ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/3/23
     3 ᠰᠠᠷ᠎ᠡ ᠶᠢᠨ 9᠎ ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠵᠤ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠢᠦᠢ ᠮᠢᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      2014 ᠤᠨ ᠎ ᠳᠤ ᠪᠦᠬᠦ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠤᠨᠲᠠᠷᠠᠭᠠᠭᠰᠠᠨ ᠨᠤᠷᠮ᠎ᠠ  99.4% ᠬᠦᠷᠴᠤ᠂ ᠪᠦᠬᠦ ᠵᠢᠯ ᠳᠤ ᠮᠤᠩᠭᠤᠯ ᠤᠯᠤᠰ ᠪᠠ ᠤᠷᠤᠰ ᠤᠯᠤᠰ ᠤᠨ ᠬᠢᠯᠢ ᠶᠢᠨ ᠭᠠᠳᠠᠨᠠᠬᠢ ᠶᠡᠭᠡ ᠲᠦᠢᠮᠡᠷ ᠢ 25 ᠤᠳᠠᠭ᠎ᠠ ᠬᠠᠰᠢᠵᠠᠢ᠃ ᠡᠨᠡ ᠪᠤᠯ ᠭᠢᠯᠪᠠᠷ ᠪᠤᠰᠤ ᠶᠠᠪᠤᠳᠠᠯ ᠶᠤᠮ᠃ ᠬᠤᠷᠠᠯ ᠨᠢ ᠡᠨᠡ ᠵᠢᠯ ᠤᠨ ᠲᠤᠯᠭᠠᠷᠠᠵᠦ ᠪᠠᠶᠢᠭ᠎ᠠ ᠭᠠᠯ ᠰᠡᠷᠭᠡᠶᠢᠯᠡᠬᠦ ᠪᠠᠶᠢᠳᠠᠯ ᠢ ᠬᠢᠨᠠᠮᠠᠭᠠᠢ ᠵᠠᠳᠠᠯᠵᠦ᠂  ᠤᠢ ᠰᠢᠭᠤᠢ ᠨᠤᠲᠤᠭ ᠪᠡᠯᠴᠢᠭᠡᠷ ᠤᠨ ᠳᠦᠢᠮᠡᠷ ᠰᠡᠷᠭᠡᠶᠢᠯᠡᠬᠦ ᠲᠠᠷᠠᠭᠠᠴᠢ ᠶᠢᠨ ᠠᠯᠬᠤᠮ ᠤᠨ ᠠᠵᠢᠯ ᠎ ᠳᠤ ᠪᠠᠶᠢᠷᠢᠯᠠᠭᠤᠯᠤᠯᠲᠠ ᠬᠢᠵᠦ᠂ 2015 ᠤᠨ ᠤ ᠤᠢ ᠰᠢᠭᠤᠢ ᠨᠤᠲᠤᠭ ᠪᠡᠯᠴᠢᠭᠡᠷ ᠤᠨ ᠳᠦᠢᠮᠡᠷ ᠰᠡᠷᠭᠡᠶᠢᠯᠡᠬᠦ ᠬᠠᠷᠢᠭᠤᠴᠠᠯᠭ᠎ᠠ  ᠶᠢᠨ ᠪᠢᠴᠢᠭ ᠲᠤ ᠭᠠᠷ ᠤᠨ ᠦᠰᠦᠭ ᠵᠢᠷᠤᠵᠠᠢ᠃      ᠸᠠᠩ ᠢᠤᠢ ᠮᠢᠩ ᠵᠢᠭᠠᠵᠦ ᠭᠠᠷᠭᠠᠭᠰᠠᠨ ᠨᠢ᠂ ᠡᠨᠡ ᠵᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠪᠠᠶᠢᠳᠠᠯ  ᠬᠦᠨᠳᠤ ᠬᠡᠴᠡᠭᠦᠦ ᠪᠠᠶᠢᠨ᠎ᠠ᠂ ᠮᠠᠨ ᠤ ᠤᠷᠤᠨ ᠤ ᠶᠡᠬᠡᠩᠬᠢ ᠭᠡᠰᠡᠭ ᠭᠠᠵᠠᠷ ᠤᠷᠤᠨ ᠤ ᠠᠭᠠᠷ ᠤᠨ ᠲᠤᠯᠠᠭᠠᠨ ᠶᠡᠷᠦ ᠶᠢᠨ ᠵᠢᠯ ᠤᠨ ᠬᠢ ᠠᠴᠠ ᠨᠡᠯᠢᠶᠡᠳ ᠦᠨᠳᠦᠷ ᠪᠠᠶᠢᠵᠦ᠂  ᠠᠭᠠᠷ ᠤᠨ ᠲᠤᠯᠠᠭᠠᠨ ᠴᠤ ᠲᠦᠷᠭᠡᠨ ᠳᠡᠭᠡᠭᠰᠢᠯᠡᠵᠦ᠂  ᠤᠷᠭᠤᠮᠠᠯ ‍ᠤᠨ‌‍ᠶᠡᠬᠡᠩᠬᠢ ᠨᠢ ᠬᠠᠭᠤᠷᠠᠢ ᠪᠠᠶᠢᠬᠤ ᠪᠤᠯᠬᠤᠷ ᠤᠢ ᠰᠢᠭᠤᠢ ᠨᠤᠳᠤᠭ ᠪᠡᠯᠴᠢᠭᠡᠷ ᠤᠨ ᠳᠦᠢᠮᠡᠷ ᠠᠮᠠᠷᠬᠠᠨ ᠡᠭᠦᠰᠬᠦ ᠪᠤᠯᠤᠯᠴᠠᠭ᠎ᠠ ᠲᠠᠢ ᠪᠠᠶᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠲᠡᠭᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠶᠢᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠠᠵᠢᠯ ᠤᠨ ᠬᠦᠨᠳᠤ ᠴᠢᠨᠠᠷ᠂ ᠪᠠᠴᠢᠮ ᠴᠢᠨᠠᠷ ᠢ ᠬᠦᠢᠴᠡᠳ ᠲᠠᠨᠢᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠪᠦᠬᠦ ᠬᠦᠴᠦᠨ ᠢᠶᠠᠷ ᠢᠶᠠᠨ ᠦᠨᠡᠨ ᠪᠤᠳᠠᠲᠠᠢ ᠰᠠᠶᠢᠨ ᠠᠳᠬᠤᠬᠤ ᠬᠡᠷᠡᠭᠲᠠᠢ ᠬᠡᠵᠡᠢ᠃      ᠸᠠᠩ ᠢᠦᠢ ᠮᠢᠩ ᠱᠠᠭᠠᠷᠳᠠᠭᠰᠠᠨ ᠨᠢ᠂ ᠵᠠᠰᠠᠭ ᠤᠨ ᠤᠷᠳᠤᠨ ᠪᠦᠬᠦ ᠲᠠᠯ᠎ᠡ ᠪᠠᠷ ᠬᠠᠷᠢᠭᠤᠴᠠᠨ᠂ ᠡᠯ᠎ᠠ ᠰᠠᠯᠠᠭ᠎ᠠ ᠮᠦᠴᠢᠷ ᠴᠤᠭ ᠢᠶᠠᠷ ᠠᠳᠬᠤᠨ ᠬᠠᠮᠳᠤ ᠪᠠᠷ ᠬᠠᠮᠢᠶᠠᠷᠴᠦ᠂ ᠨᠡᠶᠢᠭᠡᠮ ᠨᠡᠶᠢᠳᠡ ᠶᠢᠨ ᠬᠢᠨ ᠦᠷᠭᠡᠨ ᠲᠡᠯᠭᠡᠷ ᠢᠶᠠᠷ ᠤᠷᠤᠯᠴᠠᠵᠦ᠂ ᠡᠯ᠎ᠡ ᠵᠦᠢᠯ ᠤᠨ ᠠᠵᠢᠯ ᠢ ᠨᠢᠭᠡᠳᠦᠯᠲᠠᠢ ᠰᠠᠶᠢᠨ ᠠᠳᠬᠤᠵᠦ᠂ ᠪᠦᠬᠦ ᠵᠢᠯ ᠳᠤ ᠬᠦᠮᠤᠨ ᠎ ᠤ ᠤᠷᠰᠢᠭ ᠠᠴᠠ ᠪᠤᠯᠤᠭᠰᠠᠨ ᠤᠢ ᠰᠢᠭᠤᠢ ᠨᠤᠳᠤᠭ ᠪᠡᠯᠴᠢᠭᠡᠷ ᠤᠨ ᠤᠨᠴᠠ ᠶᠡᠭᠡ ᠳᠦᠢᠮᠡᠷ ᠡᠭᠦᠰᠭᠡᠬᠦ ᠦᠭᠡᠢ᠂ ᠶᠡᠭᠡ ᠭᠠᠯ ᠤᠨ ᠠᠶᠤᠯ ᠪᠠ ᠬᠦᠮᠤᠨ ᠰᠢᠷᠠᠭᠳᠤᠬᠤ ᠦᠬᠦᠬᠦ ᠠᠳᠡᠯ ᠭᠠᠷᠭᠠᠬᠤ ᠦᠭᠡᠢ ᠪᠠᠶᠢᠬᠤ ᠪᠠᠷ ᠴᠢᠷᠮᠠᠶᠢᠵᠦ᠂ ᠭᠠᠯ ᠤᠨ ᠠᠶᠤᠯ ᠢ ᠲᠡᠷᠡ‌ᠡᠳᠦᠷ ᠲᠤᠨᠢ ᠤᠨᠲᠠᠷᠠᠭᠠᠬᠤ ᠨᠤᠷᠮ᠎ᠡ ᠶᠢ 95%᠎ ᠠᠴᠠ ᠲᠡᠭᠡᠭᠰᠢ ᠳᠤ ᠬᠦᠷᠦᠬᠦᠯᠬᠦ ᠭᠡᠷᠡᠭᠲᠠᠢ᠃ ᠡᠨᠡᠬᠦ ᠰᠡᠳᠬᠢᠴᠡ ᠪᠠ ᠬᠠᠷᠠᠯᠳᠠ ᠶᠢᠨ ᠲᠤᠭᠤᠷᠢᠨ ᠳᠤ᠂ ᠭᠠᠯ ᠲᠦᠢᠮᠡᠷ ᠤᠨ ᠰᠤᠷᠪᠤᠯᠵᠢ ᠎ ᠶᠢ ᠡᠵᠡᠮᠳᠡᠨ ᠬᠠᠮᠢᠶᠠᠷᠬᠤ ᠶᠢ ᠦᠨᠡᠨᠬᠦ ᠰᠠᠶᠢᠳᠤᠷ ᠠᠳᠬᠤᠵᠤ᠂  ᠭᠠᠯ  ᠲᠦᠢᠮᠡᠷ ᠡᠭᠦᠰᠬᠦ ᠶᠢ ᠡᠬᠢ ᠰᠤᠷᠪᠤᠯᠵᠢ ᠠᠴᠠ ᠨᠢ ᠴᠢᠩᠭ᠎ᠠ ᠰᠡᠷᠭᠡᠶᠢᠯᠡᠬᠦ ᠬᠡᠷᠡᠭᠲᠠᠢ︔ ᠤᠷᠢᠳᠴᠢᠯᠠᠨ ᠰᠡᠷᠭᠡᠶᠢᠯᠡᠵᠤ ᠬᠢᠨᠠᠨ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂  ᠭᠠᠯ ᠲᠦᠢᠮᠡᠷ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠠᠢ︔ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠢ ᠦᠨᠡᠨᠬᠦ ᠲᠡᠭᠦᠯᠳᠡᠷᠵᠢᠬᠦᠯᠵᠤ᠂ ᠭᠠᠯ ᠲᠦᠢᠮᠡᠷ ᠢ ᠪᠦᠬᠦ ᠬᠦᠴᠦᠨ ᠢᠶᠠᠷ ᠢᠶᠠᠨ ᠤᠨᠳᠠᠷᠠᠭᠠᠬᠤ ᠬᠡᠷᠡᠭᠲᠠᠢ︔ ᠬᠠᠮᠲᠦᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠳᠬᠠᠵᠦ᠂ ᠭᠠᠯ ᠲᠦᠢᠮᠡᠷ ᠢ ᠰᠡᠷᠭᠡᠶᠢᠯᠡᠬᠦ ᠶᠢ ᠨᠢᠭᠡᠨ ᠬᠦᠯᠬᠡ ᠶᠢᠨ ᠪᠠᠶᠢᠳᠠᠯ ᠲᠠᠢ ᠪᠤᠯᠭᠠᠬᠤ ᠬᠡᠷᠡᠭᠲᠠᠢ︔ ᠤᠬᠠᠭᠤᠯᠭ᠎ᠠ ᠬᠦᠮᠦᠵᠢᠯ ᠤᠨ ᠡᠷᠴᠢᠮ ᠢ  ᠴᠢᠩᠭᠠᠯᠠᠵᠦ᠂ ᠲᠦᠢᠮᠡᠷ ᠢ ᠰᠡᠷᠭᠡᠶᠢᠯᠡᠬᠦ ᠦᠵᠡᠯ ᠤᠬᠠᠮᠰᠠᠷ ᠢ ᠪᠦᠬᠦ ᠲᠠᠯ᠎ᠠ ᠪᠠᠷ ᠨᠡᠮᠡᠭᠳᠡᠭᠦᠯᠬᠦ ᠬᠡᠷᠡᠭᠲᠠᠢ᠃ ᠡᠭᠦᠨ ᠤ ᠬᠠᠮᠲᠤ  ᠂ ᠤᠢ ᠰᠢᠭᠤᠢ ᠨᠤᠲᠤᠭ ᠪᠡᠯᠴᠢᠭᠡᠷ ᠤᠨ ᠳᠦᠢᠮᠡᠷ ᠢ ᠶᠡᠷᠦᠩᠬᠡᠶᠢᠯᠡᠨ ᠰᠡᠷᠭᠡᠶᠢᠯᠡᠵᠦ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠠᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号