ᠴᠠᠬᠢᠯᠭᠠᠨ ᠵᠤᠭᠰᠤᠬᠤ ᠡ᠊ᠨᠳᠡᠯ ᠢ ᠶᠠᠭᠠᠬᠢᠵᠤ ᠦᠢᠯᠠᠭᠠᠬᠤ ᠪᠤᠢ
ᠨᠡᠶᠢᠲᠡᠯᠡᠭᠰᠡᠨ ᠴᠠᠭ᠄
2015/3/2

      ᠴᠠᠬᠢᠯᠭᠠᠨ ᠭᠡᠨᠡᠳᠳᠡ ᠵᠤᠭᠰᠤᠭᠰᠠᠨ ᠠᠴᠠ ᠪᠤᠯᠵᠤ ᠴᠠᠬᠢᠯᠭᠠᠨ ᠭᠡᠷᠡᠭᠰᠡᠯ ᠡᠪᠳᠡᠭᠳᠡᠵᠤ᠂ ᠡ᠊ᠨᠳᠡᠯ ᠡᠬᠦᠰᠬᠦ ᠶᠢᠨ  ᠲᠠᠭᠠᠤ ᠬᠥᠮᠥᠰ ᠤᠨ ᠭᠡᠪ ᠤᠨ ᠠᠮᠢᠳᠤᠷᠠᠯ ᠢ ᠰᠢᠭᠤᠳ ᠨᠥᠯᠥᠭᠡᠯᠡᠳᠡᠭ᠃        
     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ        
     ○ ᠴᠠᠬᠢᠯᠭᠠᠨ ᠵᠤᠭᠰᠤᠬᠤ ᠤᠴᠢᠷ ᠲᠤᠬᠢᠶᠠᠯᠳᠤᠪᠠᠯ᠂ ᠭᠠᠷ ᠳ᠋ᠧᠩ ᠵᠡᠷᠭᠡ ᠭᠡᠷᠡᠯᠳᠥᠬᠦᠯᠭᠡ ᠶᠢᠨ ᠪᠠᠭᠠᠵᠢ ᠶᠢ  ᠠᠰᠢᠭᠯᠠᠨ᠂ ᠡᠩ ᠲᠡᠷᠢᠬᠦᠨ ᠳᠤ ᠲᠤᠳᠤᠭᠠᠳᠤ ᠳᠠᠬᠢ ᠴᠠᠬᠢᠯᠭᠠᠨ ᠲᠥᠭᠦᠬᠡᠭᠴᠢ ᠶᠢᠨ ᠨᠡᠭᠡᠭᠡᠯᠳᠡ ᠬᠠᠭᠠᠯᠳᠠ᠂ ᠴᠠᠬᠢᠯᠭᠠᠨ  ᠵᠢᠭᠤᠳᠠᠭᠤᠷ ᠤᠨ ᠬᠠᠮᠠᠭᠠᠯᠠᠭᠤᠷ ᠢᠶᠠᠨ  ᠪᠠᠶᠢᠴᠠᠭᠠᠵᠤ ᠪᠠᠶᠢᠭᠠᠷᠠᠢ᠃        
     ○ ᠬᠠᠮᠠᠭᠠᠯᠠᠭᠤᠷ ᠤᠳᠠᠰᠤ ᠨᠢ ᠬᠠᠶᠢᠯᠤᠭᠳᠠᠨ ᠲᠠᠰᠤᠷᠠᠭᠰᠠᠨ ᠪᠤᠯ ᠲᠡᠷᠦ᠋ᠢᠬᠠᠨ ᠰᠤᠯᠢᠬᠤ ᠭᠡᠷᠡᠭᠳᠡᠢ᠂ ᠭᠡᠪᠡᠴᠤ  ᠵᠡᠰ᠂ ᠲᠡᠮᠥᠷ᠂ ᠲᠤᠭᠤᠯᠭᠠᠨ ᠤᠳᠠᠰᠤ ᠪᠠᠷ ᠤᠷᠤᠯᠠᠭᠤᠯᠵᠤ ᠪᠤᠯᠬᠤ ᠥᠭᠡᠢ᠃ ᠬᠠᠮᠠᠭᠠᠯᠠᠭᠤᠷ ᠤᠳᠠᠰᠤ ᠶᠢ ᠰᠤᠯᠢᠬᠤ   ᠳᠠᠭᠠᠨ ᠪᠡᠭᠡᠯᠢ ᠵᠡᠬᠦᠬᠦ ᠪᠤᠶᠤ ᠮᠤᠳᠤᠨ ᠰᠠᠨᠳᠠᠯᠢ ᠲᠡᠭᠡᠷ᠎ᠡ ᠵᠤᠭᠰᠤᠵᠤ᠂ ᠴᠠᠬᠢᠯᠭᠠᠨ ᠥᠯᠥ ᠬᠥᠶᠥᠬᠦ ᠬᠥᠨᠳᠡᠶᠢᠷᠡᠬᠦᠯᠬᠦ  ᠠᠷᠭ᠎ᠠ ᠭᠡᠮᠵᠢᠶ᠎ᠡ ᠠᠪᠴᠤ᠂ ᠴᠠᠬᠢᠯᠭᠠᠨ ᠳᠤ ᠴᠤᠬᠢᠭᠳᠠᠬᠤ ᠠᠴᠠ  ᠰᠡᠷᠭᠡᠶᠢᠯᠡᠨ᠎ᠡ᠃        
     ○ ᠴᠠᠬᠢᠯᠭᠠᠨ ᠬᠥᠴᠥᠨ ᠤ ᠰᠠᠯᠠᠭ᠎ᠠ ᠮᠥᠴᠢᠷ ᠲᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠵᠠᠪᠳᠤᠨ  ᠠᠪᠤᠷᠠᠵᠤ ᠵᠠᠰᠠᠭᠤᠯᠬᠤ ᠪᠠᠷ ᠤᠳᠠᠰᠤᠳᠠᠵᠤ ᠪᠤᠯᠤᠨ᠎ᠠ᠃        
    ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ ᠭᠡᠷ ᠡᠷᠥᠭᠡ ᠳᠡᠭᠡᠨ ᠯᠠ᠂ ᠭᠠᠷ ᠳ᠋ᠧᠩ ᠵᠡᠷᠭᠡ ᠪᠠᠴᠢᠮ ᠪᠠᠶᠢᠳᠠᠯ ᠢ ᠠᠷᠭᠠᠴᠠᠬᠤ ᠳᠤ ᠭᠡᠷᠡᠭᠯᠡᠬᠦ ᠭᠡᠷᠡᠯᠳᠥᠬᠦᠯᠭᠡ   ᠶᠢᠨ ᠪᠠᠭᠠᠵᠢ ᠪᠡᠯᠡᠳᠭᠡᠵᠤ᠂ ᠲᠤᠭᠳᠠᠭᠰᠠᠨ ᠭᠠᠵᠠᠷ ᠲᠤ ᠲᠠᠯᠪᠢᠬᠤ   ᠶᠢ ᠠᠩᠬᠠᠷᠤᠭᠠᠷᠠᠢ᠃

     ◇ ᠴᠠᠬᠢᠯᠭᠠᠨ ᠤ ᠤᠳᠠᠰᠤ ᠬᠠᠭᠤᠴᠢᠷᠠᠭᠰᠠᠨ ᠠᠴᠠ ᠪᠤᠯᠵᠤ ᠴᠠᠬᠢᠯᠭᠠᠨ ᠵᠤᠭᠰᠤᠬᠤ ᠡ᠊ᠨᠳᠡᠯ ᠠᠮᠠᠷᠬᠠᠨ ᠭᠠᠷᠳᠠᠭ  ᠲᠤᠯᠠ ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ ᠲᠥᠷᠭᠡᠨ ᠮᠡᠳᠡᠭᠳᠡᠵᠤ ᠰᠤᠯᠢᠬᠤ ᠭᠡᠷᠡᠭᠳᠡᠢ᠃

     ◇ ᠭᠡᠷᠪᠡ ᠭᠡᠷ ᠲᠤᠳᠤᠷᠠᠬᠢ ᠨᠥᠬᠦᠴᠡᠯ ᠰᠢᠯᠳᠠᠭᠠᠨ ᠠᠴᠠ ᠪᠤᠯᠵᠤ ᠴᠠᠬᠢᠯᠭᠠᠨ ᠵᠤᠭᠰᠤᠭᠰᠠᠨ ᠪᠢᠰᠢ ᠪᠤᠯ ᠴᠠᠭ  ᠲᠤᠬᠠᠢ ᠳᠤᠨᠢ ᠠᠳᠠᠯ ᠠᠬᠤᠢ ᠶᠢᠨ ᠥᠢᠯᠡᠴᠢᠯᠡᠭᠡᠨ ᠤ ᠬᠠᠮᠢᠶᠠᠷᠤᠯᠳᠠ ᠶᠢᠨ ᠭᠠᠵᠠᠷ ᠪᠤᠶᠤ ᠴᠠᠬᠢᠯᠭᠠᠨ ᠬᠠᠨᠭ᠍ᠭᠠᠬᠤ ᠰᠠᠯᠠᠭ᠎ᠠ  ᠮᠥᠴᠢᠷ ᠲᠠᠢ ᠬᠤᠯᠪᠤᠭ᠎ᠠ ᠠᠪᠬᠤ ᠭᠡᠷᠡᠭᠳᠡᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ