ᠮᠠᠰᠢᠨᠳᠤ ᠪᠤᠰᠤ ᠲᠡᠷᠭᠡᠨ ᠤ ᠵᠠᠮ ᠬᠠᠷᠢᠯᠴᠠᠭᠠᠨ ᠤ ᠡ᠊ᠨᠳᠡᠯ  ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2015/3/2
     ᠮᠠᠰᠢᠨᠳᠤ ᠪᠤᠰᠤ ᠲᠡᠷᠭᠡ ᠵᠢᠯᠤᠭᠤᠳᠴᠤ ᠠᠶᠠᠯᠠᠬᠤ ᠳᠠᠭᠠᠨ ᠮᠠᠰᠢᠨᠳᠤ ᠪᠤᠰᠤ ᠲᠡᠷᠭᠡᠨ ᠤ ᠵᠠᠮ ᠢᠶᠠᠷ ᠶᠠᠪᠤᠨ᠎ᠠ᠂  ᠮᠠᠰᠢᠨᠳᠤ ᠪᠤᠰᠤ ᠲᠡᠷᠭᠡᠨ ᠤ ᠵᠠᠮ ᠱᠤᠭᠤᠮ ᠥᠭᠡᠢ ᠵᠠᠮ ᠲᠡᠭᠡᠷ᠎ᠡ ᠪᠤᠯ ᠵᠠᠮ ᠤᠨ ᠪᠠᠷᠠᠭᠤᠨ ᠲᠠᠯ᠎ᠠ ᠶᠢ ᠪᠠᠷᠢᠵᠤ ᠠᠶᠠᠯᠠᠨ᠎ᠠ᠃ ᠮᠠᠰᠢᠨᠳᠤ ᠪᠤᠰᠤ ᠲᠡᠷᠭᠡ ᠨᠢ ᠲᠥᠷᠭᠡᠨ ᠬᠤᠷᠳᠤᠴᠠᠳᠤ ᠵᠠᠮ ᠢᠶᠠᠷ ᠠᠶᠠᠯᠠᠵᠤ ᠪᠤᠯᠬᠤ ᠥᠭᠡᠢ᠃              ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                ● ᠮᠠᠰᠢᠨᠳᠤ ᠪᠤᠰᠤ ᠲᠡᠷᠭᠡ ᠨᠢ ᠮᠠᠰᠢᠨᠳᠤ ᠲᠡᠷᠭᠡ ᠯᠦᠭᠡ ᠡ᠊ᠨᠳᠡᠯ ᠡᠬᠦᠰᠥᠭᠰᠡᠨ ᠪᠤᠯ ᠮᠠᠰᠢᠨᠳᠤ ᠪᠤᠰᠤ ᠲᠡᠷᠭᠡᠨ ᠤ  ᠵᠢᠯᠤᠭᠤᠴᠢ ᠨᠢ ᠭᠡᠷᠡᠭ ᠭᠠᠷᠭᠠᠭᠰᠠᠨ ᠲᠡᠷᠭᠡᠨ ᠤ ᠲᠡᠷᠭᠡᠨ ᠨᠤᠮᠧᠷ ᠢ ᠴᠡᠬᠡᠵᠢᠯᠡᠨ ᠠᠪᠴᠤ᠂ ᠲᠤᠬᠠᠢ ᠎ ᠶᠢᠨ ᠲᠠᠯᠠᠪᠠᠢ ᠶᠢ  ᠰᠠᠶᠢᠳᠤᠷ ᠬᠠᠮᠠᠭᠠᠯᠠᠵᠤ᠂ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠭᠡᠷᠡᠭᠳᠡᠢ᠃ ᠭᠡᠷᠪᠡ ᠨᠡᠯᠢᠶᠡᠳ ᠬᠥᠨᠳᠤ ᠰᠢᠷᠬᠠᠳᠤᠭᠰᠠᠨ  ᠪᠤᠯ ᠪᠤᠰᠤᠳ ᠢ ᠭᠤᠶᠤᠨ ᠲᠤᠬᠠᠢ ᠶᠢᠨ ᠲᠠᠯᠠᠪᠠᠢ ᠶᠢ ᠬᠠᠷᠠᠭᠤᠯᠵᠤ ᠲᠡᠷᠦ᠋ᠢᠬᠠᠨ ᠡᠮᠨᠡᠯᠭᠡ ᠳᠤ ᠬᠥᠷᠴᠤ  ᠡᠮᠨᠡᠭᠦᠯᠦᠨ᠎ᠡ᠃              ● ᠮᠠᠰᠢᠨᠳᠤ ᠪᠤᠰᠤ ᠲᠡᠷᠭᠡ ᠬᠤᠭᠤᠷᠤᠨᠳᠤ ᠪᠠᠨ ᠡ᠊ᠨᠳᠡᠯ ᠭᠠᠷᠤᠭᠰᠠᠨ ᠤ ᠰᠡᠬᠦᠯᠡᠷ᠂ ᠥᠪᠡᠷᠰᠡᠳ ᠎ ᠢᠶᠠᠨ ᠵᠥᠪᠯᠡᠨ  ᠰᠢᠢᠳᠪᠥᠷᠢᠯᠡᠵᠤ ᠲᠡᠶᠢᠯᠬᠦ ᠥᠭᠡᠢ ᠪᠠᠶᠢᠳᠠᠯ ᠤᠨ ᠲᠤᠤᠷ᠎ᠠ᠂ ᠱᠠᠯᠠᠪᠬᠠᠨ ᠴᠠᠭᠳᠠᠭ᠎ᠠ ᠳᠤ ᠮᠡᠳᠡᠬᠦᠯᠬᠦ ᠎ ᠶᠢᠨ ᠬᠠᠮᠳᠤ ᠡ᠊ᠨᠳᠡᠯ  ᠭᠠᠷᠤᠭᠰᠠᠨ ᠲᠤᠬᠠᠢ ᠶᠢᠨ ᠲᠠᠯᠠᠪᠠᠢ ᠶᠢ ᠰᠠᠶᠢᠳᠤᠷ ᠬᠠᠮᠠᠭᠠᠯᠠᠬᠤ ᠭᠡᠷᠡᠭᠳᠡᠢ᠃ ᠭᠡᠷᠪᠡ ᠲᠤᠬᠠᠢ ᠎ ᠶᠢᠨ ᠬᠥᠮᠥᠨ ᠨᠢ ᠬᠥᠨᠳᠤ  ᠰᠢᠷᠬᠠᠳᠤᠭᠰᠠᠨ ᠪᠤᠯ ᠲᠤᠬᠠᠢ ᠶᠢᠨ ᠲᠠᠯᠠᠪᠠᠢ ᠶᠢᠨ ᠬᠥᠮᠥᠰ ᠢ ᠭᠤᠶᠤᠨ ᠬᠠᠪᠰᠤᠷᠠᠭᠤᠯᠬᠤ ᠶᠢᠨ ᠬᠠᠮᠳᠤ ᠲᠡᠷᠦ᠋ᠢᠬᠠᠨ  122᠎ ᠳᠤ ᠤᠳᠠᠰᠤᠳᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ 120᠎ ᠳᠤ ᠤᠳᠠᠰᠤᠳᠠᠨ ᠲᠤᠰᠠᠯᠠᠭᠤᠯᠬᠤ ᠭᠡᠷᠡᠭᠳᠡᠢ᠃              ● ᠮᠠᠰᠢᠨᠳᠤ ᠪᠤᠰᠤ ᠲᠡᠷᠭᠡ ᠨᠢ ᠶᠠᠪᠠᠭᠠᠨ ᠬᠥᠮᠥᠨ ᠯᠦᠭᠡ ᠡ᠊ᠨᠳᠡᠯ ᠭᠠᠷᠤᠭᠰᠠᠨ ᠪᠤᠯ ᠰᠢᠷᠬᠠᠳᠠᠨ ᠤ ᠰᠢᠷᠬ᠎ᠠ  ᠎ ᠶᠢᠨ ᠪᠠᠶᠢᠳᠠᠯ ᠢ ᠲᠡᠷᠦ᠋ᠢᠬᠠᠨ ᠤᠢᠢᠯᠠᠭᠠᠵᠤ᠂ ᠲᠤᠬᠠᠢ ᠶᠢᠨ ᠲᠠᠯᠠᠪᠠᠢ ᠶᠢ ᠰᠠᠶᠢᠳᠤᠷ ᠬᠠᠮᠠᠭᠠᠯᠠᠬᠤ ᠶᠢᠨ ᠲᠠᠭᠠᠤ ᠴᠠᠭᠳᠠᠭ᠎ᠠ  ᠎ ᠳᠤ ᠮᠡᠳᠡᠬᠦᠯᠬᠦ ᠭᠡᠷᠡᠭᠳᠡᠢ᠃ ᠭᠡᠷᠪᠡ ᠰᠢᠷᠬᠠᠳᠠᠨ ᠤ ᠰᠢᠷᠬ᠎ᠠ ᠨᠢ ᠬᠥᠨᠳᠤ ᠪᠠᠶᠢᠪᠠᠯ᠂ ᠱᠠᠯᠠᠪᠬᠠᠨ ᠡᠮᠨᠡᠯᠭᠡ ᠳᠤ ᠬᠥᠷᠭᠡᠨ  ᠠᠪᠤᠷᠠᠨ ᠲᠤᠰᠠᠯᠠᠭᠤᠯᠤᠨ᠎ᠠ᠃              ᠲᠤᠰᠬᠠᠢ ᠮᠡᠷᠭᠡᠵᠢᠯᠳᠡᠨ ᠤ ᠰᠠᠨᠠᠭᠤᠯᠤᠮᠵᠢ              ◇ ᠲᠤᠭᠤᠢ ᠲᠡᠷᠭᠡ ᠤᠨᠤᠵᠤ ᠶᠠᠪᠤᠬᠤ ᠳᠠᠭᠠᠨ ᠤᠭᠵᠢᠮ ᠮᠤᠷᠦ᠋ᠢᠬᠤ ᠪᠠ ᠵᠠᠮ ᠪᠤᠯᠢᠶᠠᠯᠳᠤᠵᠤ ᠪᠤᠯᠬᠤ ᠥᠭᠡᠢ᠃  ᠮᠠᠰᠢᠨᠳᠤ ᠲᠡᠷᠭᠡᠨ ᠤ ᠵᠠᠮ ᠢᠶᠠᠷ ᠶᠠᠪᠤᠵᠤ ᠪᠤᠯᠬᠤ ᠥᠭᠡᠢ ᠪᠥᠭᠡᠳ ᠨᠠᠭᠠᠳᠤᠮ ᠲᠤᠭᠯᠠᠭᠠᠮ ᠬᠢᠵᠤ ᠪᠤᠯᠬᠤ ᠥᠭᠡᠢ᠃              ◇ ᠵᠠᠮ ᠬᠠᠷᠢᠯᠴᠠᠭᠠᠨ ᠤ ᠲᠤᠬᠢᠶᠠᠨ ᠳ᠋ᠧᠩ ᠤᠨ ᠵᠢᠯᠤᠭᠤᠳᠤᠯᠭ᠎ᠠ ᠶᠢ ᠴᠢᠩᠭ᠎ᠠ ᠵᠢᠷᠤᠮᠯᠠᠨ ᠰᠠᠬᠢᠬᠤ ᠭᠡᠷᠡᠭᠳᠡᠢ᠃  ᠶᠠᠪᠠᠭᠠᠨ ᠬᠥᠮᠥᠨ ᠤ ᠵᠠᠮ ᠢ ᠬᠥᠨᠳᠡᠯᠡᠨ ᠬᠡᠳᠥᠯᠬᠦ ᠳᠡᠭᠡᠨ᠂ ᠬᠥᠮᠥᠰ ᠲᠤ ᠵᠠᠮ ᠲᠠᠯᠪᠢᠵᠤ ᠥᠭᠬᠦ ᠭᠡᠷᠡᠭᠳᠡᠢ︔ ᠲᠡᠷᠭᠡ  ᠵᠤᠭᠰᠤᠵᠤ ᠲᠤᠬᠢᠶᠠᠨ ᠳ᠋ᠧᠩ ᠢ ᠬᠥᠯᠢᠶᠡᠬᠦ ᠳᠡᠭᠡᠨ᠂ ᠲᠡᠷᠭᠡ ᠵᠤᠭᠰᠤᠬᠤ ᠱᠤᠭᠤᠮ ᠠᠴᠠ ᠭᠡᠳᠥᠷᠡᠵᠤ ᠪᠤᠯᠬᠤ ᠥᠭᠡᠢ︔  ᠮᠤᠷᠦ᠋ᠢᠬᠤ ᠥᠶᠡᠰ ᠭᠠᠷ ᠢᠶᠠᠨ ᠰᠤᠩᠭᠠᠭᠠᠨ ᠲᠤᠬᠢᠶᠠᠯᠠᠬᠤ ᠭᠡᠷᠡᠭᠳᠡᠢ᠃              ◇ ᠲᠡᠮᠥᠷ ᠵᠠᠮ ᠤᠨ ᠠᠭᠤᠯᠵᠠᠷ ᠢᠶᠠᠷ ᠥᠡᠭᠭᠡᠷᠡᠬᠦ ᠳᠡᠭᠡᠨ ᠭᠠᠯ ᠲᠡᠷᠭᠡ ᠬᠥᠷᠴᠤ ᠢᠷᠡᠬᠦ ᠠᠴᠠ ᠡᠮᠥᠨ᠎ᠡ᠂  ᠤᠬᠠᠮᠰᠠᠷ ᠠᠴᠠ ᠪᠠᠨ ᠵᠠᠮ ᠤᠨ ᠠᠭᠤᠯᠵᠠᠷ ᠤᠨ ᠵᠤᠭᠰᠤᠬᠤ ᠭᠠᠵᠠᠷ ᠲᠤ ᠵᠤᠭᠰᠤᠬᠤ ᠪᠤᠶᠤ ᠲᠡᠮᠥᠷ ᠵᠠᠮ ᠠᠴᠠ 5 ᠮᠧᠲᠷ  ᠵᠠᠶᠢᠳᠠᠢ ᠭᠠᠵᠠᠷ ᠲᠤ ᠵᠤᠭᠰᠤᠨ ᠬᠥᠯᠢᠶᠡᠬᠦ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号