ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠪᠠ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠯᠪᠤᠭᠠᠲᠤ | ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠠᠮᠲᠤ ᠪᠠᠷ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ | ᠣᠷᠣᠨ ᠤ ᠦᠢᠯᠡᠴᠢᠯᠡᠬᠦ ᠬᠤᠭᠤᠴᠠᠭ᠎ᠠ ᠨᠢ ᠭᠦᠢᠴᠡᠭᠰᠡᠨ ᠣᠶᠤᠲᠠᠨ ᠲᠤᠰᠬᠤᠨ ᠤ ᠺᠠᠳ᠋ᠷ ᠤᠨ ᠳᠤᠳᠤᠷ᠎ᠠ ᠠᠴᠠ | ᠰᠢᠭᠤᠳ ᠬᠠᠷᠢᠶ᠎ᠠ ᠠᠵᠤ ᠠᠬᠤᠶᠢᠯᠠᠯ ᠤᠨ ᠠᠵᠢᠯᠲᠠᠨ ᠤᠷᠢᠬᠤ ᠠᠵᠢᠯ ᠠᠮᠵᠢᠯᠲᠠ ᠲᠠᠢ ᠪᠠᠷ ᠲᠡᠭᠦᠰᠪᠡ᠃ | ᠲᠤᠰ ᠤᠳᠠᠭᠠᠨ ᠤ ᠤᠷᠢᠬᠤ ᠠᠵᠢᠯ ᠨᠢ ᠰᠢᠭᠤᠳ ᠬᠠᠷᠢᠶ᠎ᠠ ᠠᠵᠤ ᠠᠬᠤᠶᠢᠯᠠᠯ ᠤᠨ ᠬᠦᠮᠦᠨ ᠬᠡᠷᠡᠭᠯᠡᠬᠦ | ᠬᠡᠷᠡᠭᠴᠡᠭᠡ ᠶᠢ ᠦᠨᠳᠦᠰᠦᠯᠡᠨ᠂ ᠥᠪᠥᠷ ᠮᠣᠩᠭᠤᠯ ᠤᠨ ᠬᠠᠩᠭᠠᠨ ᠪᠣᠷᠣᠯᠠᠭᠤᠯᠬᠤ ᠬᠤᠷᠰᠢᠶ᠎ᠠ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠳᠤᠷᠠᠨ᠂ ᠠᠩᠬ᠎ᠠ | ᠤᠳᠠᠭ᠎ᠠ ᠪᠦᠬᠦ ᠣᠷᠣᠨ ᠤ ᠦᠢᠯᠡᠴᠢᠯᠡᠬᠦ ᠬᠤᠭᠤᠴᠠᠭ᠎ᠠ ᠨᠢ ᠭᠦᠢᠴᠡᠭᠰᠡᠨ ᠣᠶᠤᠲᠠᠨ ᠲᠤᠰᠬᠤᠨ ᠤ ᠺᠠᠳ᠋ᠷ ᠲᠤ | ᠬᠠᠨᠳᠤᠭᠤᠯᠤᠨ ᠠᠵᠢᠯᠳᠠᠨ ᠤᠷᠢᠵᠦ᠂ ᠬᠦᠮᠤᠨ ᠬᠡᠷᠡᠭᠯᠡᠬᠦ ᠲᠠᠯ᠎ᠠ ᠪᠠᠷ ᠬᠢ ᠣᠶᠢᠷ᠎ᠠ ᠲᠣᠲᠤᠨᠤ ᠪᠠᠨ ᠬᠡᠷᠡᠭᠯᠡᠬᠦ | ᠦᠵᠡᠭᠳᠡᠯ ᠢ ᠦᠨᠳᠤᠰᠤ ᠠᠴᠠ ᠨᠢ ᠳᠠᠰᠤᠯᠵᠦ᠂ ᠠᠵᠢᠯᠲᠠᠨ ᠤ ᠡᠩᠨᠡᠭᠡ ᠶᠢᠨ ᠵᠠᠬ᠎ᠠ ᠳᠡᠯᠭᠡᠭᠦᠷᠴᠢᠯᠡᠨ ᠠᠵᠢᠯᠳᠠᠨ | ᠤᠷᠢᠬᠤ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ | ᠲᠤᠰ ᠤᠳᠠᠭᠠᠨ ᠤ ᠠᠵᠢᠯᠲᠠᠨ ᠤᠷᠢᠬᠤ ᠠᠵᠢᠯ ᠨᠢ ᠢᠯᠡ᠂ ᠭᠤᠣᠯᠴᠢ᠂ ᠲᠥᠪ ᠪᠠᠶᠢᠬᠤ ᠵᠠᠷᠴᠢᠮ ᠤᠨ | ᠶᠣᠰᠤᠭᠠᠷ᠂ ᠠᠯᠪᠠᠲᠠᠨ ᠰᠢᠯᠭᠠᠨ ᠠᠪᠬᠤ ᠪᠠ ᠠᠵᠤ ᠠᠬᠤᠶᠢᠯᠠᠯ ᠤᠨ ᠠᠵᠢᠯᠲᠠᠨ ᠤᠷᠢᠬᠤ ᠣᠨᠴᠠᠯᠢᠭ ᠲᠠᠢ | ᠤᠶᠠᠯᠳᠤᠭᠤᠯᠤᠨ᠂ ᠬᠠᠭᠠᠰ ᠪᠦᠳᠤᠴᠡᠴᠢᠯᠡᠭᠰᠡᠨ ᠨᠢᠭᠤᠷᠳᠠᠨ ᠰᠢᠯᠭᠠᠬᠤ ᠠᠷᠭ᠎ᠠ ᠪᠠᠷ ᠶᠠᠪᠤᠭᠳᠠᠪᠠ᠃ ᠠᠵᠢᠯᠳᠠᠨ | ᠤᠷᠢᠬᠤ ᠠᠵᠢᠯ ᠨᠢ ᠨᠡᠶᠢᠭᠡᠮ ᠤᠨ ᠦᠷᠭᠷᠨ ᠳᠡᠯᠭᠡᠷ ᠠᠩᠬᠠᠷᠤᠯ ᠢ ᠳᠠᠳᠠᠵᠦ᠂ ᠥᠪᠥᠷ ᠮᠣᠩᠭᠤᠯ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠰᠦᠯᠵᠢᠶ᠎ᠡ ᠨᠢᠠᠵᠢᠯᠲᠠᠨ ᠤᠷᠢᠬᠤ ᠠᠵᠢᠯ ᠤᠨ ᠬᠠᠮᠢᠶ᠎ᠠ ᠪᠦᠬᠦᠢ ᠮᠡᠳᠡᠭᠡ | ᠵᠠᠩᠭᠢ ᠶᠢ ᠰᠢᠯᠵᠢᠭᠦᠯᠦᠨ ᠨᠡᠶᠢᠳᠡᠯᠡᠵᠦ᠂ 458 ᠨᠡᠷᠡᠰ ᠤᠷᠢᠯᠳᠠ ᠶᠢ ᠬᠦᠯᠢᠶᠡᠨ ᠠᠪᠤᠭᠴᠢ ᠨᠡᠷ᠎ᠡ ᠮᠡᠳᠡᠭᠦᠯᠦᠨ | ᠥᠪᠥᠷ ᠮᠣᠩᠭᠤᠯ ᠤᠨ ᠬᠠᠩᠭᠠᠨ ᠪᠣᠷᠤᠯᠠᠭᠤᠯᠬᠤ ᠬᠤᠷᠰᠢᠶ᠎ᠠ ᠶᠢᠨ ᠳᠦᠷᠪᠡᠨ ᠰᠢᠭᠤᠳ ᠬᠠᠷᠢᠶ᠎ᠠ ᠠᠵᠤ ᠠᠬᠤᠶᠢᠯᠠᠯ ᠤᠨ | 19 ᠠᠵᠢᠯ ᠤᠨ ᠪᠠᠶᠢᠷᠢ ᠶᠢᠨ 36 ᠠᠵᠢᠯᠲᠠᠨ ᠳᠤ ᠨᠡᠷ᠎ᠡ ᠮᠡᠳᠡᠭᠦᠯᠤᠨ ᠦᠷᠢᠰᠤᠯᠳᠤᠭᠡᠳ᠂ ᠨᠦᠬᠦᠴᠡᠯ ᠳᠤ | ᠨᠡᠶᠢᠴᠡᠭᠰᠡᠨ185 ᠤᠶᠤᠲᠠᠨ ᠲᠤᠰᠬᠤᠨ ᠤ ᠺᠠᠳ᠋ᠷ ᠨᠢᠭᠤᠷᠳᠠᠨ ᠰᠢᠯᠭᠠᠬᠤ ᠬᠡᠪᠴᠢᠶᠡᠨ ᠳᠤ ᠣᠷᠣᠪᠠ᠃ ᠰᠦᠯᠵᠢᠶ᠎ᠡ | ᠳᠡᠭᠡᠷ᠎ᠡ ᠬᠢᠨᠠᠨ ᠪᠠᠶᠢᠴᠠᠭᠠᠬᠤ᠂ ᠬᠢᠷᠢ ᠭᠡᠮ ᠢ ᠳᠠᠬᠢᠨ ᠬᠢᠨᠠᠬᠤ᠂ ᠨᠢᠭᠡᠳᠦᠯᠲᠡᠢ ᠨᠢᠭᠤᠷᠳᠠᠨ ᠰᠢᠯᠭᠠᠬᠤ᠂ ᠪᠡᠶ᠎ᠡ | ᠪᠠᠶᠢᠴᠠᠭᠠᠬᠤ᠂ ᠨᠡᠶᠢᠳᠡ ᠳᠤ ᠵᠠᠷᠯᠠᠬᠤ ᠪᠠᠷ ᠳᠠᠮᠵᠢᠨ᠂ ᠡᠴᠦᠰ ᠲᠡᠭᠡᠨ 22 ᠨᠡᠷᠡᠰ ᠠᠵᠢᠯᠳᠠᠨ ᠢ ᠤᠷᠤᠨ ᠤ ᠬᠠᠩᠭᠠᠨ | ᠪᠣᠷᠤᠯᠠᠭᠤᠯᠬᠤ ᠬᠤᠷᠰᠢᠶ᠎ᠠ ᠶᠢᠨ ᠰᠢᠭᠤᠳ ᠬᠠᠷᠢᠶ᠎ᠠ ᠠᠵᠤ ᠠᠬᠤᠶᠢᠯᠠᠯ ᠤᠨ ᠤᠷᠢᠯᠳᠠ ᠵᠢᠨᠠᠵᠢᠯ ᠤᠨ ᠪᠠᠶᠢᠷᠢ ᠳᠤ | ᠭᠠᠷᠭᠠᠪᠠ᠃ | ᠠᠵᠢᠯᠲᠠᠨ ᠤᠷᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ | ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠤᠯᠠᠭᠤᠯᠬᠤ ᠬᠤᠷᠰᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠯᠦᠭᠡ ᠣᠯᠠᠨ ᠤᠳᠠᠭ᠎ᠠ ᠵᠤᠬᠢᠴᠠᠭᠤᠯᠤᠯᠳᠠ ᠬᠢᠵᠦ᠂ ᠠᠵᠢᠯ ᠤᠨ | ᠲᠦᠰᠦᠯ ᠢ ᠰᠤᠳᠤᠯᠤᠨ᠂ ᠠᠵᠢᠯ ᠤᠨ ᠴᠤᠪᠤᠷᠠᠯ ᠢ ᠲᠤᠭᠲᠠᠭᠠᠵᠤ᠂ ᠠᠵᠢᠯᠲᠠᠨ ᠤᠷᠢᠬᠤ ᠠᠵᠢᠯ ᠢ ᠵᠢᠷᠤᠮᠯᠠᠬᠤ | ᠳᠦᠷᠢᠮ ᠲᠠᠢ ᠪᠣᠯᠭᠠᠪᠠ᠃ ᠨᠢᠭᠤᠷᠳᠠᠨ ᠰᠢᠯᠭᠠᠬᠤ ᠶᠢᠨ ᠡᠮᠦᠨ᠎ᠡ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠩᠭᠠᠨ | ᠪᠣᠷᠤᠯᠠᠭᠤᠯᠬᠤ ᠬᠤᠷᠰᠢᠶ᠎ᠠ ᠶᠢᠨ ᠭᠤᠣᠯ ᠤᠳᠤᠷᠢᠳᠤᠯᠭ᠎ᠠ ᠬᠠᠮᠢᠶ᠎ᠠ ᠪᠦᠬᠦᠢ ᠨᠢᠭᠡᠴᠡ᠂ ᠬᠠᠮᠢᠶ᠎ᠠ ᠪᠦᠬᠦᠢ ᠬᠦᠮᠦᠰ ᠤᠨ | ᠰᠢᠯᠭᠠᠯᠲᠠ ᠠᠴᠠ ᠡᠮᠦᠨᠡᠬᠢ ᠳᠠᠶᠢᠴᠢᠯᠠᠯᠲᠠ ᠶᠢᠨ ᠬᠤᠷᠠᠯ ᠲᠤᠰᠬᠠᠢ ᠵᠤᠬᠢᠶᠠᠨ ᠪᠠᠶᠢᠭᠤᠯᠤᠨ ᠬᠢᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠤᠨ ᠰᠢᠯᠭᠠᠨ ᠲᠤᠭᠳᠠᠭᠠᠬᠤ ᠲᠥᠪ ᠤᠨ | ᠬᠢᠨ ᠢ ᠤᠷᠢᠵᠤ ᠨᠢᠭᠤᠷᠳᠠᠨ ᠰᠢᠯᠭᠠᠬᠤ ᠠᠵᠢᠯ ᠤᠨ ᠲᠠᠯ᠎ᠠ ᠪᠠᠷ ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠪᠠ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠯᠭᠡᠪᠡ᠃ ᠨᠢᠭᠤᠷᠳᠠᠨ ᠰᠢᠯᠭᠠᠬᠤ ᠬᠤᠭᠤᠴᠠᠭᠠᠨ ᠳᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠤᠯᠤᠨ ᠣᠷᠣᠨ ᠤ ᠬᠠᠩᠭᠠᠨ | ᠪᠣᠷᠤᠯᠠᠭᠤᠯᠬᠤ ᠬᠤᠷᠰᠢᠶ᠎ᠠ ᠶᠢᠨ ᠬᠤᠯᠪᠤᠭᠳᠠᠯ ᠪᠦᠬᠦᠢ ᠤᠳᠤᠷᠢᠳᠤᠯᠭ᠎ᠠ ᠨᠠᠷ ᠰᠢᠯᠭᠠᠯᠲᠠ ᠶᠢᠨ ᠲᠠᠯᠠᠪᠤᠷ ᠤᠨ | ᠪᠠᠶᠢᠳᠠᠯ ᠢ ᠲᠣᠭᠤᠷᠢᠨ ᠪᠠᠶᠢᠴᠠᠭᠠᠵᠤ᠂ ᠨᠢᠭᠤᠷᠳᠠᠨ ᠰᠢᠯᠭᠠᠬᠤ ᠲᠦᠰᠢᠮᠡᠯ ᠵᠢᠴᠢ ᠠᠵᠢᠯᠳᠠᠳ ᠲᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠤᠯᠤᠰ ᠲᠦᠷᠥ ᠶᠢᠨ ᠬᠠᠷᠢᠭᠤᠴᠠᠯᠭᠠᠲᠤ ᠣᠪᠤᠷ ᠢᠶᠠᠷ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠰᠠᠶᠢᠲᠤᠷ ᠭᠦᠢᠴᠡᠳᠭᠡᠵᠦ᠂ ᠠᠵᠤ ᠠᠬᠤᠶᠢᠯᠠᠯ ᠳᠤ ᠠᠵᠢᠯ ᠤᠨ ᠪᠠᠶᠢᠷᠢᠨ ᠳᠤᠨᠢ ᠳᠣᠬᠢᠷᠠᠭᠰᠠᠨ ᠰᠢᠯᠢᠳᠡᠭ | ᠴᠢᠳᠠᠪᠤᠷᠢᠲᠠᠨ ᠢ ᠰᠤᠩᠭᠤᠨ ᠦᠭᠬᠦ ᠬᠡᠷᠡᠭᠲᠠᠢ ᠬᠡᠵᠦ ᠱᠠᠭᠠᠷᠳᠠᠵᠠᠢ᠃ | ᠲᠤᠰ ᠤᠳᠠᠭᠠᠨ ᠤ ᠠᠵᠤ ᠠᠬᠤᠶᠢᠯᠠᠯ ᠤᠨ ᠠᠵᠢᠯᠳᠠᠨ ᠢ ᠢᠯᠡ ᠪᠠᠷ ᠤᠷᠢᠭᠰᠠᠨ ᠶᠠᠪᠤᠳᠠᠯ ᠨᠢ | ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠰᠢᠭᠤᠳ ᠬᠠᠷᠢᠶ᠎ᠠ ᠠᠵᠤ ᠠᠬᠤᠶᠢᠯᠠᠯ ᠶᠢᠨ | ᠬᠥᠳᠡᠯᠮᠦᠷᠢ ᠬᠦᠴᠦᠨ ᠢ ᠬᠡᠷᠡᠭᠯᠡᠬᠦ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠦᠨ ᠂ ᠠᠵᠤ | ᠠᠬᠤᠶᠢᠯᠠᠯ ᠤᠨ ᠬᠥᠮᠥᠨ ᠰᠤᠩᠭᠤᠵᠤ ᠬᠥᠮᠥᠨ ᠬᠡᠷᠡᠭᠯᠡᠬᠦ ᠶᠢᠨ ᠨᠢᠭᠡ ᠤᠳᠠᠭᠠᠨ ᠤ ᠵᠣᠷᠢᠭ ᠲᠠᠢ ᠲᠣᠷᠰᠢᠯᠲᠠ ᠮᠦᠨ᠂ | ᠠᠵᠢᠯᠲᠠᠨ ᠤᠷᠢᠬᠤ ᠠᠵᠢᠯ ᠨᠢ ᠣᠶᠣᠲᠠᠨ ᠲᠤᠰᠬᠤᠨ ᠤ ᠺᠠᠳ᠋ᠷ ᠤᠨ ᠠᠵᠢᠯ ᠣᠯᠬᠤ ᠠᠷᠭ᠎ᠠ ᠵᠠᠮ ᠢ | ᠥᠷᠭᠡᠳᠭᠡᠭᠰᠡᠨ ᠢᠶᠠᠷ ᠪᠠᠷᠠᠬᠤ ᠦᠭᠡᠢ ᠪᠠᠰᠠ ᠠᠵᠤ ᠠᠬᠤᠶᠢᠯᠠᠯ ᠳᠤ ᠰᠢᠯᠢᠳᠡᠭ ᠴᠢᠳᠠᠪᠤᠷᠢᠲᠠᠨ ᠢ ᠬᠦᠷᠭᠡᠨ | ᠦᠭᠴᠤ᠂ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠡᠶᠢᠭᠡᠮ ᠳᠤ ᠦᠢᠯᠡᠴᠢᠯᠡᠬᠦ | ᠴᠢᠳᠠᠮᠵᠢ ᠶᠢ ᠳᠡᠭᠡᠭᠰᠢᠯᠡᠭᠦᠯᠦᠨ᠂ ᠰᠢᠭᠤᠳ ᠬᠠᠷᠢᠶ᠎ᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ | ᠭᠦᠢᠴᠡᠳᠭᠡᠬᠦ ᠳᠤᠨᠢ ᠴᠢᠬᠤᠯᠠ ᠠᠴᠢ ᠬᠤᠯᠪᠤᠭᠳᠠᠯ ᠲᠠᠢ ᠶᠤᠮ᠃ ᠠᠵᠢᠯᠲᠠᠨ ᠤᠷᠢᠬᠤ ᠠᠵᠢᠯ ᠤᠨ ᠪᠡᠯᠡᠳᠭᠡᠯ ᠨᠢ | ᠭᠦᠢᠴᠡᠳ᠂ ᠳᠡᠰ ᠳᠠᠷᠠᠭᠠᠯᠠᠯ ᠨᠢ ᠡᠮᠬᠢ ᠵᠢᠷᠤᠮ ᠲᠠᠢ᠂ ᠵᠣᠬᠢᠶᠠᠨ ᠪᠠᠶᠢᠭᠤᠯᠤᠯᠲᠠ ᠨᠢ ᠨᠠᠷᠢᠨ ᠨᠢᠭᠲᠠ ᠪᠠᠶᠢᠭᠰᠠᠨ | ᠢᠶᠠᠷ ᠢᠶᠠᠨ ᠵᠢᠱᠢᠭᠰᠡᠨ ᠦᠷ᠎ᠡ ᠪᠦᠲᠦᠮᠵᠢ ᠣᠯᠪᠠ᠃ |