ᠬᠢᠷ᠎ᠠ ᠶᠡᠬᠦᠷᠡᠬᠦ ᠭᠡᠳᠡᠭ ᠢ ᠶᠠᠭᠠᠬᠢᠵᠤ ᠦᠢᠯᠠᠭᠠᠬᠤ ᠪᠤᠢ
ᠨᠡᠶᠢᠲᠡᠯᠡᠭᠰᠡᠨ ᠴᠠᠭ᠄
2015/3/2

     ᠪᠠᠯ ᠶᠡᠬᠦᠷᠡᠬᠦ ᠭᠡᠳᠡᠭ ᠪᠤᠯ ᠠᠭᠤᠯᠠᠨ ᠤ ᠭᠢᠷ᠎ᠡ ᠶᠢᠨ ᠰᠢᠷᠤᠢ ᠪᠤᠯᠤᠨ ᠬᠠᠳᠠ ᠴᠢᠯᠠᠭᠤ ᠨᠢ ᠭᠤᠤᠯ ᠤᠨ ᠤᠰᠤᠨ   ᠳᠤ ᠤᠷᠤᠰᠬᠤ᠂ ᠬᠥᠷᠥᠰᠥᠨ ᠲᠤᠤᠷᠠᠬᠢ ᠤᠰᠤ ᠤᠷᠤᠰᠬᠤ᠂ ᠭᠠᠵᠠᠷ ᠬᠥᠳᠡᠯᠬᠦ ᠵᠢᠴᠢ ᠬᠥᠮᠥᠨ ᠤ ᠬᠥᠴᠤ ᠪᠠᠷ ᠠᠭᠤᠯᠠᠨ   ᠤ ᠬᠢᠷ᠎ᠠ ᠬᠥᠳᠥᠯ ᠢ ᠰᠡᠭᠴᠢᠵᠤ ᠬᠥᠨᠳᠡᠭᠰᠡᠨ ᠵᠡᠷᠭᠡ ᠬᠥᠴᠥᠨ ᠵᠥᠢᠯ ᠤᠨ ᠨᠥᠯᠥᠭᠡ ᠠᠴᠠ ᠪᠤᠯᠵᠤ᠂ ᠬᠥᠨᠳᠤ ᠶᠢᠨ  ᠬᠥᠴᠥᠨ ᠤ ᠥᠢᠯᠡᠳᠥᠯ ᠲᠤᠤᠷ᠎ᠠ᠂ ᠬᠢᠷ᠎ᠠ ᠬᠥᠳᠥᠯ ᠲᠠᠭᠠᠵᠤ ᠲᠤᠷᠤᠭᠰᠢ ᠪᠠᠨ ᠶᠡᠬᠦᠷᠡᠵᠤ ᠬᠥᠳᠡᠯᠬᠦ ᠪᠠᠶᠢᠭᠠᠯᠢ ᠶᠢᠨ  ᠥᠵᠡᠭᠳᠡᠯ ᠢ ᠬᠡᠯᠡᠨ᠎ᠡ᠃ ᠮᠥᠨ ᠴᠤ ︽ᠠᠭᠤᠯᠠ ᠬᠥᠳᠡᠯᠬᠦ︾ ᠭᠡᠳᠡᠭ᠃ ᠭᠢᠷ᠎ᠠ ᠶᠡᠬᠦᠷᠡᠬᠦ ᠠᠴᠠ ᠪᠤᠯᠵᠤ ᠭᠠᠵᠠᠷ ᠤᠨ  ᠭᠠᠳᠠᠷᠭᠤ ᠬᠠᠭᠠᠷᠠᠨ ᠠᠩ ᠵᠠᠪᠰᠠᠷ ᠭᠠᠷᠴᠤ᠂ ᠭᠡᠷ ᠪᠠᠶᠢᠰᠢᠩ ᠡᠪᠳᠡᠭᠳᠡᠨ ᠨᠤᠷᠠᠵᠤ᠂ ᠵᠠᠮ ᠲᠠᠷᠤᠭᠳᠠᠨ ᠪᠥᠭᠯᠡᠷᠡᠵᠤ᠂  ᠭᠤᠤᠯ ᠤᠨ ᠤᠷᠤᠰᠬᠠᠯ ᠲᠠᠰᠤᠯᠤᠭᠳᠠᠨ ᠲᠥᠭᠵᠢᠷᠡᠬᠦ ᠪᠤᠯᠤᠨ᠎ᠠ᠃        
     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ        
     ○ ᠭᠢᠷ᠎ᠠ ᠶᠡᠬᠦᠷᠡᠵᠤ ᠪᠠᠶᠢᠪᠠᠯ᠂ ᠬᠤᠶᠠᠷ ᠲᠠᠯ᠎ᠠ ᠶᠢᠨ ᠨᠡᠮ ᠲᠤᠭᠳᠠᠭᠤᠨ ᠭᠠᠵᠠᠷ ᠲᠤ  ᠦᠳᠳᠡᠷ ᠲᠥᠷᠭᠡᠨ ᠢᠶᠠᠷ  ᠵᠠᠶᠢᠯᠠᠵᠤ  ᠵᠠᠶᠢᠯᠠᠨ᠎ᠠ᠃        
     ○ ᠬᠢᠷ᠎ᠠ ᠶᠡᠬᠦᠷᠡᠵᠤ ᠪᠠᠶᠢᠭ᠎ᠠ ᠥᠶ᠎ᠡ ᠳᠤ ᠵᠢᠭᠤᠳᠠᠬᠤ ᠶᠢᠨ ᠠᠷᠭ᠎ᠠ ᠥᠭᠡᠢ ᠪᠤᠯᠪᠠᠯ ᠨᠠᠯᠤ ᠶᠢᠨ ᠭᠡᠮᠵᠢᠶ᠎ᠡ ᠨᠢ  ᠨᠡᠯᠢᠶᠡᠳ ᠲᠡᠭᠰᠢᠭᠡᠨ ᠰᠢᠭ ᠠᠭᠤᠵᠢᠮ ᠭᠠᠵᠠᠷ ᠲᠤ ᠤᠴᠢᠵᠤ ᠵᠤᠭᠰᠤᠬᠤ ᠶᠢᠨ ᠬᠠᠮᠳᠤ᠂ ᠭᠡᠷ ᠪᠠᠶᠢᠰᠢᠩ᠂ ᠭᠡᠷᠡᠮ  ᠬᠠᠰᠢᠶ᠎ᠠ᠂ ᠴᠠᠬᠢᠯᠭᠠᠨ ᠤᠳᠠᠰᠤᠨ ᠤ ᠪᠠᠭᠠᠨ᠎ᠠ ᠵᠡᠷᠭᠡ ᠠᠴᠠ ᠵᠠᠶᠢᠳᠠᠢ ᠪᠠᠶᠢᠬᠤ ᠭᠡᠷᠡᠭᠳᠡᠢ᠃        
    ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ ᠭᠢᠷ᠎ᠠ ᠶᠡᠬᠦᠷᠡᠭᠡᠳ ᠭᠠᠵᠠᠷ ᠤᠨ ᠪᠠᠶᠢᠴᠠ ᠶᠢ ᠶᠠᠭ ᠯᠠ ᠡᠪᠬᠢᠬᠦᠷ ᠰᠠᠨᠳᠠᠯᠢ ᠪᠤᠶᠤ ᠮᠤᠷᠢᠨ ᠤ ᠲᠤᠭᠤᠷᠠᠢ ᠶᠢᠨ  ᠬᠡᠯᠪᠡᠷᠢᠳᠡᠢ ᠪᠤᠯᠭᠠᠵᠤ᠂ ᠠᠷᠤ ᠪᠠᠷ ᠢᠶᠠᠨ ᠬᠥᠷᠢᠶᠡᠯᠡᠭᠰᠡᠨ ᠭᠡᠯᠪᠡᠷᠢ ᠲᠠᠢ᠂ ᠵᠥᠰᠥᠵᠤ ᠬᠠᠭᠠᠯᠤᠭᠰᠠᠨ ᠰᠢᠬ ᠠᠩ ᠵᠠᠪᠰᠠᠷ   ᠲᠠᠢ᠂ ᠤᠯᠠᠨ ᠲᠡᠰ ᠲᠠᠪᠬᠤᠷᠭ᠎ᠠ ᠶᠢᠨ ᠱᠠᠳᠤ ᠲᠠᠢ᠂ ᠤᠷᠢᠳᠤᠭᠤᠷ ᠢᠶᠠᠨ ᠲᠠᠯᠠᠩ ᠪᠤᠰᠬᠠᠭᠰᠠᠨ ᠭᠡᠯᠪᠡᠷᠢᠳᠡᠢ ᠵᠡᠷᠭᠡ ᠭᠠᠵᠠᠷ   ᠤᠨ ᠭᠠᠳᠠᠷᠭᠤ ᠶᠢᠨ ᠤᠨᠴᠠᠯᠢᠬ ᠲᠠᠢ ᠪᠤᠯᠭᠠᠳᠠᠭ᠃        
     ◇ ᠬᠢᠷ᠎ᠠ ᠶᠡᠬᠦᠷᠡᠬᠦ ᠠᠶᠤᠯ ᠤᠨ ᠰᠡᠷᠡᠮᠵᠢ ᠶᠢᠨ ᠲᠡᠮᠳᠡᠭ ᠲᠠᠢ ᠭᠠᠵᠠᠷ ᠤᠷᠤᠨ ᠢᠶᠠᠷ ᠬᠥᠮᠥᠰ ᠪᠤᠯᠤᠨ ᠲᠡᠷᠭᠡ  ᠬᠥᠰᠭᠡ ᠤᠷᠤᠵᠤ ᠭᠠᠷᠴᠤ ᠪᠤᠯᠬᠤ ᠥᠭᠡᠢ᠃        
     ◇ ᠶᠡᠭᠡ ᠪᠤᠷᠤᠭᠠᠨ ᠪᠤᠶᠤ ᠰᠢᠷᠥᠬᠦᠨ ᠪᠤᠷᠤᠭᠠᠨ ᠤᠷᠤᠭᠰᠠᠨ ᠤ ᠲᠠᠷᠠᠭ᠎ᠠ ᠬᠢᠷ᠎ᠠ ᠶᠡᠬᠦᠷᠡᠬᠦ ᠠᠶᠤᠯ ᠲᠠᠢ ᠭᠠᠵᠠᠷ  ᠤᠷᠤᠨ ᠤ ᠤᠢᠢᠷ᠎ᠠ ᠬᠠᠪᠢ ᠪᠠᠷ ᠵᠤᠭᠰᠤᠬᠤ ᠶᠢ ᠡᠷᠡᠰ  ᠴᠡᠭᠡᠷᠯᠡᠭᠡᠷᠡᠢ᠃        
     ◇ ᠠᠭᠤᠯᠠᠨ ᠤ ᠬᠢᠷ᠎ᠠ ᠠᠩ ᠭᠠᠷᠴᠤ ᠬᠠᠭᠠᠷᠠᠬᠤ᠂ ᠭᠡᠷ ᠪᠠᠶᠢᠰᠢᠩ ᠢᠯᠡᠷᠭᠡᠢ ᠴᠠᠪ ᠭᠠᠷᠬᠤ᠂ ᠭᠡᠷᠡᠮ ᠬᠠᠨ᠎ᠠ  ᠬᠠᠯᠪᠠᠶᠢᠨ ᠬᠠᠵᠠᠶᠢᠬᠤ᠂ ᠮᠤᠳᠤ ᠭᠤᠤᠯ ᠢᠶᠠᠷ ᠢᠶᠠᠨ ᠬᠠᠭᠠᠷᠠᠬᠤ ᠵᠡᠷᠭᠡ ᠪᠠᠷ ᠭᠢᠷ᠎ᠡ ᠶᠡᠬᠦᠷᠡᠬᠦ ᠥᠵᠡᠭᠳᠡᠯ ᠢᠯᠡᠷᠡᠭᠰᠡᠨ ᠪᠤᠯ  ᠲᠡᠷᠡ ᠲᠠᠷᠤᠢ ᠳᠤᠨᠢ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠤᠶᠤ ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ  ᠮᠡᠳᠡᠬᠦᠯᠬᠦ ᠶᠢᠨ ᠬᠠᠮᠳᠤ᠂ ᠠᠶᠤᠯ ᠳᠤ ᠤᠴᠠᠷᠠᠵᠤ ᠮᠡᠳᠡᠬᠦ ᠬᠥᠮᠥᠰ ᠲᠤ ᠮᠡᠳᠡᠭᠳᠡᠬᠦ ᠭᠡᠷᠡᠭᠳᠡᠢ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ