᠤᠷ  ᠲᠥᠪᠰᠢᠨ ᠢ ᠬᠠᠷᠰᠢᠯᠠᠬᠤ ᠪᠤᠰᠤᠳ ᠵᠥᠢᠯ ᠤᠨ ᠠᠵᠢᠯᠯᠠᠭ᠎ᠠ ᠠᠪᠴᠤ ᠪᠤᠯᠬᠤ ᠥᠭᠡᠢ᠃              ◇ ᠰᠤᠷᠭᠠᠭᠤᠯᠢ ᠶᠢᠨ ᠨᠠᠰᠤᠨ ᠠᠴᠠ ᠡᠮᠥᠨᠡᠬᠢ ᠭᠡᠥᠭᠡᠳ᠂ ᠮᠡᠳᠡᠷᠡᠯ ᠤᠨ ᠡᠪᠡᠳᠴᠢᠨ ᠲᠠᠢ ᠬᠥᠮᠥᠨ᠂ ᠤᠬᠠᠭᠠᠨ  ᠰᠠᠨᠠᠭ᠎ᠠ ᠲᠤᠳᠠᠮᠠᠭ ᠬᠥᠮᠥᠰ ᠭᠠᠳᠠᠭᠰᠢ ᠭᠠᠷᠬᠤ ᠳᠤ ᠵᠠᠪᠠᠯ ᠬᠥᠮᠥᠨ ᠲᠠᠭᠠᠭᠤᠯᠬᠤ ᠭᠡᠷᠡᠭᠳᠡᠢ᠃              ◇ ᠮᠠᠰᠢᠨᠳᠤ ᠲᠡᠷᠭᠡᠨ ᠤ ᠵᠠᠮ ᠲᠡᠭᠡᠷ᠎ᠡ ᠡᠳ᠋ ᠪᠠᠷᠠᠭ᠎ᠠ ᠬᠤᠳᠠᠯᠳᠤᠬᠤ᠂ ᠰᠤᠨᠢᠨ ᠰᠡᠳᠬᠦᠯ ᠬᠤᠳᠠᠯᠳᠤᠬᠤ᠂ ᠵᠠᠷ  ᠮᠡᠳᠡᠭᠡ ᠲᠡᠷᠬᠠᠭᠠᠬᠤ ᠶᠢ ᠴᠠᠭᠠᠵᠠᠯᠠᠬᠤ ᠮᠥᠷᠳᠡᠭᠡᠨ ᠭᠡᠥᠭᠡᠳ ᠤᠳ ᠮᠠᠰᠢᠨᠳᠤ ᠲᠡᠷᠭᠡᠨ ᠤ ᠵᠠᠮ ᠲᠡᠭᠡᠷ᠎ᠡ ᠨᠠᠭᠠᠳᠴᠤ  ᠲᠤᠭᠯᠠᠬᠤ ᠶᠢ  ᠴᠠᠭᠠᠵᠠᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号