ᠲᠥᠷᠭᠡᠨ ᠬᠤᠷᠳᠤᠴᠠᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2015/3/2
     ᠲᠥᠷᠭᠡᠨ ᠬᠤᠷᠳᠤᠴᠠᠳᠤ ᠵᠠᠰᠠᠮᠠᠯ ᠵᠠᠮ ᠢᠶᠠᠷ ᠲᠡᠷᠭᠡ ᠠᠶᠠᠯᠠᠬᠤ ᠳᠠᠭᠠᠨ ᠬᠥᠶᠥᠬᠦ ᠨᠢ ᠲᠥᠷᠭᠡᠨ᠂ ᠵᠢᠯᠤᠭᠤᠴᠢ  ᠎ ᠶᠢᠨ ᠬᠥᠳᠡᠯᠥᠩᠬᠦᠢ ᠬᠠᠷᠠᠴᠠ ᠪᠠᠭᠤᠷᠠᠵᠤ᠂ ᠥᠵᠡᠬᠦ ᠥᠷᠭᠡᠴᠡ ᠨᠢ ᠢᠪᠴᠤᠷᠠᠵᠤ᠂ ᠮᠠᠭᠠᠳᠯᠠᠬᠤ ᠴᠢᠳᠠᠪᠤᠷᠢ ᠨᠢ  ᠪᠠᠭᠤᠷᠠᠵᠤ᠂ ᠲᠡᠩᠴᠡᠬᠦᠷᠢᠳᠤ ᠰᠡᠷᠡᠯ ᠨᠢ ᠴᠤ ᠬᠤᠪᠢᠷᠠᠯᠳᠠ ᠲᠠᠢ ᠪᠤᠯᠳᠠᠭ ᠲᠤᠯᠠ ᠵᠠᠮ ᠬᠠᠷᠢᠯᠴᠠᠭᠠᠨ ᠤ ᠡ᠊ᠨᠳᠡᠯ ᠲᠤᠩ  ᠠᠮᠠᠷᠬᠠᠨ ᠡᠬᠦᠰᠳᠡᠭ᠃              ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                ● ᠮᠠᠰᠢᠨᠳᠤ ᠲᠡᠷᠭᠡ ᠨᠢ ᠲᠥᠷᠭᠡᠨ ᠬᠤᠷᠳᠤᠴᠠᠳᠤ ᠵᠠᠰᠠᠮᠠᠯ ᠵᠠᠮ ᠲᠡᠭᠡᠷ᠎ᠡ ᠡ᠊ᠨᠳᠡᠯ ᠭᠠᠷᠬᠤ ᠳᠤ ᠬᠥᠷᠪᠡᠯ᠂  ᠲᠡᠷᠭᠡ ᠪᠠᠨ ᠲᠡᠷᠦ᠋ᠢᠬᠠᠨ ᠵᠤᠭᠰᠤᠭᠠᠵᠤ᠂ ᠲᠤᠬᠠᠢ ᠶᠢᠨ ᠲᠠᠯᠠᠪᠠᠢ ᠶᠢ ᠬᠠᠮᠠᠭᠠᠯᠠᠬᠤ ᠭᠡᠷᠡᠭᠳᠡᠢ᠃ ᠴᠠᠭᠳᠠᠭ᠎ᠠ ᠳᠤ  ᠤᠳᠠᠰᠤᠳᠠᠨ ᠮᠡᠳᠡᠬᠦᠯᠬᠦ ᠳᠡᠭᠡᠨ ᠬᠡᠷᠡᠭ ᠭᠠᠷᠤᠭᠰᠠᠨ ᠴᠠᠭ᠂ ᠤᠷᠤᠨ ᠪᠠᠶᠢᠷᠢ᠂ ᠥᠷ᠎ᠡ ᠳ᠋ᠦᠩ ᠵᠡᠷᠭᠡ ᠶᠢ ᠲᠤᠳᠤᠷᠬᠠᠢ  ᠮᠡᠳᠡᠭᠳᠡᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠪᠠᠶᠢᠴᠠᠭᠠᠬᠤ ᠳᠤ ᠬᠠᠮᠵᠢᠯᠴᠠᠬᠤ ᠭᠡᠷᠡᠭᠳᠡᠢ᠃              ● ᠬᠥᠮᠥᠨ ᠥᠬᠦᠵᠤ ᠰᠢᠷᠬᠠᠳᠤᠭᠰᠠᠨ ᠡ᠊ᠨᠳᠡᠯ ᠭᠠᠷᠤᠭᠰᠠᠨ ᠪᠤᠯ ᠤᠷᠢᠳᠠᠪᠡᠷ ᠬᠥᠮᠥᠨ ᠢ ᠠᠪᠤᠷᠠᠬᠤ ᠎ ᠶᠢᠨ ᠲᠠᠭᠠᠤ  122᠂ 120᠎ ᠳᠤ ᠲᠡᠷᠦ᠋ᠢᠬᠠᠨ  ᠤᠳᠠᠰᠤᠳᠠᠭᠠᠷᠠᠢ᠃              ● ᠠᠶᠤᠯ ᠲᠥᠭᠰᠢᠬᠦᠷᠢ ᠶᠢ ᠮᠡᠳᠡᠬᠦᠯᠬᠦ ᠳ᠋ᠧᠩ ᠢᠶᠠᠨ ᠨᠡᠭᠡᠭᠡᠵᠤ᠂ ᠲᠡᠷᠭᠡ ᠢᠷᠡᠬᠦ ᠵᠥᠭ ᠲᠤ 150 ᠮᠧᠲᠷ  ᠎ ᠠᠴᠠ ᠭᠠᠳᠠᠨ᠎ᠠ ᠰᠠᠷᠠᠮᠵᠢ ᠶᠢᠨ ᠲᠡᠮᠳᠡᠭ  ᠭᠠᠷᠭᠠᠨ᠎ᠠ᠃              ● ᠲᠡᠷᠭᠡᠨ ᠲᠡᠭᠡᠷᠡᠬᠢ ᠬᠥᠮᠥᠰ ᠢ ᠵᠠᠮ ᠤᠨ ᠪᠠᠷᠠᠭᠤᠨ ᠲᠠᠯ᠎ᠠ ᠪᠤᠶᠤ ᠪᠠᠴᠢᠮ ᠠᠷᠭᠠᠴᠠᠬᠤ ᠲᠡᠷᠭᠡᠨ ᠲᠡᠭᠡᠷ᠎ᠡ  ᠲᠥᠷᠭᠡᠨ ᠰᠢᠯᠵᠢᠬᠦᠯᠬᠦ ᠭᠡᠷᠡᠭᠳᠡᠢ︔ ᠥᠪᠡᠷᠰᠡᠳ ᠢᠶᠠᠨ ᠵᠥᠪᠳᠡᠯᠴᠡᠨ ᠰᠢᠢᠳᠪᠥᠷᠢᠯᠡᠵᠤ ᠲᠡᠶᠢᠯᠬᠦ ᠬᠥᠡᠭᠭᠡᠨ ᠡ᠊ᠨᠳᠡᠯ ᠪᠤᠯ  ᠮᠠᠰᠢᠨᠳᠤ ᠲᠡᠷᠭᠡ ᠶᠢ ᠲᠡᠷᠦ᠋ᠢᠬᠠᠨ ᠪᠠᠴᠢᠮ ᠠᠪᠤᠷᠠᠬᠤ ᠵᠠᠮ ᠪᠤᠶᠤ ᠥᠢᠯᠡᠴᠢᠯᠡᠭᠡᠨ ᠤ ᠲᠤᠭᠤᠷᠢᠬ ᠲᠤ ᠪᠤᠯᠪᠠᠤ᠃              ᠲᠤᠰᠬᠠᠢ ᠮᠡᠷᠭᠡᠵᠢᠯᠳᠡᠨ ᠤ ᠰᠠᠨᠠᠭᠤᠯᠤᠮᠵᠢ              ◇ ᠡ᠊ᠨᠳᠡᠯ ᠤᠨ ᠲᠤᠰᠬᠠᠢ ᠲᠠᠯᠠᠪᠤᠷ ᠪᠠ ᠰᠢᠷᠬᠠᠳᠠᠨ ᠤ ᠭᠡᠪᠳᠡᠭᠡ ᠪᠠᠶᠢᠷᠢᠰᠢᠯ ᠳᠤ ᠲᠡᠮᠳᠡᠭ ᠲᠡᠯᠪᠢᠵᠤ ᠂ ᠲᠤᠬᠠᠢ  ᠎ ᠶᠢᠨ ᠲᠠᠯᠠᠪᠤᠷ ᠤᠨ ᠮᠥᠷ ᠰᠤᠷᠪᠢ ᠪᠤᠳᠠᠰ ᠤᠨ ᠬᠡᠷᠡᠴᠢ ᠶᠢ ᠪᠥᠷᠢᠨ ᠬᠠᠮᠠᠭᠠᠯᠠᠵᠤ᠂ ᠲᠤᠳᠤᠭᠠᠳᠤ ᠶᠢ ᠬᠠᠮᠠᠭᠠᠯᠠᠬᠤ  ᠪᠠᠶᠢᠭᠤᠯᠤᠯᠭ᠎ᠠ ᠶᠢ ᠬᠠᠪᠰᠤᠷᠤᠨ ᠬᠡᠷᠡᠴᠢᠯᠡᠬᠦ ᠬᠥᠮᠥᠰ ᠢ ᠡᠷᠢᠵᠤ ᠤᠯᠬᠤ ᠭᠡᠷᠡᠭᠳᠡᠢ᠃              ◇ ᠥᠷᠬᠦᠯᠵᠢᠯᠡᠨ ᠤᠷᠤᠭᠤ ᠪᠠᠭᠤᠬᠤ ᠳᠤ ᠲᠤᠷᠤᠮᠰᠤᠯᠠᠭᠤᠷ ᠢᠶᠠᠨ ᠬᠠᠭᠠᠵᠤ ᠭᠤᠯᠭᠤᠭᠤᠯᠵᠤ ᠪᠤᠯᠬᠤ ᠥᠭᠡᠢ︔  ᠬᠥᠨᠳᠤ ᠠᠴᠢᠶ᠎ᠠ ᠲᠠᠢ ᠮᠠᠰᠢᠨ ᠲᠡᠷᠭᠡ ᠨᠢ ᠠᠯᠢ ᠴᠢᠳᠠᠬᠤ ᠪᠠᠷ ᠲᠤᠮᠳᠠᠴᠢ ᠬᠤᠷᠳᠤᠴᠠ ᠶᠢᠨ ᠲᠤᠷᠤᠮᠰᠤᠯᠠᠭᠤᠷ ᠢᠶᠠᠷ  ᠠᠶᠠᠯᠠᠵᠤ᠂ ᠲᠤᠷᠤᠮᠰᠤᠯᠠᠭᠤᠷ ᠨᠢ ᠬᠡᠳᠥᠷᠭᠡᠢ ᠬᠠᠯᠠᠭᠠᠤᠨ ᠥᠢᠯᠡᠳᠥᠯ ᠢᠶᠠᠨ ᠠᠯᠳᠠᠬᠤ ᠎ ᠠᠴᠠ ᠰᠡᠷᠭᠡᠶᠢᠯᠡᠨ᠎ᠡ᠃              ◇ ᠡᠮᠥᠨ᠎ᠡ ᠲᠡᠯ᠎ᠠ ᠳᠤ ᠲᠡᠷᠭᠡ ᠲᠥᠭᠵᠢᠷᠡᠭᠰᠡᠨ ᠪᠠᠶᠢᠪᠠᠯ ᠲᠡᠰ ᠲᠠᠷᠠᠭᠠᠯᠠᠨ ᠮᠥᠷᠯᠡᠨ ᠬᠥᠯᠢᠶᠡᠬᠦ ᠭᠡᠷᠡᠭᠳᠡᠢ᠂ ᠠᠵᠠ  ᠭᠤᠷᠢᠳᠠᠵᠤ ᠰᠥᠯᠵᠢᠯᠡᠨ ᠶᠠᠪᠤᠬᠤ ᠪᠤᠶᠤ ᠪᠠᠴᠢᠮ ᠠᠷᠭᠠᠴᠠᠭᠠᠬᠤ ᠵᠠᠮ ᠢ ᠡᠵᠡᠯᠡᠵᠤ ᠤᠭᠳᠤ ᠪᠤᠯᠬᠤ ᠥᠭᠡᠢ᠂ ᠢᠡᠭᠬᠢᠬᠦ ᠳᠤ  ᠬᠥᠷᠪᠡᠯ᠂ ᠨᠡᠩ ᠬᠥᠨᠳᠤ ᠨᠤᠴᠢᠳᠠᠢ ᠵᠠᠮ ᠬᠠᠷᠢᠯᠴᠠᠭᠠᠨ ᠤ ᠲᠥᠭᠵᠢᠷᠡᠯ ᠢ ᠪᠤᠢ ᠪᠤᠯᠭᠠᠬᠤ ᠪᠥᠭᠡᠳ ᠤᠨᠴᠠ ᠲᠥᠷᠥᠯ ᠤᠨ  ᠲᠡᠷᠭᠡ ᠬᠥᠰᠭᠡ ᠶᠢᠨ ᠠᠶᠤᠯ ᠠᠴᠠ ᠠᠪᠤᠷᠠᠬᠤ ᠶᠢ ᠨᠥᠯᠥᠭᠡᠯᠡᠬᠦ ᠪᠤᠯᠤᠨ᠎ᠠ᠃              ◇ ᠰᠠᠯᠬᠢ ᠰᠢᠭᠤᠷᠭᠠᠨ ᠴᠠᠰᠤ ᠮᠥᠰᠤ ᠪᠠ ᠡᠬᠦᠯᠡ ᠮᠠᠨᠠᠨ ᠲᠠᠢ ᠥᠶᠡᠰ ᠠᠭᠠᠵᠢᠮ ᠠᠶᠠᠯᠠᠬᠤ ᠶᠢᠨ ᠲᠠᠭᠠᠤ ᠵᠠᠮ  ᠎ ᠤᠨ ᠴᠠᠭᠳᠠᠭ᠎ᠠ ᠶᠢᠨ ᠵᠢᠯᠤᠭᠤᠳᠤᠯᠭ᠎ᠠ ᠶᠢ ᠲᠠᠭᠠᠵᠤ᠂ ᠬᠠᠮᠤᠭ ᠤᠨ ᠤᠢᠢᠷ᠎ᠠ ᠪᠥᠬᠦᠢ ᠭᠠᠷᠬᠤ ᠵᠠᠮ ᠎ ᠢᠶᠠᠷ ᠲᠥᠷᠭᠡᠨ  ᠬᠤᠷᠳᠤᠴᠠᠳᠤ ᠵᠠᠰᠠᠮᠠᠯ ᠵᠠᠮ ᠠᠴᠠ ᠪᠠᠭᠤᠬᠤ ᠪᠤᠶᠤ ᠥᠢᠯᠡᠴᠢᠯᠡᠭᠡᠨ ᠤ ᠲᠤᠭᠤᠷᠢᠬ ᠲᠤ ᠵᠤᠭᠰᠤᠨ ᠠᠮᠠᠷᠠᠬᠤ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号