ᠠᠶᠤᠯ ᠲᠠᠢ ᠭᠢᠮᠢ ᠶᠢᠨ ᠦᠢᠯᠡᠳᠪᠦᠷᠢᠯᠡᠯ ᠤᠨ ᠠᠳᠡᠯ——ᠠᠶᠤᠯᠳᠠᠢ ᠬᠢᠮᠢ ᠶᠢᠨ ᠪᠤᠳᠠᠰ ᠤᠳ ᠢ ᠦᠢᠯᠠᠭᠠᠨ᠎ᠠ ᠦᠦ
ᠨᠡᠶᠢᠲᠡᠯᠡᠭᠰᠡᠨ ᠴᠠᠭ᠄
2015/3/2

     ᠠᠶᠤᠯᠳᠠᠢ ᠬᠢᠮᠢ ᠶᠢᠨ ᠪᠤᠳᠠᠰ ᠪᠤᠯ ᠭᠤᠤᠯ ᠨᠢ ᠲᠡᠯᠪᠡᠷᠡᠬᠦ ᠴᠢᠨᠠᠷᠳᠠᠢ᠂ ᠠᠮᠠᠷᠬᠠᠨ ᠨᠤᠴᠤᠳᠠᠭ᠂ ᠬᠤᠤᠷ᠎ᠠ ᠲᠠᠢ  ᠂ ᠢᠯᠵᠠᠷᠠᠭᠤᠯᠬᠤ ᠴᠢᠨᠠᠷᠳᠠᠢ ᠬᠢᠮᠢ ᠶᠢᠨ ᠪᠤᠳᠠᠰ ᠢ ᠵᠢᠭᠠᠵᠤ ᠪᠤᠢ᠃ ᠥᠷᠬᠦᠯᠵᠢ ᠤᠢᠢᠷᠠᠳᠤᠳᠠᠭ ᠬᠢᠮᠢ ᠶᠢᠨ ᠪᠤᠳᠠᠰ ᠲᠤ᠄  ᠪᠧᠨᠽᠧᠨ᠂ ᠰᠢᠩᠭᠡᠵᠢᠯ ᠭᠡᠢ᠂ ᠴᠢᠶ᠋ᠢᠤ᠂ ᠠᠯᠳᠧᠬᠢᠳ᠋᠂ ᠰᠢᠪᠳᠤᠷ ᠤᠰᠤ᠂ ᠬᠥᠬᠦᠷ ᠤᠨ ᠲᠠᠪᠬᠤᠷ ᠢᠰᠥᠯ᠂ ᠬᠥᠬᠦᠷᠳᠤ ᠤᠰᠤᠳᠦ᠋ᠷᠥᠭᠴᠢ᠂ ᠲᠡᠷᠢᠶᠠᠨ ᠡᠮ᠂ ᠰᠢᠩᠭᠡᠵᠢᠯ ᠡᠾᠯᠤᠷ ᠵᠡᠷᠭᠡ ᠪᠤᠢ᠃ ᠡᠳᠡᠭᠡᠷ ᠠᠶᠤᠯᠳᠠᠢ ᠪᠤᠳᠠᠰ ᠨᠢ ᠬᠥᠮᠥᠰ ᠤᠨ ᠨᠢᠳᠤ ᠶᠢ ᠬᠤᠷᠤᠰᠬᠠᠵᠤ᠂ ᠨᠢᠯᠪᠤᠰᠤ ᠭᠤᠭᠤᠵᠢᠭᠤᠯᠵᠤ᠂ ᠲᠤᠯᠤᠭᠠᠢ ᠡᠷᠬᠢᠨ ᠪᠥᠭᠡᠯᠵᠢᠰᠤ ᠬᠥᠷᠥᠬᠦᠯᠵᠤ᠂ ᠲᠤᠳᠤᠷ᠎ᠠ  ᠪᠠᠴᠢᠮᠳᠠᠬᠤ ᠪᠠ ᠠᠮᠢᠰᠬᠤᠬᠤ ᠳᠤ ᠬᠥᠴᠢᠷᠳᠡᠵᠤ᠂ ᠬᠥᠨᠳᠤ ᠨᠤᠴᠢᠳᠠᠢ ᠨᠢ ᠪᠥᠳᠡᠵᠤ ᠥᠬᠦᠬᠦᠯᠳᠡᠭ᠃
     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ          
     ●ᠭᠡᠭᠡᠵᠤ ᠤᠷᠬᠢᠭᠰᠠᠨ ᠬᠢᠮᠢ ᠶᠢᠨ ᠪᠤᠳᠠᠰ ᠢ ᠤᠯᠵᠤ ᠮᠡᠳᠡᠪᠡᠯ ᠲᠡᠬᠦᠵᠤ ᠪᠤᠯᠬᠤ ᠥᠭᠡᠢ᠂ ᠲᠡᠷᠦ᠋ᠢᠬᠠᠨ ᠴᠠᠭᠳᠠᠭ᠎ᠠ ᠳᠤ ᠤᠳᠠᠰᠤᠳᠠᠨ ᠮᠡᠳᠡᠬᠦᠯᠵᠤ᠂ ᠪᠤᠳᠠᠳᠠᠢ ᠪᠠᠶᠢᠷᠢᠯᠠᠯ᠂ ᠪᠤᠭᠤᠳᠠᠯ ᠤᠨ ᠲᠡᠮᠳᠡᠭ᠂ ᠶᠡᠭᠡ ᠲᠥᠯᠥᠪ ᠲᠤᠭ᠎ᠠ ᠭᠡᠮᠵᠢᠶ᠎ᠡ ᠵᠢᠴᠢ ᠥᠨᠥᠷᠳᠡᠢ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠬᠡᠯᠡᠵᠤ ᠦᠭᠴᠤ ᠪᠠᠶᠢᠭᠠᠷᠠᠢ᠃        
     ●ᠭᠡᠷᠡᠭ ᠡᠬᠦᠰᠥᠭᠰᠡᠨ ᠭᠠᠵᠠᠷ ᠲᠠᠯᠠᠪᠤᠷ ᠤᠨ ᠤᠷᠴᠢᠨ ᠲᠤᠭᠤᠷᠢᠨ ᠳᠤ ᠲᠡᠷᠦ᠋ᠢᠬᠠᠨ ᠰᠡᠷᠡᠮᠵᠢ ᠶᠢᠨ ᠲᠡᠮᠳᠡᠭ ᠲᠡᠯᠪᠢᠵᠤ ᠪᠤᠰᠬᠠᠬᠤ ᠭᠡᠷᠡᠭᠳᠡᠢ᠃ ᠤᠷᠴᠢᠨ ᠲᠤᠭᠤᠷᠢᠨ ᠳᠤᠨᠢ ᠤᠳᠠᠭᠠᠨ ᠪᠠᠶᠢᠵᠤ ᠪᠤᠯᠬᠤ ᠥᠭᠡᠢ᠃ ᠲᠡᠮᠡᠬᠢ ᠲᠠᠳᠠᠬᠤ ᠶᠢ ᠴᠠᠭᠠᠵᠠᠯᠠᠵᠤ᠂ ᠭᠠᠯ ᠤᠨ ᠠᠶᠤᠯ ᠡᠬᠦᠰᠬᠦ ᠪᠠ ᠲᠡᠯᠪᠡᠷᠡᠬᠦ ᠠᠴᠠ ᠰᠡᠷᠡᠮᠵᠢᠯᠡᠬᠦ ᠶᠢ ᠬᠡᠯᠡᠵᠤ ᠦᠭᠭᠦᠨ᠎ᠡ᠃
     ●ᠠᠶᠤᠯᠳᠠᠢ ᠭᠢᠮᠢ ᠶᠢᠨ ᠪᠤᠳᠠᠰ ᠵᠥᠭᠡᠭᠡᠪᠥᠷᠢᠯᠡᠬᠦ ᠲᠡᠷᠭᠡ ᠬᠥᠰᠭᠡ ᠡ᠊ᠨᠳᠡᠯ ᠭᠠᠷᠤᠭᠰᠠᠨ ᠢ ᠤᠯᠵᠤ ᠮᠡᠳᠡᠪᠡᠯ᠂ ᠡ᠊ᠨᠳᠡᠯ ᠭᠠᠷᠤᠭᠰᠠᠨ ᠲᠤᠬᠠᠢ ᠶᠢᠨ ᠲᠠᠯᠠᠪᠤᠷ ᠠᠴᠠ ᠲᠥᠷᠭᠡᠨ ᠵᠠᠶᠢᠯᠠᠵᠤ᠂ ᠰᠠᠯᠬᠢᠨ ᠤ ᠲᠡᠭᠡᠷ᠎ᠡ ᠲᠡᠯ᠎ᠠ ᠳᠤ ᠰᠢᠯᠵᠢᠵᠤ᠂  ᠲᠡᠷᠦ᠋ᠢᠬᠠᠨ ᠴᠠᠭᠳᠠᠭ᠎ᠠ ᠳᠤ ᠤᠳᠠᠰᠤᠳᠠᠨ  ᠮᠡᠳᠡᠭᠦᠯᠦᠨ᠎ᠡ᠃ ᠪᠤᠰᠤᠳ ᠮᠠᠰᠢᠨᠳᠤ ᠲᠡᠷᠭᠡᠨ ᠤ ᠵᠢᠯᠤᠭᠤᠴᠢ ᠨᠠᠷ ᠠᠵᠢᠯᠳᠠ ᠤ ᠵᠢᠯᠤᠭᠤᠳᠤᠯᠭ᠎ᠠ ᠶᠢ ᠲᠠᠭᠠᠵᠤ᠂ ᠡᠮᠬᠢ ᠵᠢᠷᠤᠮ ᠲᠠᠢ ᠪᠠᠷ ᠲᠤᠬᠠᠢ ᠶᠢᠨ ᠲᠠᠯᠠᠪᠤᠷ ᠢᠶᠠᠷ ᠥᠡᠭᠭᠡᠷᠡᠬᠦ ᠭᠡᠷᠡᠭᠳᠡᠢ᠃
     ●ᠰᠠᠭᠤᠭᠠᠯᠢ ᠠᠷᠠᠳ ᠤᠨ ᠲᠤᠭᠤᠷᠢᠬ ᠤᠨ ᠪᠠᠷᠢᠯᠭ᠎ᠠ ᠶᠢᠨ ᠶᠠᠪᠤᠴᠠ ᠳᠤ ᠰᠤᠨᠢᠨ ᠥᠨᠥᠷᠳᠡᠢ ᠬᠥᠷᠥᠰᠤ ᠰᠢᠷᠤᠢ ᠮᠠᠯᠳᠠᠵᠤ ᠭᠠᠷᠭᠠᠭᠰᠠᠨ ᠪᠤᠯ ᠲᠡᠷᠦ᠋ᠢᠬᠠᠨ ᠲᠤᠬᠠᠢ ᠶᠢᠨ ᠭᠠᠵᠠᠷ ᠤᠨ ᠬᠤᠰᠢᠭᠤ ᠰᠢᠶᠠᠨ ︵ᠲᠤᠭᠤᠷᠢᠬ︶ ᠤ ᠵᠠᠰᠠᠭ   ᠤᠨ ᠤᠷᠳᠤᠨ ᠤ ᠵᠢᠵᠢᠬᠦᠷ ᠤᠳᠠᠰᠤᠨ ᠳᠤ ᠪᠠᠶᠢᠳᠠᠯ ᠢᠶᠠᠨ ᠲᠤᠳᠤᠷᠬᠠᠢᠢᠯᠠᠨ ᠭᠡᠯᠡᠬᠦ ᠶᠢᠨ ᠲᠠᠭᠠᠤ ᠲᠡᠬᠦᠨ ᠤ ᠤᠷᠴᠢᠨ ᠲᠤᠭᠤᠷᠢᠨ ᠳᠤ ᠰᠡᠷᠡᠮᠵᠢ ᠶᠢᠨ ᠲᠤᠤᠷ ᠲᠠᠳᠠᠬᠤ ᠪᠤᠶᠤ ᠰᠡᠷᠡᠮᠵᠢ ᠶᠢᠨ ᠲᠡᠮᠳᠡᠭ ᠪᠤᠰᠬᠠᠬᠤ ᠭᠡᠷᠡᠭᠳᠡᠢ᠃ ᠰᠤᠨᠢᠨ ᠥᠨᠥᠷᠳᠡᠢ ᠬᠥᠷᠥᠰᠤ ᠰᠢᠷᠤᠢ ᠶᠢ ᠴᠡᠪᠡᠷᠯᠡᠬᠦ ᠠᠴᠠ ᠡᠮᠥᠨ᠎ᠡ᠂ ᠤᠷᠴᠢᠨ ᠲᠤᠭᠤᠷᠢᠨ ᠳᠠᠬᠢ ᠰᠠᠭᠤᠭᠠᠯᠢ ᠠᠷᠠᠳ ᠪᠤᠯᠤᠨ ᠨᠢᠭᠡᠴᠡ   ᠨᠦᠭᠦᠳ ᠴᠤᠩᠬᠤ ᠪᠠᠨ ᠨᠡᠭᠡᠭᠡᠨ ᠰᠠᠯᠬᠢ ᠤᠷᠤᠭᠤᠯᠵᠤ ᠪᠤᠯᠬᠤ ᠥᠭᠡᠢ᠃          
     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ᠠᠶᠤᠯᠳᠠᠢ ᠬᠢᠮᠢ ᠶᠢᠨ ᠪᠤᠳᠠᠰ ᠲᠤ ᠬᠥᠨᠥᠭᠡᠭᠳᠡᠭᠰᠡᠨ ᠥᠶᠡᠰ᠂ ᠲᠡᠷᠦ᠋ᠢᠬᠠᠨ ᠡᠮᠨᠡᠯᠭᠡ ᠳᠤ ᠬᠥᠷᠴᠤ ᠡᠮᠨᠡᠬᠦᠯᠬᠦ  ᠭᠡᠷᠡᠭᠳᠡᠢ᠂ ᠤᠳᠠᠭᠠᠰᠢᠷᠠᠭᠤᠯᠵᠤ ᠪᠤᠯᠬᠤ ᠥᠭᠡᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ