2014-2015 ᠰᠤᠷᠤᠯᠭ᠎ᠠ ᠶᠢᠨ ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠪᠥᠬᠦ | ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ ᠶᠢ 6 ᠳ᠋ᠤᠭᠠᠷ ᠰᠠᠷ᠎ᠠ ᠶᠢᠨ 18 ᠤ ᠡᠳᠦᠷ ᠶᠠᠪᠤᠭᠳᠠᠭᠤᠯᠬᠤ ᠪᠠᠷ ᠲᠣᠭᠲᠠᠪᠠ᠂ ᠰᠦᠯᠵᠢᠶᠡᠨ ᠳᠡᠭᠡᠷ᠎ᠡ | ᠨᠡᠷ᠎ᠡ ᠮᠡᠳᠡᠭᠦᠯᠬᠦ ᠪᠠ ᠰᠢᠯᠭᠠᠭᠤᠯᠬᠤ ᠬᠠᠷᠢᠶ᠎ᠠ ᠪᠠᠨ ᠨᠥᠬᠦᠵᠦ ᠳᠠᠩᠰᠠᠯᠠᠭᠤᠯᠬᠤ ᠶᠢ 4 ᠳ᠋ᠤᠭᠡᠷ ᠰᠠᠷ᠎ᠠ ᠶᠢᠨ 21 ᠤ | ᠡᠳᠦᠷ ᠤᠨ 9:00 ᠴᠠᠭ ᠠᠴᠠ 4 ᠳ᠋ᠤᠭᠡᠷ ᠰᠠᠷ᠎ᠠ ᠶᠢᠨ 30 ᠤ ᠡᠳᠦᠷ ᠤᠨ 18:00 ᠴᠠᠭ ᠪᠣᠯᠲᠠᠯ᠎ᠠ | ᠶᠠᠪᠤᠭᠳᠠᠭᠤᠯᠬᠤ ᠪᠠᠷ ᠲᠣᠬᠢᠷᠠᠭᠤᠯᠪᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠯᠭᠠᠬᠤ ᠬᠡᠴᠢᠶᠠᠯ ᠤᠨ | ᠲᠥᠷᠥᠯ ᠵᠦᠢᠯ ᠳᠤ ᠹᠢᠽᠢᠺ᠂ ᠬᠢᠮᠢ᠂ ᠦᠵᠡᠯ ᠰᠠᠨᠠᠭ᠎ᠠ ᠤᠯᠤᠰ ᠲᠥᠷᠥ ᠭᠤᠷᠪᠠᠨ ᠲᠥᠷᠥᠯ ᠪᠣᠢ᠃ ᠰᠢᠯᠭᠠᠬᠤ ᠴᠠᠭ | ᠨᠢ ᠨᠢᠭᠡ ᠡᠳᠦᠷ᠃ 6 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨᠡᠬᠢ 8:00 — 9:30 | ᠪᠣᠯᠲᠠᠯ᠎ᠠ ᠹᠢᠽᠢᠺ ᠰᠢᠯᠭᠠᠵᠤ᠂ 10:30 — 12:00 ᠪᠣᠯᠲᠠᠯ᠎ᠠ ᠦᠵᠡᠯ ᠰᠠᠨᠠᠭ᠎ᠠ ᠤᠯᠤᠰ ᠲᠥᠷᠥ ᠰᠢᠯᠭᠠᠵᠤ | ᠂ ᠦᠳᠡ ᠶᠢᠨ ᠬᠤᠶᠢᠨᠠᠬᠢ 3:00 — 4:30 ᠪᠣᠯᠲᠠᠯ᠎ᠠ ᠬᠢᠮᠢ ᠰᠢᠯᠭᠠᠨ᠎ᠠ᠃ ᠰᠢᠯᠭᠠᠭᠤᠯᠤᠭᠰᠠᠳ ᠬᠦᠴᠦᠨ | ᠪᠦᠬᠦᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠳᠤᠮᠳᠠᠲᠤ ᠤᠯᠤᠰ ᠤᠨ | ᠲᠠᠷᠢᠶᠠᠯᠠᠩ ᠤᠨ ᠪᠠᠩᠭᠢ ᠶᠢᠨ ᠺᠠᠷᠲ ᠢᠶᠠᠨ ᠤᠷᠢᠳᠴᠢᠯᠠᠨ ᠪᠡᠯᠡᠳᠬᠡᠭᠰᠡᠨ ᠪᠠᠶᠢᠵᠤ᠂ ᠲᠤᠭᠲᠠᠭᠰᠠᠨ ᠬᠤᠭᠤᠴᠠᠭᠠᠨ ᠳᠤ | ᠥᠪᠥᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www. | nm.zsks.cn︶ ᠶᠢᠨ ︽ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ︾ ᠶᠢᠨ ᠰᠤᠪᠠᠭ ᠲᠤ ᠭᠠᠷᠴᠤ | ᠭᠡᠴᠢᠶᠡᠯ ᠰᠤᠩᠭᠤᠬᠤ᠂ ᠰᠦᠢᠳᠬᠡᠯ ᠲᠤᠰᠢᠶᠠᠬᠤ ᠪᠠ ᠰᠢᠯᠭᠠᠭᠤᠯᠬᠤ ᠬᠠᠷᠢᠶ᠎ᠠ ᠪᠠᠨ ᠨᠥᠬᠦᠵᠦ ᠳᠠᠩᠰᠠᠯᠠᠭᠤᠯᠬᠤ | ᠵᠡᠷᠭᠡ ᠶᠢ ᠭᠦᠢᠴᠡᠳᠬᠡᠨ᠂ ᠨᠡᠷ᠎ᠡ ᠮᠡᠳᠡᠭᠦᠯᠬᠦ ᠠᠵᠢᠯ ᠢᠶᠠᠨ ᠪᠡᠶᠡᠯᠡᠭᠦᠯᠦᠨ᠎ᠡ᠃ ᠰᠢᠯᠭᠠᠯᠲᠠ ᠶᠢᠨ ᠲᠥᠪ ᠠᠴᠠ | ᠰᠢᠯᠭᠠᠭᠤᠯᠤᠭᠰᠠᠳ ᠲᠤ ᠨᠡᠷ᠎ᠡ ᠮᠡᠳᠡᠭᠦᠯᠬᠦ ᠳᠡᠭᠡᠨ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ | ᠳᠦᠷᠢᠮ ᠠᠴᠠ ᠵᠦᠷᠢᠴᠡᠭᠰᠡᠨ ᠢ ᠰᠢᠢᠳᠪᠦᠷᠢᠯᠡᠬᠦ ᠠᠷᠭ᠎ᠠ ︵ᠰᠤᠩᠭᠤᠨ ᠲᠡᠮᠳᠡᠭᠯᠡᠭᠰᠡᠨ︶︾ ᠪᠠ ︽ | ᠰᠢᠯᠭᠠᠭᠤᠯᠤᠭᠰᠠᠳ ᠤᠨ ᠰᠢᠯᠭᠠᠭᠤᠯᠬᠤ ᠳᠦᠷᠢᠮ︾ ᠵᠡᠷᠭᠡ ᠬᠤᠯᠪᠤᠭᠳᠠᠯ ᠪᠥᠬᠦᠢ ᠰᠢᠯᠭᠠᠯᠲᠠ ᠶᠢᠨ ᠲᠣᠭᠲᠠᠭᠠᠯ ᠢ | ᠬᠢᠨᠠᠮᠠᠭᠠᠢ ᠤᠩᠰᠢᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠨᠢᠬᠡᠲᠦᠯᠲᠡᠢ ᠰᠢᠯᠭᠠᠯᠲᠠ ᠶᠢᠨ ᠰᠢᠯᠭᠠᠭᠤᠯᠤᠭᠰᠠᠳ ᠤᠨ ᠦᠨᠡᠨᠴᠢ ᠢᠲᠡᠭᠡᠮᠵᠢᠲᠠᠢ ᠰᠢᠯᠭᠠᠭᠤᠯᠬᠤ | ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠬᠤ ᠶᠢ ᠰᠠᠨᠠᠭᠤᠯᠵᠤ ᠪᠣᠢ᠃ |