ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ  ᠥᠭᠡᠢ ᠠᠳᠡᠯ ᠠᠴᠠ  ᠬᠡᠷᠬᠢᠨ  ᠵᠠᠶᠢᠯᠠᠬᠤ  ᠪᠤᠢ
ᠨᠡᠶᠢᠲᠡᠯᠡᠭᠰᠡᠨ ᠴᠠᠭ᠄
2015/3/2

     ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠡ᠊ᠨᠳᠡᠯ ᠨᠢ ᠪᠥᠭᠡᠮ ᠢᠶᠠᠷ ᠥᠬᠦᠵᠤ ᠪᠥᠭᠡᠮ ᠢᠶᠠᠷ ᠰᠢᠷᠬᠠᠳᠤᠬᠤ ᠬᠥᠨᠳᠤ ᠨᠤᠴᠢᠳᠠᠢ ᠥᠷ᠎ᠡ ᠳ᠋ᠦᠩ ᠢ ᠪᠤᠢ ᠪᠤᠯᠭᠠᠳᠠᠭ᠃        
      ᠪᠠᠴᠢᠮ ᠪᠠᠶᠢᠳᠠᠯ ᠢ ᠠᠷᠭᠠᠴᠠᠭᠠᠬᠤ ᠭᠤᠤᠯᠳᠠᠯᠭ᠎ᠠ        
     ● ᠠᠶᠠᠨᠴᠢᠳ ᠮᠠᠰᠢᠨ ᠲᠡᠷᠭᠡᠨ ᠲᠤᠳᠤᠷ᠎ᠠ ᠭᠤᠮ ᠪᠤᠳᠠᠰ ᠰᠢᠳᠠᠵᠤ ᠪᠠᠶᠢᠭ᠎ᠠ ᠥᠨᠥᠷ ᠢ ᠥᠨᠥᠷᠳᠡᠬᠦ ᠪᠤᠶᠤ ᠶᠡᠷᠥ ᠪᠤᠰᠤ ᠶᠢᠨ ᠤᠳᠤᠭ᠎ᠠ ᠭᠠᠷᠴᠤ ᠪᠠᠶᠢᠬᠤ ᠶᠢ ᠤᠯᠵᠤ ᠬᠠᠷᠠᠪᠠᠯ᠂ ᠵᠢᠯᠤᠭᠤᠴᠢ ᠳᠠᠭᠠᠨ ᠲᠡᠷᠦ᠋ᠢᠬᠠᠨ ᠮᠡᠳᠡᠭᠳᠡᠬᠦ ᠭᠡᠷᠡᠭᠳᠡᠢ᠃ ᠵᠢᠯᠤᠭᠤᠴᠢ ᠪᠠ ᠪᠢᠯᠧᠲ ᠬᠤᠳᠠᠯᠳᠤᠭᠴᠢ ᠨᠢ ᠲᠡᠷᠭᠡ ᠪᠠᠨ ᠵᠤᠭᠰᠤᠭᠠᠵᠤ ᠪᠠᠶᠢᠴᠠᠭᠠᠨ ᠥᠵᠡᠵᠤ᠂ ᠠᠶᠠᠨᠴᠢᠳ ᠢ ᠠᠮᠤᠷ ᠲᠥᠪᠰᠢᠨ ᠭᠠᠵᠠᠷ ᠲᠤ ᠲᠠᠷᠬᠠᠨ ᠰᠢᠯᠵᠢᠬᠦᠯᠵᠤ᠂ ᠡᠮᠬᠢ ᠲᠢᠭᠯᠢᠮ ᠲᠠᠢ ᠵᠠᠶᠢᠯᠠᠭᠤᠯᠬᠤ ᠶᠢᠨ ᠲᠠᠭᠠᠤ ᠨᠠᠰᠤᠳᠠᠳ᠂ ᠡᠮᠡᠭᠳᠡᠶᠢᠴᠤᠳ ᠪᠤᠯᠤᠨ ᠭᠡᠥᠭᠡᠳ ᠢ ᠬᠠᠯᠠᠮᠵᠢᠯᠠᠨ ᠬᠠᠮᠠᠭᠠᠯᠠᠬᠤ ᠬᠠᠷᠢᠭᠤᠴᠠᠯᠭ᠎ᠠ

 ᠲᠠᠢ᠃        
     ● ᠵᠢᠯᠤᠭᠤᠴᠢ ᠪᠠ ᠪᠢᠯᠧᠲ ᠬᠤᠳᠠᠯᠳᠤᠬᠴᠢ ᠨᠢ ᠬᠤᠶᠢᠨ᠎ᠠ ᠠᠴᠠ ᠲᠡᠷᠭᠡ ᠢᠷᠡᠬᠦ ᠵᠥᠭ ᠲᠤ 50 ~ 100 ᠮᠧᠲᠷ ᠤᠨ ᠭᠠᠵᠠᠷ ᠲᠤ ᠲᠤᠰᠬᠠᠢ ᠬᠡᠷᠡᠭᠯᠡᠭᠡᠨ ᠤ ᠰᠡᠷᠡᠮᠵᠢ ᠶᠢᠨ ᠲᠡᠮᠳᠡᠭ ᠲᠠᠯᠪᠢᠬᠤ ᠭᠡᠷᠡᠭᠳᠡᠢ᠃        
     ● ᠵᠢᠯᠤᠭᠤᠴᠢ ᠪᠠ ᠪᠢᠯᠧᠲ ᠬᠤᠳᠠᠯᠳᠤᠭᠴᠢ ᠠᠶᠠᠨᠴᠢᠳ ᠠᠴᠠ ᠮᠥᠡᠭᠬᠦ ᠬᠤᠷᠢᠶᠠᠬᠤ ᠥᠭᠡᠢ ᠪᠠᠷ ᠠᠳᠠᠯᠢ ᠱᠤᠭᠤᠮ᠂ ᠠᠳᠠᠯᠢ ᠵᠥᠭ ᠤᠨ ᠲᠡᠷᠭᠡᠨ ᠳᠤ ᠰᠤᠯᠢᠵᠤ ᠰᠠᠭᠤᠯᠭᠠᠬᠤ ᠪᠤᠶᠤ ᠠᠰᠳᠠᠭᠠᠨ ᠲᠡᠷᠭᠡ ᠲᠤᠬᠢᠷᠠᠭᠤᠯᠤᠨ ᠰᠠᠭᠤᠯᠭᠠᠨ᠎ᠠ᠃        
     ● ᠤᠯᠠᠨ ᠨᠡᠶᠢᠳᠡ ᠶᠢᠨ ᠮᠠᠰᠢᠨ ᠲᠡᠷᠭᠡᠨ ᠳᠤ ᠰᠠᠭᠤᠭᠠᠳ ᠭᠠᠯ ᠤᠨ ᠠᠶᠤᠯ ᠲᠤᠬᠢᠶᠠᠯᠳᠤᠪᠠᠯ᠂ ᠠᠶᠠᠨᠴᠢᠳ ᠲᠡᠷᠦ᠋ᠢᠬᠠᠨ ᠭᠠᠯ ᠭᠠᠷᠤᠭᠰᠠᠨ ᠲᠡᠷᠭᠡ ᠠᠴᠠ ᠵᠠᠶᠢᠯᠠᠵᠤ ᠲᠠᠷᠬᠠᠬᠤ ᠭᠡᠷᠡᠭᠳᠡᠢ᠂ ᠪᠥᠭᠡᠮᠨᠡᠷᠡᠯᠳᠥᠨ ᠥᠵᠡᠵᠤ ᠰᠤᠨᠢᠷᠬᠠᠵᠤ ᠪᠤᠯᠬᠤ ᠥᠭᠡᠢ᠃        
     ● ᠤᠯᠠᠨ ᠨᠡᠶᠢᠳᠡ ᠶᠢᠨ ᠮᠠᠰᠢᠨ ᠲᠡᠷᠭᠡ ᠠᠶᠠᠯᠠᠵᠤ ᠪᠠᠶᠢᠭ᠎ᠠ ᠶᠠᠪᠤᠴᠠ ᠳᠤ ᠠᠶᠠᠨᠴᠢᠳ ᠭᠡᠷᠪᠡ ᠰᠡᠵᠢᠭᠳᠡᠢ ᠪᠤᠳᠠᠰ ᠢ ᠤᠯᠵᠤ ᠬᠠᠷᠠᠪᠠᠯ᠂ ᠲᠡᠷᠡ ᠲᠤᠤᠷ᠎ᠠ ᠪᠠᠨ ᠵᠢᠯᠤᠭᠤᠴᠢ ᠪᠠ ᠪᠢᠯᠧᠲ ᠬᠤᠳᠠᠯᠳᠤᠭᠴᠢ ᠳᠤ ᠮᠡᠳᠡᠭᠳᠡᠬᠦ ᠶᠢᠨ ᠲᠠᠭᠠᠤ ᠠᠮᠤᠷ ᠲᠥᠪᠰᠢᠨ ᠪᠠᠶᠢᠷᠢᠨ ᠳᠤ ᠰᠢᠯᠵᠢᠬᠦ ᠭᠡᠷᠡᠭᠳᠡᠢ᠂ ᠲᠤᠷ᠎ᠠ ᠪᠠᠷ ᠢᠶᠠᠨ ᠰᠢᠢᠳᠪᠥᠷᠢᠯᠡᠵᠤ ᠤᠭᠳᠤ ᠪᠤᠯᠬᠤ ᠥᠭᠡᠢ᠃        
     ● ᠥᠬᠦᠯ ᠰᠢᠷᠬᠠᠳᠤᠯ ᠭᠠᠷᠪᠠᠯ ᠲᠡᠷᠦ᠋ᠢᠬᠠᠨ ᠲᠥᠷᠭᠡᠨ ᠠᠪᠤᠷᠠᠯᠳᠠ ᠶᠢᠨ ᠤᠳᠠᠰᠤ ᠶᠢ

ᠤᠳᠠᠰᠤᠳᠠᠭᠠᠷᠠᠢ᠃        
     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠡ᠊ᠨᠳᠡᠯ ᠡᠬᠦᠰᠪᠡᠯ᠂ ᠠᠶᠤᠨ ᠰᠤᠴᠢᠵᠤ᠂ ᠰᠢᠬᠠᠯᠳᠤᠨ ᠴᠢᠬᠢᠯᠳᠥᠵᠤ ᠪᠤᠯᠬᠤ ᠥᠭᠡᠢ᠃ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ ᠵᠢᠯᠤᠭᠤᠴᠢ ᠪᠢᠯᠧᠲ ᠬᠤᠳᠠᠯᠳᠤᠭᠴᠢ ᠶᠢᠨ ᠵᠢᠯᠤᠭᠤᠳᠤᠯᠭ᠎ᠠ ᠶᠢ ᠲᠠᠭᠠᠵᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠠᠵᠢᠯᠯᠠᠭ᠎ᠠ ᠶᠢ ᠢᠳᠡᠪᠬᠢᠳᠡᠢ  ᠦᠷᠨᠢᠭᠦᠯᠦᠨ᠎ᠡ᠃        
     ◇ ᠠᠶᠠᠯᠠᠵᠤ ᠪᠠᠶᠢᠭ᠎ᠠ ᠮᠠᠰᠢᠨ ᠲᠡᠷᠭᠡᠨ ᠤ ᠲᠤᠳᠤᠷ᠎ᠠ ᠭᠡᠥᠭᠡᠳ ᠢ ᠬᠥᠶᠥᠵᠤ ᠲᠤᠭᠯᠠᠭᠤᠯᠬᠤ ᠪᠠ ᠨᠠᠭᠠᠳᠤᠭᠤᠯᠵᠤ ᠪᠤᠯᠬᠤ ᠥᠭᠡᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ