ᠥᠪᠥᠷ ᠮᠣᠩᠭᠤᠯ ᠠᠯᠪᠠᠲᠠᠨ ᠪᠠ ᠠᠵᠢᠯᠲᠠᠨ 3700 ᠭᠠᠷᠤᠢ ᠬᠥᠮᠦᠨ ᠡᠯᠰᠡᠬᠦ ᠪᠠᠷ ᠲᠦᠯᠦᠪᠯᠡᠪᠡ
ᠨᠡᠶᠢᠲᠡᠯᠡᠭᠰᠡᠨ ᠴᠠᠭ᠄
2015/3/20
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠮᠡᠳᠡᠭᠡ ᠨᠡᠶᠢᠲᠡᠯᠡᠵᠦ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠣᠯᠠᠨ ᠲᠦᠮᠡᠨ ᠤ ᠪᠦᠯᠬᠦᠮ ᠪᠠ ᠠᠯᠪᠠᠲᠠᠨ ᠤ ᠬᠠᠣᠯᠢ ᠪᠠᠷ ᠯᠠᠪᠯᠠᠯᠲᠠ ᠪᠣᠯᠭᠠᠨ ᠬᠠᠮᠢᠶᠠᠷᠴᠦ ᠪᠠᠶᠢᠭ᠎ᠠ ᠨᠢᠭᠡᠴᠡ ᠶᠢᠨ 2015 ᠣᠨ ᠤ ᠠᠯᠪᠠᠲᠠᠨ ᠪᠠ ᠠᠵᠢᠯᠲᠠᠨ ᠰᠢᠯᠭᠠᠵᠦ ᠡᠯᠰᠡᠬᠦ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠦ᠂ ᠨᠡᠶᠢᠭᠡᠮ ᠳᠤ ᠬᠠᠨᠳᠤᠭᠤᠯᠤᠨ ᠠᠯᠪᠠᠲᠠᠨ ᠪᠠ ᠠᠵᠢᠯᠲᠠᠨ 3700 ᠭᠠᠷᠤᠢ ᠬᠦᠮᠦᠨ ᠡᠯᠰᠡᠬᠦ ᠪᠠᠷ ᠲᠦᠯᠦᠪᠯᠡᠪᠡ᠃ ᠤᠶᠢᠯᠠᠭᠠᠭᠰᠠᠨ ᠢᠶᠠᠷ᠂ ᠲᠤᠰ ᠤᠳᠠᠭᠠᠨ ᠤ ᠠᠯᠪᠠᠲᠠᠨ ᠰᠢᠯᠭᠠᠵᠦ ᠡᠯᠰᠡᠬᠦ ᠨᠢ 3 ᠳ᠋ᠤᠭᠠᠷ ᠰᠠᠷ᠎ᠠ ᠶᠢᠨ  ᠳᠤᠮᠳᠠᠴᠢ ᠪᠠ ᠰᠡᠭᠦᠯᠴᠢ ᠪᠠᠷ ᠡᠬᠢᠯᠡᠨ ᠨᠡᠷ᠎ᠡ ᠮᠡᠳᠡᠭᠦᠯᠵᠦ᠂ 4 ᠳ᠋ᠦ᠋ᠭᠡᠷ ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ ᠪᠢᠷ ᠤᠨ ᠰᠢᠯᠭᠠᠯᠲᠠ ᠬᠢᠨ᠎ᠡ᠃ ᠨᠠᠷᠢᠨ ᠪᠠᠶᠢᠳᠠᠯ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ  ᠮᠡᠳᠡᠭᠡ ᠵᠠᠩᠭᠢ ᠶᠢᠨ ᠰᠦᠯᠵᠢᠶ᠎ᠡ ᠠᠴᠠ ᠡᠷᠢᠵᠦ ᠯᠠᠪᠯᠠᠭᠠᠷᠠᠢ ︵ᠰᠦᠯᠵᠢᠶᠡᠨ ᠬᠠᠶ᠋ᠢᠭ᠄ www.impta.com
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号