ᠨᠡᠬᠦᠷᠡᠰᠥᠨ ᠠᠭᠤᠷᠬᠠᠢ ᠶᠢᠨ ᠭᠠᠰ ᠲᠡᠯᠪᠡᠷᠡᠬᠦ ᠶᠢ ᠬᠡᠷᠬᠢᠨ ᠦᠢᠯᠠᠭᠠᠬᠤ ᠪᠤᠢ
ᠨᠡᠶᠢᠲᠡᠯᠡᠭᠰᠡᠨ ᠴᠠᠭ᠄
2015/3/2

     ᠭᠠᠰ ᠪᠤᠯ ᠨᠢᠭᠡ ᠵᠥᠢᠯ ᠤᠨ ᠥᠡᠭᠭᠡ ᠥᠭᠡᠢ᠂ ᠥᠨᠥᠷ ᠥᠭᠡᠢ᠂ ᠠᠮᠠᠷᠬᠠᠨ ᠨᠤᠴᠤᠵᠤ᠂ ᠠᠮᠠᠷᠬᠠᠨ ᠲᠡᠯᠪᠡᠷᠡᠳᠡᠭ ᠭᠡᠢ ᠪᠡᠶᠡᠳᠤ ᠪᠤᠯᠤᠨ᠎ᠠ᠃ ᠭᠡᠷᠪᠡ ᠠᠭᠠᠷ ᠲᠤᠳᠤᠷ᠎ᠠ ᠭᠠᠰ ᠤᠨ ᠥᠳᠭᠡᠴᠡ ᠨᠢ 5.5% ᠠᠴᠠ 16%ᠪᠤᠯᠬᠤ ᠥᠶᠡᠰ᠂ ᠢᠯᠡ ᠭᠠᠯ ᠲᠠᠢ ᠪᠠᠶᠢᠳᠠᠯ ᠲᠤᠤᠷ᠎ᠠ ᠲᠡᠷᠤᠢ ᠲᠡᠯᠪᠡᠷᠡᠳᠡᠭ᠃ ᠭᠠᠰ ᠲᠡᠯᠪᠡᠷᠡᠪᠡᠯ ᠥᠨᠳᠥᠷ  ᠬᠠᠯᠠᠭᠤᠨ᠂ ᠥᠨᠳᠥᠷ ᠲᠠᠷᠤᠯᠳᠠ᠂ ᠲᠠᠭᠠᠷᠢᠯᠳᠠ ᠲᠤᠯᠬᠢᠶᠠᠨ ᠢ ᠪᠤᠢ ᠪᠤᠯᠭᠠᠬᠤ ᠮᠥᠷᠳᠡᠭᠡᠨ ᠬᠤᠤᠷ ᠲᠠᠢ ᠭᠡᠢ ᠪᠡᠶᠡᠳᠤ ᠶᠢ ᠭᠠᠷᠭᠠᠳᠠᠭ᠃        
     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ          
     ●ᠭᠠᠰ ᠲᠡᠯᠪᠡᠷᠡᠬᠦ ᠶᠢ ᠰᠤᠨᠤᠰᠬᠤ ᠪᠤᠶᠤ ᠥᠵᠡᠭᠰᠡᠨ ᠥᠶᠡᠰ᠂ ᠲᠡᠯᠪᠡᠷᠡᠭᠰᠡᠨ ᠭᠠᠵᠠᠷ ᠤᠨ ᠡᠰᠡᠷᠬᠦ ᠵᠥᠭ ᠲᠤ ᠲᠡᠷᠦ᠋ᠢᠬᠠᠨ ᠭᠠᠵᠠᠷ ᠭᠡᠪᠳᠡᠵᠤ᠂ ᠤᠢᠢᠷᠠᠬᠠᠨ ᠤᠰᠤ ᠪᠠᠶᠢᠪᠠᠯ᠂ ᠤᠰᠤᠨ ᠲᠤᠳᠤᠷ᠎ᠠ ᠲᠡᠭᠡᠭᠰᠢ ᠬᠠᠨᠳᠤᠬᠤ ᠪᠤᠶᠤ ᠬᠠᠵᠠᠭᠤᠯᠳᠠᠨ ᠭᠡᠪᠳᠡᠵᠤ᠂ ᠨᠦᠢᠳᠠᠨ ᠠᠯᠴᠢᠭᠤᠷ ᠢᠶᠠᠷ ᠠᠮᠠ ᠬᠠᠮᠠᠷ ᠢᠶᠠᠨ ᠪᠢᠳᠡᠬᠦᠯᠡᠬᠦ ᠭᠡᠷᠡᠭᠳᠡᠢ᠃        
     ●ᠲᠡᠯᠪᠡᠷᠡᠯᠳᠡ ᠶᠢᠨ ᠲᠥᠪ ᠠᠴᠠ ᠨᠡᠯᠢᠶᠡᠳ ᠤᠢᠢᠷᠠᠬᠠᠨ ᠪᠠᠶᠢᠭ᠎ᠠ ᠬᠥᠮᠥᠰ ᠲᠡᠭᠡᠷ᠎ᠡ ᠲᠤᠷᠠᠳᠤᠭᠰᠠᠨ ᠥᠪᠡᠷ ᠢ ᠪᠠᠨ ᠠᠪᠤᠷᠠᠬᠤ ᠠᠷᠭ᠎ᠠ ᠭᠡᠮᠵᠢᠶ᠎ᠡ ᠶᠢ ᠠᠪᠤᠭᠰᠠᠨ ᠤ ᠪᠠᠨ ᠲᠠᠷᠠᠭ᠎ᠠ᠂ ᠲᠤᠬᠠᠢ ᠶᠢᠨ ᠲᠠᠯᠠᠪᠤᠷ ᠠᠴᠠ ᠱᠠᠯᠠᠪᠬᠠᠨ ᠵᠠᠶᠢᠯᠠᠵᠤ᠂ ᠬᠤᠶᠠᠷᠳᠡᠬᠢ ᠲᠡᠯᠪᠡᠷᠡᠯᠳᠡ ᠠᠴᠠ  ᠰᠡᠷᠭᠡᠶᠢᠯᠡᠨ᠎ᠡ᠃        
     ●ᠭᠠᠰ ᠲᠡᠯᠪᠡᠷᠡᠭᠰᠡᠨ ᠤ ᠲᠠᠷᠠᠭ᠎ᠠ᠂ ᠡ᠊ᠨᠳᠡᠯ ᠭᠠᠷᠤᠭᠰᠠᠨ ᠭᠠᠵᠠᠷ ᠲᠤ ᠨᠡᠪᠳᠡᠷᠡᠬᠦ ᠴᠠᠬᠢᠯᠭᠠᠨ ᠤ ᠢᠷᠡᠯᠳᠡ ᠶᠢ ᠲᠡᠷᠦ᠋ᠢᠬᠠᠨ ᠲᠠᠰᠤᠳᠠᠵᠤ᠂ ᠲᠥᠷᠭᠡᠨ ᠰᠠᠯᠬᠢ ᠨᠡᠪᠳᠡᠷᠡᠬᠦᠯᠵᠤ᠂ ᠠᠷᠭ᠎ᠠ ᠰᠥᠪᠡᠭᠴᠢᠯᠡᠨ ᠢᠯᠡ ᠭᠠᠯ ᠪᠠ ᠥᠯᠡᠳᠡᠪᠥᠷᠢ ᠭᠠᠯ ᠢ ᠤᠨᠳᠠᠷᠠᠭᠠᠵᠤ᠂ ᠲᠡᠬᠢᠨᠳᠠ ᠲᠡᠯᠪᠡᠷᠡᠬᠦ ᠠᠴᠠ ᠰᠡᠷᠭᠡᠶᠢᠯᠡᠬᠦ ᠭᠡᠷᠡᠭᠳᠡᠢ᠃ ᠠᠮᠢ ᠥᠯᠡᠳᠡᠭᠰᠡᠨ ᠬᠥᠮᠥᠨ ᠪᠥᠬᠦᠨ ᠡ᠊ᠨᠳᠡᠯ ᠭᠠᠷᠤᠭᠰᠠᠨ ᠤ ᠰᠡᠬᠦᠯᠡᠷ ᠠᠶᠤᠯᠳᠠᠢ ᠤᠷᠤᠨ ᠠᠴᠠ ᠡᠮᠬᠢ ᠲᠠᠷᠠᠭ᠎ᠠ ᠲᠠᠢ ᠪᠠᠷ ᠰᠢᠯᠵᠢᠬᠦ ᠭᠡᠷᠡᠭᠳᠡᠢ᠃        
     ●ᠨᠡᠬᠦᠷᠡᠰᠥᠳᠦ᠋ᠷᠥᠭᠴᠢ ᠶᠢᠨ ᠲᠠᠩ ᠢᠰᠥᠯ ᠳᠤ ᠬᠤᠤᠷᠳᠠᠭᠳᠠᠭᠰᠠᠳ ᠢ ᠱᠠᠯᠠᠪᠬᠠᠨ ᠰᠠᠯᠬᠢ ᠰᠠᠶᠢᠳᠠᠢ ᠠᠮᠤᠷ ᠲᠥᠪᠰᠢᠨ ᠭᠠᠵᠠᠷ ᠲᠤ ᠰᠢᠯᠵᠢᠭᠦᠯᠦᠨ᠎ᠡ᠃        
     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ᠠᠭᠤᠷᠬᠠᠢ ᠶᠢᠨ ᠬᠤᠳᠳᠤᠭ ᠲᠤ ᠰᠠᠯᠬᠢ ᠰᠠᠶᠢᠳᠤᠷ ᠨᠡᠪᠳᠡᠷᠡᠬᠦᠯᠵᠤ᠂ ᠤᠯᠠᠨ ᠵᠥᠢᠯ ᠤᠨ ᠰᠠᠯᠬᠢ ᠨᠡᠪᠳᠡᠷᠡᠬᠦᠯᠬᠦ ᠠᠷᠭ᠎ᠠ ᠭᠡᠮᠵᠢᠶ᠎ᠡ ᠶᠢ ᠭᠡᠷᠡᠭᠯᠡᠵᠤ᠂ ᠬᠤᠳᠳᠤᠭ ᠲᠠᠬᠢ ᠭᠠᠰ ᠤᠨ ᠭᠡᠮᠵᠢᠶ᠎ᠡ ᠶᠢ ᠲᠤᠭᠳᠠᠭᠠᠭᠰᠠᠨ ᠠᠭᠤᠯᠤᠭᠳᠠᠴᠠ ᠠᠴᠠ ᠭᠡᠳᠥᠷᠡᠬᠦᠯᠬᠦ ᠥᠭᠡᠢ ᠪᠠᠶᠢᠬᠤ ᠶᠢ ᠪᠠᠳᠤᠯᠠᠵᠤ᠂ ᠪᠠᠶᠢᠴᠠᠭᠠᠬᠤ ᠲᠥᠷᠢᠮ ᠢ ᠴᠢᠩᠭᠠᠷᠠᠭᠤᠯᠬᠤ ᠭᠡᠷᠡᠭᠳᠡᠢ᠂ ᠭᠠᠰ ᠲᠤᠤᠷ᠎ᠠ ᠠᠭᠤᠷᠬᠠᠢ ᠶᠢᠨ ᠬᠤᠳᠳᠤᠭ ᠲᠤ ᠪᠤᠯ ᠡᠭᠡᠯᠵᠢ ᠪᠥᠷᠢ ᠠᠯᠢ ᠴᠥᠭᠡᠨ ᠳᠡᠭᠡᠨ ᠬᠤᠶᠠᠷ ᠤᠳᠠᠭ᠎ᠠ ᠪᠠᠶᠢᠴᠠᠭᠠᠵᠤ᠂ ᠭᠠᠰ ᠥᠨᠳᠥᠷ ᠠᠭᠤᠷᠬᠠᠢ ᠶᠢᠨ ᠬᠤᠳᠳᠤᠭ ᠲᠤ ᠪᠤᠯ ᠡᠭᠡᠯᠵᠢ ᠪᠥᠷᠢ ᠠᠯᠢ ᠴᠥᠭᠡᠨ ᠳᠡᠭᠡᠨ 3 ᠤᠳᠠᠭ᠎ᠠ   ᠪᠠᠶᠢᠴᠠᠭᠠᠨ᠎ᠠ᠃        
     ◇ᠬᠤᠳᠳᠤᠭ ᠲᠤ ᠪᠠᠭᠤᠬᠤ ᠳᠤ ᠲᠡᠮᠡᠬᠢ᠂ ᠨᠤᠴᠤᠭᠠᠯᠭ᠎ᠠ ᠡᠳ᠋ ᠠᠪᠴᠤ ᠤᠷᠤᠬᠤ ᠶᠢ ᠴᠠᠭᠠᠵᠠᠯᠠᠨ᠎ᠠ᠂ ᠴᠠᠬᠢᠯᠭᠠᠨ ᠵᠤᠤᠬ᠎ᠠ ᠪᠤᠯᠤᠨ ᠴᠠᠬᠢᠯᠭᠠᠨ ᠳ᠋ᠧᠩ ᠢᠶᠠᠷ ᠲᠤᠯᠠᠭᠠᠴᠠᠵᠤ ᠪᠤᠯᠬᠤ ᠥᠭᠡᠢ᠃ ᠬᠤᠳᠳᠤᠭ ᠲᠤ ᠪᠠᠭᠤᠬᠤ ᠳᠤ ᠥᠪᠡᠷ ᠤᠨ ᠠᠪᠤᠷᠠᠬᠤ ᠭᠡᠷᠡᠭᠰᠡᠯ ᠢᠶᠠᠨ ᠠᠪᠴᠤ ᠤᠷᠤᠬᠤ ᠭᠡᠷᠡᠭᠳᠡᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ