ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠶᠣᠰᠤᠭᠠᠷ ᠵᠠᠰᠠᠭ ᠶᠠᠪᠤᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/3/23
     ᠣᠶᠢᠷ᠎ᠡ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠶᠣᠰᠤᠭᠠᠷ ᠵᠠᠰᠠᠭ ᠶᠠᠪᠤᠭᠤᠯᠬᠤ ᠠᠵᠢᠯ ᠤᠨ ᠬᠤᠷᠠᠯ ᠬᠤᠷᠠᠯᠳᠤᠭᠤᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠦᠩ ᠯᠢᠶᠠᠩ ᠠᠴᠠ ︽ ︿ᠳᠦᠷᠪᠡᠨ ᠪᠦᠬᠦ ᠲᠠᠯ᠎ᠠ ᠪᠠᠷ﹀᠎  ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠨ — ᠬᠠᠤᠯᠢ ᠪᠠᠷ ᠵᠠᠰᠠᠬᠤ ᠰᠡᠳᠬᠢᠴᠡ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠶ᠎ᠠ︾ ᠭᠡᠰᠡᠨ ᠰᠡᠳᠦᠪ ᠢᠶᠠᠷ ᠠᠵᠢᠯ ᠤᠨ ᠮᠡᠳᠡᠭᠦᠯᠥᠯᠲᠡ ᠬᠢᠵᠦ᠂ ᠥᠩᠭᠡᠷᠡᠭᠰᠡᠨ ᠨᠢᠭᠡ ᠵᠢᠯ ᠤᠨ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠶᠣᠰᠤᠭᠠᠷ ᠵᠠᠰᠠᠭ ᠶᠠᠪᠤᠭᠤᠯᠤᠭᠰᠠᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ᠂ 2015 ᠣᠨ ᠤ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ  ᠳᠦᠷᠢᠮ ᠤᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ  ᠴᠢᠶᠤᠤ ᠰᠢᠨ ᠬᠤᠷᠠᠯ ᠳᠤ ᠣᠷᠣᠯᠴᠠᠨ ᠴᠢᠬᠤᠯᠠ ᠶᠠᠷᠢᠶ᠎ᠠ ᠲᠠᠯᠪᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠥᠯ ᠤᠨ ᠬᠠᠤᠯᠢ ᠶᠣᠰᠤᠭᠠᠷ ᠵᠠᠰᠠᠭ ᠶᠠᠪᠤᠭᠤᠯᠤᠭᠰᠠᠨ ᠠᠵᠢᠯ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠬᠰᠠᠨ ᠤ ᠬᠠᠮᠲᠤ᠂ ᠬᠡᠳᠦᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠃      ᠰᠦᠩ ᠯᠢᠶᠠᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠨᠢᠳᠤᠨᠤᠨ ᠠᠴᠠ ᠨᠠᠰᠢ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠳᠦᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠣᠬᠢᠬᠤ ᠬᠡᠮᠵᠢᠶᠡᠨ ᠤ ᠪᠤᠳᠠᠲᠦ ᠦᠷ᠎ᠡ ᠪᠦᠲᠦᠮᠵᠢ ᠣᠯᠪᠠ᠃ ᠪᠦᠬᠦ ᠲᠠᠯ᠎ᠠ  ᠪᠠᠷ ᠬᠠᠤᠯᠢ  ᠪᠠᠷ ᠤᠯᠤᠰ ᠢᠶᠠᠨ ᠵᠠᠰᠠᠬᠤ ᠴᠢᠬᠤᠯᠠ ᠪᠠᠶᠢᠷᠢ ᠰᠠᠭᠤᠷᠢ ᠶᠢ ᠪᠦᠬᠦ ᠰᠢᠰᠲ᠋ᠧᠮ ᠢᠶᠠᠷ ᠢᠶᠠᠨ ᠭᠦᠨᠵᠡᠭᠡᠢ ᠲᠠᠨᠢᠵᠤ᠂ ᠬᠠᠤᠯᠢ ᠪᠠᠷ ᠵᠠᠰᠠᠬᠤ  ᠪᠠᠶᠢᠭᠤᠯᠤᠯᠲᠠ ᠶᠢ ᠲᠦᠯᠬᠢᠨ ᠠᠬᠢᠭᠤᠯᠬᠤ ᠦᠵᠡᠯ ᠰᠠᠨᠠᠭ᠎ᠠ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ ᠃ ᠨᠢᠭᠡ ᠳᠤ ᠬᠠᠤᠯᠢ ᠪᠠᠷ ᠵᠠᠰᠠᠬᠤ ᠰᠡᠳᠭᠢᠴᠡ ᠶᠢ ᠪᠣᠢ ᠪᠣᠯᠭᠠᠵᠤ᠂ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ  ᠴᠢᠩᠭᠠᠳᠬᠠᠬᠤ ᠬᠡᠷᠡᠭᠲᠡᠢ᠃ ︽ᠬᠠᠣᠯᠢ ᠶᠢ ᠬᠥᠨᠳᠦᠳᠭᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾ ᠬᠠᠤᠯᠢ ᠪᠠᠷ ᠵᠠᠰᠠᠬᠤ ᠰᠡᠳᠭᠢᠴᠡ ᠶᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠬᠤᠶᠠᠷ ᠲᠤ ᠬᠠᠤᠯᠢ ᠪᠠᠷ ᠵᠠᠰᠠᠬᠤ ᠵᠢᠮ ᠤᠨ ᠶᠣᠰᠤᠭᠠᠷ᠂ ᠠᠵᠢᠯ ᠲᠦᠷᠥᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠨᠤᠲᠤᠭ ᠳᠡᠪᠢᠰᠬᠡᠷ ᠢᠶᠠᠨ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠨᠤᠲᠤᠭ ᠳᠡᠪᠢᠰᠬᠡᠷ ᠢᠶᠠᠨ ᠬᠠᠮᠠᠭᠠᠯᠠᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ ᠣᠨᠣᠯᠵᠢᠬᠤᠨ ᠢ ᠪᠠᠲᠤᠳᠬᠠᠵᠤ᠂ ᠦᠭᠡᠷᠡᠴᠢᠯᠡᠯᠲᠡ ᠶᠢᠨ ᠰᠢᠪᠲᠤᠯᠤᠯᠲᠠ ᠬᠢᠬᠦ ᠪᠠ ᠬᠠᠤᠯᠢ ᠶᠣᠰᠣᠭᠠᠷ ᠲᠦᠯᠬᠢᠨ ᠤᠷᠤᠭᠰᠢᠯᠠᠭᠤᠯᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠨ ᠴᠢᠩᠭᠠᠷᠠᠭᠤᠯᠵᠦ᠂ ᠡᠷᠬᠡ ᠪᠠᠨ ᠬᠡᠷᠡᠭᠵᠢᠭᠦᠯᠥᠨ ᠲᠤᠰᠢᠶᠠᠯ ᠢᠶᠠᠨ ᠭᠦᠢᠴᠡᠳᠬᠡᠬᠦ ᠶᠢ ᠪᠦᠬᠦ ᠲᠠᠯ᠎ᠠ ᠪᠠᠷ ᠴᠢᠩᠳᠠᠯᠠᠬᠤ ᠬᠡᠷᠡᠭᠲᠡᠢ᠃ ᠡᠷᠬᠡ ᠶᠢ ᠬᠡᠷᠬᠢᠨ ᠬᠡᠷᠡᠭᠯᠡᠬᠦ ᠶᠢ ᠣᠶᠢᠯᠠᠭᠠᠵᠤ᠂ ᠶᠠᠮᠠᠷ ᠶᠠᠪᠤᠳᠠᠯ ᠢ ᠬᠢᠵᠦ ᠪᠣᠯᠬᠤ᠂ ᠶᠠᠮᠠᠷ ᠶᠠᠪᠤᠳᠠᠯ ᠢ ᠬᠢᠵᠦ ᠪᠣᠯᠬᠤ ᠦᠭᠡᠢ᠂ ᠳᠠᠷᠤᠭ᠎ᠠ ᠪᠣᠯᠵᠤ ᠠᠵᠢᠯ ᠬᠢᠬᠦ ᠬᠡᠮᠵᠢᠶ᠎ᠡ ᠬᠢᠵᠠᠭᠠᠷ ᠢ ᠮᠡᠳᠡᠬᠦ ᠬᠡᠷᠡᠭᠲᠡᠢ᠃ ᠳᠥᠷᠪᠡ ᠳᠤ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠦᠢᠯᠡᠰ ᠤᠨ ᠡᠷᠡᠭᠦᠯ ᠢᠶᠠᠷ ᠭᠦᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠤᠷᠴᠢᠨ ᠠᠬᠤᠢ ᠶᠢ ᠰᠢᠯᠢᠳᠡᠭᠵᠢᠭᠦᠯᠬᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠵᠢᠷᠤᠮᠵᠢᠭᠤᠯᠬᠤ᠂ ᠬᠠᠤᠯᠢ ᠲᠤᠭᠲᠠᠭᠠᠬᠤ ᠬᠢᠷᠢ ᠬᠡᠮᠵᠢᠶ᠎ᠡ ᠪᠠᠨ ᠳᠡᠭᠡᠭᠰᠢᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠲᠦᠷᠦᠯ ᠤᠨ ᠬᠦᠭᠵᠢᠯᠲᠡ ᠶᠢ ᠬᠠᠮᠠᠭᠠᠯᠠᠬᠤ ᠬᠡᠷᠡᠭᠲᠡᠢ᠃      ᠴᠢᠶᠤᠤ ᠰᠢᠨ ᠵᠢᠭᠠᠵᠤ ᠭᠠᠷᠭᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠣᠯᠢ ᠶᠣᠰᠣᠭᠠᠷ ᠵᠠᠰᠠᠭ ᠶᠠᠪᠤᠭᠤᠯᠬᠤ ᠠᠵᠢᠯ ᠪᠦᠬᠦ ᠣᠷᠣᠨ ᠤ ᠡᠯ᠎ᠡ ᠵᠦᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ ᠡᠮᠥᠨ᠎ᠡ ᠡᠩᠨᠡᠭᠡᠨ ᠳᠤ ᠶᠠᠪᠤᠵᠤ᠂ ᠭᠢᠯᠠᠰ ᠴᠡᠭ ᠨᠢ ᠳᠣᠪᠤᠶᠢᠮ᠎ᠠ᠂ ᠠᠮᠵᠢᠯᠲᠠ ᠎ ᠨᠢ ᠬᠦᠮᠥᠰ ᠢ ᠵᠣᠷᠢᠭᠵᠢᠭᠤᠯᠪᠠ᠃ ᠰᠢᠨᠵᠢᠯᠡᠬᠦ ᠤᠬᠠᠭᠠᠨᠴᠢ ᠪᠦᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠥᠭᠰᠡᠨ ᠬᠡᠷᠡᠭ ᠤᠨ ᠡᠪᠬᠡᠮᠡᠯ ᠢ ᠰᠢᠯᠭᠠᠨ ᠪᠠᠶᠢᠴᠠᠭᠠᠬᠤ᠂ ᠡᠷᠬᠡ ᠶᠢᠨ ᠨᠠᠷᠢᠨ ᠳᠠᠩᠰᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠦᠨᠡᠨ ᠪᠤᠳᠠᠲᠠᠢ ᠠᠮᠵᠢᠯᠲᠠ ᠣᠯᠣᠭᠰᠠᠨ ᠪᠠᠶᠢᠨ᠎ᠠ ᠃ ᠡᠭᠦᠨ ᠤ ᠵᠡᠷᠭᠡᠴᠡᠪᠡᠷ᠂ ᠣᠳᠣᠬᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠣᠨᠣᠪᠴᠢᠲᠠᠢ ᠰᠤᠳᠤᠯᠤᠨ ᠮᠠᠭᠠᠳᠯᠠᠯᠲᠠ ᠬᠢᠵᠦ᠂ ᠶᠡᠭᠡ ᠲᠠᠯ᠎ᠠ ᠶᠢ ᠴᠢᠳᠠᠮᠠᠭᠠᠢ ᠪᠠᠷ ᠲᠠᠨᠢᠨ ᠡᠵᠡᠮᠰᠢᠵᠦ᠂ ᠬᠠᠤᠯᠢ ᠶᠣᠰᠤᠭᠠᠷ ᠵᠠᠰᠠᠭ ᠶᠠᠪᠤᠭᠤᠯᠬᠤ ᠠᠵᠢᠯ ᠤᠨ ᠪᠤᠳᠠᠳᠤ ᠦᠷ᠎ᠡ ᠪᠦᠲᠦᠮᠵᠢ ᠶᠢ  ᠬᠦᠴᠥᠲᠠᠢ ᠠᠳᠬᠤᠨ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠶᠣᠰᠤᠭᠠᠷ ᠵᠠᠰᠠᠭ ᠶᠠᠪᠤᠭᠤᠯᠬᠤ ᠠᠵᠢᠯ ᠢ ᠪᠠᠰᠠ ᠨᠢᠭᠡᠨ ᠰᠢᠨ᠎ᠡ ᠳᠡᠭᠳᠡᠷ ᠲᠤ ᠭᠠᠷᠭᠠᠬᠤ ᠪᠣᠯᠤᠨ᠎ᠠ ᠭᠡᠵᠠᠢ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠤᠰᠤᠳ ᠤᠳᠤᠷᠢᠳᠤᠯᠭ᠎ᠠ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠳᠠᠨ ᠵᠢᠴᠢ ᠪᠠᠶᠢᠭᠤᠯᠭ᠎ᠠ ᠶᠢᠨ ᠪᠦᠬᠦ ᠺᠠᠳ᠋ᠷ ᠨᠡᠶᠢᠲᠡ 180 ᠢᠯᠡᠭᠦᠦ ᠬᠥᠮᠦᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号