2015 ᠣᠨ ᠤ ᠳᠡᠭᠡᠳᠦ ᠬᠠᠭᠠᠰ ᠵᠢᠯ ᠤᠨ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠨᠢ 25᠎ ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2015/3/20
     2015 ᠣᠨ ᠤ ᠳᠡᠭᠡᠳᠦ ᠬᠠᠭᠠᠰ ᠵᠢᠯ ᠤᠨ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ  ᠳᠦᠷᠪᠡᠳᠥᠭᠡᠷ ᠵᠢᠷᠭᠤᠳᠤᠭᠠᠷ ᠳᠡᠰ ᠤᠨ ᠰᠢᠯᠭᠠᠯᠲᠠ 6 ᠳ᠋ᠤᠭᠠᠷ ᠰᠠᠷ᠎ᠠ ᠶᠢᠨ 13᠎ ᠤ ᠡᠳᠦᠷ ᠶᠠᠪᠤᠭᠳᠠᠬᠤ ᠪᠠᠷ ᠪᠤᠢ᠂ 3 ᠳ᠋ᠤᠭᠠᠷ ᠰᠠᠷ᠎ᠠ ᠶᠢᠨ 25᠎ ᠤ ᠡᠳᠦᠷ ᠠᠴᠠ 4 ᠳ᠋ᠦ᠋ᠭᠡᠷ ᠰᠠᠷ᠎ᠠ ᠶᠢᠨ 3᠎ ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠶᠠᠪᠤᠭᠳᠠᠨ᠎ᠠ᠃ ᠲᠤᠰ ᠤᠳᠠᠭᠠᠨ ᠤ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠤᠨ ᠰᠢᠯᠭᠠᠯᠲᠠ ᠨᠢ ᠠᠩᠭ᠍ᠯᠢ ᠬᠡᠯᠡᠨ ᠤ ᠲᠦᠷᠦᠯ ᠠᠴᠠ ᠭᠠᠳᠠᠨ᠎ᠠ ᠪᠠᠰᠠ ᠪᠤᠰᠤᠳ ᠬᠡᠯᠡᠨ ᠤ ᠲᠦᠷᠦᠯ ᠤᠨ  ᠳᠦᠷᠪᠡᠳᠥᠭᠡᠷ ᠵᠢᠷᠭᠤᠳᠤᠭᠠᠷ ᠳᠡᠰ ᠤᠨ ᠬᠢ ᠪᠠᠭᠲᠠᠵᠤ᠂ ᠲᠤᠰ ᠲᠤᠰ ᠶᠠᠫᠤᠨ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ᠂ ᠣᠷᠣᠰ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ᠂ ᠭᠧᠷᠮᠠᠨ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠪᠠ ᠹᠷᠠᠨᠼᠢ  ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠭᠡᠵᠦ ᠬᠤᠪᠢᠶᠠᠨ᠎ᠠ᠃ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ︵ᠪᠤᠰᠤᠳ ᠬᠡᠯᠡᠨ ᠤ ᠲᠦᠷᠦᠯ ᠪᠠᠭᠲᠠᠨ᠎ᠠ︶᠎ ᠤᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠭᠡᠮ ᠨᠢ᠄ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠲᠣᠰᠬᠠᠢ ᠮᠡᠷᠭᠡᠵᠢᠯ᠂ ᠵᠢᠩᠬᠢᠨᠢ ᠠᠩᠭᠢ᠂  ᠰᠤᠷᠭᠠᠭᠤᠯᠢ ᠳᠤ ᠪᠠᠶᠢᠭ᠎ᠠ ᠠᠰᠫᠢᠷᠠᠨᠲ︔ ᠡᠯ᠎ᠡ ᠲᠦᠷᠥᠯ ᠤᠨ ᠪᠦᠬᠦᠯᠢ ᠡᠳᠦᠷ ᠤᠨ ᠳᠦᠷᠢᠮᠲᠦ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢ︔ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠥᠭᠡᠷ ᠳᠡᠰ ᠤᠨ ᠬᠢᠴᠢᠶᠡᠯ ᠢ ᠰᠤᠷᠤᠯᠴᠠᠭᠠᠳ ᠪᠠᠷᠠᠪᠠᠯ ᠰᠠᠶ᠋ᠢ ᠳᠥᠷᠪᠡᠳᠦᠭᠡᠷ ᠳᠡᠰ ᠤᠨ ᠰᠢᠯᠭᠠᠯᠲᠠ ᠳᠤ ᠮᠡᠳᠡᠭᠦᠯᠦᠨ ᠰᠢᠯᠭᠠᠭᠤᠯᠵᠦ ᠪᠣᠯᠣᠨ᠎ᠠ︔ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠵᠢᠷᠭᠤᠳᠤᠭᠠᠷ ᠳᠡᠰ ᠤᠨ ᠬᠢᠴᠢᠶᠡᠯ ᠢ ᠰᠤᠷᠤᠯᠴᠠᠵᠤ ᠪᠠᠷᠠᠭᠰᠠᠨ ᠮᠥᠷᠲᠡᠭᠡᠨ ᠳᠥᠷᠪᠡᠳᠦᠭᠡᠷ ᠳᠡᠰ ᠨᠢ 425 ᠬᠤᠪᠢ ᠳᠤ ᠬᠦᠷᠦᠮᠡᠨᠵᠢᠨ ᠰᠠᠶ᠋ᠢ ᠵᠢᠷᠭᠤᠳᠤᠭᠠᠷ ᠳᠡᠰ ᠲᠤ ᠮᠡᠳᠡᠭᠦᠯᠦᠨ ᠰᠢᠯᠭᠠᠭᠤᠯᠵᠦ ᠪᠣᠯᠣᠨ᠎ᠠ︔ ᠰᠢᠯᠭᠠᠯᠲᠠ ᠶᠢᠨ ᠴᠢᠭ᠋ ᠲᠣᠬᠢᠷᠠᠭᠤᠯᠤᠭᠰᠠᠨ ᠲᠤᠰ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠰᠤᠷᠭᠠᠭᠤᠯᠢ ᠠᠯᠤᠰᠯᠠᠨ ᠮᠡᠳᠡᠭᠦᠯᠦᠨ ᠰᠢᠯᠭᠠᠭᠤᠯᠵᠤ ᠪᠣᠯᠬᠤ ᠦᠭᠡᠢ︔ ᠪᠤᠰᠤᠳ ᠬᠡᠯᠡᠨ ᠤ ᠲᠦᠷᠥᠯ ᠳᠤ ᠶᠠᠫᠤᠨ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ᠂ ᠣᠷᠣᠰ ᠬᠡᠯᠡᠨ ᠤ  ᠳᠦᠷᠪᠡᠳᠥᠭᠡᠷ ᠵᠢᠷᠭᠤᠳᠤᠭᠠᠷ ᠳᠡᠰ᠂ ᠭᠧᠷᠮᠠᠨ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠪᠠ ᠹᠷᠠᠨᠼᠢ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠢ ᠪᠠᠭᠲᠠᠭᠠᠭᠰᠠᠨ ᠲᠤᠯᠠ᠂ ᠪᠤᠰᠤᠳ ᠬᠡᠯᠡᠨ ᠤ ᠲᠥᠷᠥᠯ ᠤᠨ ᠵᠢᠷᠭᠤᠳᠤᠭᠠᠷ ᠳᠡᠰ ᠲᠤ ᠮᠡᠳᠡᠭᠦᠯᠦᠨ ᠰᠢᠯᠭᠠᠭᠤᠯᠤᠭᠰᠠᠳ ᠤᠨ ᠳᠥᠷᠪᠡᠳᠦᠭᠡᠷ ᠳᠡᠰ ᠤᠨ ᠬᠢᠷᠢ ᠪᠦᠲᠦᠮᠵᠢ ᠶᠢ ᠱᠠᠭᠠᠷᠳᠠᠬᠤ ᠦᠭᠡᠢ᠃ ᠳᠡᠭᠡᠳᠦ ᠰᠤᠷᠭᠠᠭᠤᠯᠢ ᠶᠢᠨ ᠠᠩᠭ᠍ᠯᠢ ᠬᠡᠯᠡᠨ ᠤ ᠬᠡᠷᠡᠭᠯᠡᠨ ᠤ ᠴᠢᠳᠠᠪᠤᠷᠢ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠭᠡᠮ ᠨᠢ᠄ ᠣᠷᠣᠨ ᠤ ᠲᠤᠳᠤᠷᠠᠬᠢ ᠳᠡᠭᠡᠳᠦ ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠎ ᠶᠢᠨ ᠠᠩᠭ᠍ᠯᠢ ᠬᠡᠯᠡᠨ ᠤ ᠬᠢᠴᠢᠶᠡᠯ ᠢᠶᠠᠨ ᠰᠤᠷᠤᠯᠴᠠᠵᠤ ᠪᠠᠷᠠᠭᠰᠠᠨ ᠲᠤᠰᠬᠠᠢ ᠮᠡᠷᠭᠡᠵᠢᠯ ᠤᠨ ᠰᠤᠷᠤᠭᠴᠢ︔ ᠣᠷᠣᠨ ᠤ ᠲᠣᠲᠤᠷᠠᠬᠢ ᠳᠡᠭᠡᠳᠦ ᠰᠤᠷᠭᠠᠭᠤᠯᠢ ᠶᠢᠨ ᠳᠠᠭᠤᠤ ᠬᠦᠭᠵᠢᠮ᠂ ᠪᠡᠶ᠎ᠡ ᠶᠢᠨ ᠲᠠᠮᠢᠷ᠂ ᠤᠷᠠᠨ ᠵᠢᠷᠤᠭ ᠤᠨ ᠲᠤᠰᠬᠠᠢ ᠮᠡᠷᠭᠡᠵᠢᠯ ᠤᠨ ᠠᠩᠭ᠍ᠯᠢ  ᠬᠡᠯᠡᠨ ᠤ ᠬᠢᠴᠢᠶᠡᠯ ᠢᠶᠠᠨ ᠰᠤᠷᠤᠯᠴᠠᠵᠤ ᠪᠠᠷᠠᠭᠰᠠᠨ ᠵᠢᠩᠬᠢᠨᠢ ᠠᠩᠭᠢ ᠶᠢᠨ ᠰᠤᠷᠤᠭᠴᠢ︔ ᠣᠷᠣᠨ ᠤ ᠲᠣᠲᠤᠷᠠᠬᠢ ᠳᠡᠭᠡᠳᠦ ᠰᠤᠷᠭᠠᠭᠤᠯᠢ ︵ᠮᠣᠩᠭᠤᠯ ᠬᠡᠯᠡ ᠪᠠᠷ ᠬᠢᠴᠢᠶᠡᠯᠯᠡᠬᠦ ᠪᠠᠭᠲᠠᠨ᠎ᠠ︶᠎ ᠶᠢᠨ ᠰᠤᠷᠭᠠᠭᠤᠯᠢ ᠳᠤ ᠣᠷᠣᠬᠤ ᠦᠶ᠎ᠡ ᠶᠢᠨ ᠠᠩᠭ᠍ᠯᠢ  ᠬᠡᠯᠡᠨ ᠤ ᠠᠩᠬ᠎ᠠ ᠡᠬᠢᠯᠡᠵᠦ ᠰᠤᠷᠬᠤ ᠠᠩᠭ᠍ᠯᠢ ᠬᠡᠯᠡᠨ ᠤ ᠬᠢᠴᠢᠶᠡᠯ ᠢᠶᠠᠨ ᠰᠤᠷᠤᠯᠴᠠᠵᠤ ᠪᠠᠷᠠᠭᠰᠠᠨ ᠵᠢᠩᠬᠢᠨᠢ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ︔ ᠰᠢᠯᠭᠠᠯᠲᠠ ᠶᠢᠨ ᠴᠢᠭ᠋ ᠲᠣᠬᠢᠷᠠᠭᠤᠯᠤᠭᠰᠠᠨ ᠲᠤᠰ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠰᠤᠷᠭᠠᠭᠤᠯᠢ ᠠᠯᠤᠰᠯᠠᠨ ᠮᠡᠳᠡᠭᠦᠯᠦᠨ ᠰᠢᠯᠭᠠᠭᠤᠯᠵᠤ ᠪᠣᠯᠬᠤ ᠦᠭᠡᠢ᠃ ᠣᠶᠢᠯᠠᠭᠠᠭᠰᠠᠨ ᠢᠶᠠᠷ᠂ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡᠳᠥᠭᠡᠷ ᠵᠢᠷᠭᠤᠳᠤᠭᠠᠷ ᠳᠡᠰ ᠪᠠ ᠳᠡᠭᠡᠳᠦ ᠰᠤᠷᠭᠠᠭᠤᠯᠢ ᠶᠢᠨ ᠠᠩᠭ᠍ᠯᠢ ᠬᠡᠯᠡᠨ ᠤ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠳᠤ ᠨᠡᠶᠢᠭᠡᠮ ᠤᠨ ᠰᠢᠯᠭᠠᠭᠤᠯᠤᠭᠴᠢ ᠮᠡᠳᠡᠭᠦᠯᠦᠨ ᠰᠢᠯᠭᠠᠭᠤᠯᠵᠤ ᠪᠣᠯᠬᠤ ᠦᠭᠡᠢ︔ ᠰᠢᠯᠭᠠᠯᠲᠠ ᠶᠢᠨ ᠴᠢᠭ᠋ ᠲᠣᠬᠢᠷᠠᠭᠤᠯᠤᠭᠰᠠᠨ ᠦᠭᠡᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢᠳ  ᠢ ᠰᠤᠷᠭᠠᠭᠤᠯᠢ ᠠᠴᠠ ᠨᠢ ᠨᠢᠭᠡᠳᠦᠯᠲᠡᠢ ᠵᠣᠬᠢᠶᠠᠨ ᠪᠠᠶᠢᠭᠤᠯᠤᠨ᠂ ᠣᠶᠢᠷ᠎ᠠ ᠪᠠᠶᠢᠭ᠎ᠠ ᠳᠦᠷᠪᠡᠳᠥᠭᠡᠷ ᠵᠢᠷᠭᠤᠳᠤᠭᠠᠷ ᠳᠡᠰ ᠤᠨ ᠰᠢᠯᠭᠠᠯᠲᠠ ᠶᠢᠨ ᠴᠢᠭ᠋ ᠲᠠᠢ ᠬᠠᠷᠢᠯᠴᠠᠵᠤ ᠪᠠᠶᠢᠭᠠᠳ ᠮᠡᠳᠡᠭᠦᠯᠦᠨ ᠰᠢᠯᠭᠠᠭᠤᠯᠵᠤ ᠪᠣᠯᠬᠤ ᠮᠥᠷᠲᠡᠭᠡᠨ ᠨᠡᠷ᠎ᠡ ᠮᠡᠳᠡᠭᠦᠯᠬᠦ ᠠᠴᠠ ᠪᠠᠨ ᠡᠮᠥᠨ᠎ᠡ ᠵᠣᠬᠢᠴᠠᠩᠭᠤᠢ ᠰᠢᠯᠭᠠᠯᠲᠠ ᠶᠢᠨ ᠴᠢᠭ᠋ ᠯᠦᠭᠡ ᠬᠠᠷᠢᠯᠴᠠᠵᠦ᠂ ᠨᠡᠷ᠎ᠡ ᠮᠡᠳᠡᠭᠦᠯᠥᠨ ᠰᠢᠯᠭᠠᠭᠤᠯᠬᠤ ᠤᠴᠢᠷ ᠢ ᠤᠷᠢᠳᠴᠢᠯᠠᠨ ᠵᠣᠬᠢᠴᠠᠭᠤᠯᠵᠦ ᠲᠣᠬᠢᠷᠠᠭᠤᠯᠬᠤ ᠬᠡᠷᠡᠭᠲᠡᠢ︔ ᠡᠯ᠎ᠡ ᠰᠢᠯᠭᠠᠯᠲᠠ ᠶᠢᠨ ᠴᠢᠭ᠋ ᠤᠳ ᠰᠢᠨ᠎ᠡ ᠰᠢᠯᠭᠠᠭᠤᠯᠤᠭᠴᠢ ᠠᠴᠠ ᠬᠤᠷᠤᠭᠤᠨ ᠤ ᠬᠤᠷᠢᠶᠠᠬᠤ ᠰᠤᠳᠠᠯ ᠤᠨ ᠵᠢᠷᠤᠭ ᠴᠤᠭᠯᠠᠭᠤᠯᠬᠤ ᠶᠢᠨ ᠬᠠᠮᠲᠤ 5 ᠳ᠋ᠤᠭᠠᠷ ᠰᠠᠷ᠎ᠠ ᠶᠢᠨ 6᠎ ᠤ ᠡᠳᠦᠷ ᠠᠴᠠ 6 ᠳ᠋ᠤᠭᠠᠷ ᠰᠠᠷ᠎ᠠ ᠶᠢᠨ 8᠎ ᠤ ᠡᠳᠦᠷ ᠪᠣᠯᠲᠠᠯ᠎ᠠ ᠪᠦᠬᠦ ᠰᠢᠯᠭᠠᠭᠤᠯᠤᠭᠴᠢ ᠳᠤ ᠬᠤᠷᠤᠭᠤᠨ ᠤ ᠬᠤᠷᠢᠶᠠᠬᠤ ᠰᠤᠳᠠᠯ ᠤᠨ ᠵᠢᠷᠤᠭ ᠴᠤᠭᠯᠠᠭᠤᠯᠬᠤ ᠰᠤᠷᠢᠯᠲᠠ ᠬᠢᠬᠦ ᠬᠡᠷᠡᠭᠲᠡᠢ︔ ᠰᠢᠯᠭᠠᠯᠲᠠ ᠶᠢ ᠴᠦᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠳᠤ ᠶᠠᠪᠤᠭᠳᠠᠭᠤᠯᠤᠨ᠎ᠠ᠂ ᠬᠡᠷᠪᠡ ᠲᠤᠰ ᠰᠢᠯᠭᠠᠯᠲᠠ ᠶᠢᠨ ᠴᠢᠭ᠋  ᠤᠨ ᠰᠢᠯᠭᠠᠭᠤᠯᠤᠭᠴᠢ ᠶᠢᠨ ᠲᠤᠭ᠎ᠠ ᠨᠢ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠶᠢᠨ ᠪᠠᠭᠲᠠᠭᠠᠬᠤ ᠲᠤᠭ᠎ᠠ ᠬᠡᠮᠵᠢᠶ᠎ᠡ ᠠᠴᠠ ᠬᠡᠲᠦᠷᠡᠭᠰᠡᠨ ᠪᠣᠯ ᠪᠤᠰᠤᠳ ᠰᠢᠯᠭᠠᠯᠲᠠ ᠶᠢᠨ ᠴᠢᠭ᠋  ᠤᠨ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠶᠢ ᠲᠦᠷᠢᠶᠡᠰᠥᠯᠡᠨ ᠵᠢᠭᠡᠯᠡᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号