ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/3/23
     2 ᠳ᠋ᠤᠭᠠᠷ ᠰᠠᠷ᠎ᠠ ᠶᠢᠨ 27᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ ᠪᠤᠯᠤᠨ ᠡᠯ᠎ᠡ ᠲᠤᠰᠬᠠᠢ ᠲᠤᠭᠤᠢᠢᠯᠠᠩ ᠤᠨ 2014 ᠤᠨ ᠤ ᠡᠯ᠎ᠡ ᠬᠦᠷᠢᠶᠡᠨ ᠤ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ ︽ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ 2015 ᠤᠨ ᠤ ᠠᠵᠢᠯ ᠤᠨ ᠴᠢᠬᠤᠯᠠ ᠵᠦᠢᠯ︾ ᠪᠤᠯᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠤᠷᠰᠢᠯᠳᠠ ᠶᠢᠨ ᠲᠦᠰᠦᠯ︾᠎ ᠢ ᠬᠢᠨᠠᠠ ᠵᠦᠪᠯᠡᠵᠤ ᠪᠠᠳᠤᠯᠠᠠ᠂ 2015 ᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠢ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ ᠳᠠᠷᠤᠭ᠎ᠠ ᠸᠠᠩ ᠵᠢᠶᠦ᠋ᠨ ᠬᠤᠷᠠᠯ ᠡᠷᠬᠢᠯᠡᠵᠤ ᠶᠠᠷᠢᠶ᠎ᠠ ᠲᠠᠯᠪᠢᠪᠠ᠂ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠪᠠᠭᠠᠳᠤᠷ᠂ ᠷᠧᠨ ᠶᠠ ᠫᠢᠡᠭ᠂ ᠯᠢ ᠵᠢᠶᠠ᠂ ᠵᠠᠩ ᠯᠢ᠂ ᠤᠯᠠᠭᠠᠨ᠂ ᠯᠢ ᠫᠸᠡᠭ ᠰᠢᠨ᠂ ᠹᠦ᠋ ᠲᠠᠢ ᠽᠸᠡᠭ᠂ ᠪᠦ᠋ ᠰᠢᠶᠤᠤ ᠯᠢᠨ᠂ ᠨᠠᠰᠤᠨᠮᠦ᠋ᠩᠬᠡ᠂  ᠳ᠋ᠦ᠋ ᠽᠢ᠂ ᠸᠠᠩ ᠵᠦᠡᠭ ᠡᠾᠧ᠂ ᠬᠤᠷᠴᠠ᠂ ᠯᠢᠤ ᠰᠢᠨ ᠯᠧ᠂ ᠸᠠᠩ ᠢᠦᠢ ᠮᠢᠩ᠂ ᠮᠠ ᠮᠢᠩ᠂ ᠪᠠᠢ ᠰᠢᠶᠠᠩ ᠴᠢᠶᠦ᠋ᠨ᠂ ᠴᠠᠩ ᠵᠢᠶᠦ᠋ᠨ ᠵᠸᠡᠭ᠂ ᠶᠦᠨ ᠭᠤᠸᠠᠩ ᠵᠦᠡᠭ᠂ ᠭᠦᠸᠧ ᠴᠢ ᠵᠢᠶᠦ᠋ᠨ᠂ ᠯᠢᠶᠠᠩ ᠲᠢᠶᠧ ᠴᠧᠩ ᠪᠤᠯᠤᠨ ᠰᠢᠬᠦᠬᠦ ᠬᠤᠷᠢᠶ᠎ᠠ ᠶᠢᠨ ᠲᠠᠷᠤᠭ᠎ᠠ ᠬᠤ᠋ ᠢ ᠹᠧᠩ᠂ ᠪᠠᠶᠢᠴᠠᠭᠠᠬᠤ ᠬᠤᠷᠢᠶ᠎ᠠ ᠶᠢᠨ ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠵᠥ᠂ ᠡᠯ᠎ᠡ ᠲᠤᠰᠬᠠᠢ ᠲᠤᠭᠤᠢᠢᠯᠠᠩ ᠤᠨ ᠳᠡᠳ᠋ ᠳᠠᠷᠤᠭ᠎ᠠ ᠪᠤᠯᠤᠨ ᠬᠠᠷᠢᠯᠴᠠᠭᠴᠢ᠂ ᠦᠭᠡᠷᠡᠴᠢᠯᠡᠯᠳᠡ ᠤᠨ ᠠᠯᠪᠠᠨ ᠭᠡᠷ ᠤᠨ ᠳᠡᠳ᠋  ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠵᠦ ᠪᠠᠶᠢᠭ᠎ᠠ ᠨᠦᠬᠦᠳ ᠬᠤᠷᠠᠯ ᠳᠤ ᠰᠤᠯᠠ ᠤᠷᠤᠯᠴᠠᠪᠠ᠃      ᠸᠠᠩ ᠵᠢᠶᠦ᠋ᠨ ᠵᠢᠭᠠᠵᠤ ᠭᠠᠷᠭᠠᠬᠤ ᠳᠠᠭᠠᠨ᠂ 2014 ᠤᠨ ᠪᠤᠯ ᠦᠭᠡᠷᠡᠴᠢᠯᠡᠯᠲᠡ ᠶᠢ ᠪᠦᠬᠦ ᠲᠠᠯ᠎ᠠ ᠎ ᠪᠠᠷ ᠬᠦᠨᠵᠡᠭᠡᠶᠢᠷᠡᠭᠦᠯᠬᠦ ᠡᠬᠢᠯᠡᠯᠲᠡ ᠶᠢᠨ ᠤᠨ ᠪᠤᠯᠤᠨ᠎ᠠ᠃ ᠨᠢᠭᠡ ᠵᠢᠯ ᠤᠨ ᠲᠤᠷᠰᠢ᠂ ᠪᠦᠬᠦ ᠤᠷᠤᠨ ᠪᠠᠷ ᠢᠶᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠳᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠨ ᠨᠠᠶᠢᠳᠠᠪᠤᠷᠢᠵᠢᠭᠤᠯᠵᠤ᠂ ᠰᠢ ᠶᠢᠨ ᠫᠢᠡᠭ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠨᠤᠭᠤᠳ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠲᠦᠪ ᠤᠨ ᠡᠯ᠎ᠡ ᠵᠦᠢᠯ ᠤᠨ ᠦᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠠᠵᠢᠯ ᠤᠨ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠦᠭᠡᠷᠡᠴᠢᠯᠡᠯᠲᠡ ᠶᠢᠨ ᠶᠡᠷᠦᠩᠭᠡᠢ ᠡᠬᠡ ᠳᠠᠩᠰᠠ᠂ ᠡᠭᠦᠷᠭᠡ ᠶᠢᠨ ᠪᠢᠴᠢᠭ ᠪᠠ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠡᠷᠴᠢᠮ ᠲᠠᠢ᠂ ᠤᠨᠴᠠᠯᠢᠭ ᠲᠠᠢ᠂ ᠨᠦᠯᠦᠭᠡ ᠲᠠᠢ ᠦᠭᠡᠷᠡᠴᠢᠯᠡᠯᠲᠡ ᠶᠢᠨ ᠨᠢᠭᠡ ᠪᠦᠯᠥᠭ ᠠᠷᠭ᠎ᠠ ᠬᠡᠮᠵᠢᠶ᠎ᠡ ᠶᠢ ᠭᠠᠷᠭᠠᠵᠤ᠂ ᠤᠨ ᠤ ᠭᠤᠤᠯᠳᠠᠯᠭ᠎ᠠ ᠲᠠᠢ ᠦᠭᠡᠷᠡᠴᠢᠯᠡᠯᠲᠡ ᠶᠢᠨ 81 ᠵᠦᠢᠯ ᠤᠨ ᠡᠭᠦᠷᠭᠡ ᠶᠢ ᠪᠦᠬᠦᠨ ᠢ ᠪᠡᠶᠡᠯᠡᠭᠦᠯᠵᠤ᠂ ᠶᠡᠷᠦᠩᠭᠡᠢ ᠱᠦᠵᠢ ᠶᠢᠨ ᠨᠠᠶᠢᠳᠠᠭᠰᠠᠨ ᠮᠠᠨ ᠤ ᠤᠷᠤᠨ ᠤᠷᠢᠳᠠᠪᠡᠷ ᠶᠠᠪᠤᠭᠳᠠᠭᠤᠯᠵᠤ ᠤᠷᠢᠳᠠᠪᠡᠷ ᠲᠤᠷᠰᠢᠬᠤ 3 ᠵᠦᠢᠯ ᠤᠨ ᠦᠭᠡᠷᠡᠴᠢᠯᠡᠯᠲᠡ ᠶᠢᠨ ᠡᠭᠦᠷᠭᠡ ᠱᠠᠲᠤ ᠦᠶ᠎ᠡ ᠶᠢᠨ ᠴᠢᠨᠠᠷᠲᠠᠢ ᠴᠢᠬᠤᠯᠠ ᠦᠷ᠎ᠡ ᠪᠦᠲᠥᠭᠡᠯ ᠤᠯᠵᠤ᠂ ᠴᠢᠬᠤᠯᠠ ᠬᠦᠷᠢᠶ᠎ᠡ ᠪᠠ ᠵᠠᠩᠬᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠲᠡ ᠴᠢᠬᠤᠯᠠ ᠶᠡᠭᠡ ᠠᠬᠢᠴᠠ ᠲᠠᠢ ᠪᠣᠯᠣᠭᠰᠠᠨ ᠪᠠ ᠢᠳᠡᠪᠬᠢᠲᠠᠢ ᠦᠷ᠎ᠡ ᠪᠦᠲᠥᠮᠵᠢ ᠤᠯᠵᠤ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠬᠦᠯᠬᠦ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ ᠶᠢ ᠤᠷᠤᠭᠰᠢᠲᠠᠢ ᠪᠡᠶᠡᠯᠡᠭᠦᠯᠪᠡ ᠭᠡᠵᠠᠢ᠃      ᠸᠠᠩ ᠵᠢᠶᠦ᠋ᠨ᠂ 2015 ᠤᠨ ᠪᠤᠯ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠂ ᠮᠠᠰᠢ ᠤᠯᠠᠨ ᠴᠢᠬᠤᠯᠠ ᠶᠡᠭᠡ ᠦᠭᠡᠷᠡᠴᠢᠯᠡᠯᠳᠡ ᠶᠢᠨ ᠡᠬᠦᠷᠬᠡ ᠶᠢᠨ ᠪᠠᠶᠢᠷᠢᠯᠠᠭᠤᠯᠤᠯᠳᠠ ᠶᠢ ᠣᠨ ᠤ ᠲᠣᠲᠤᠷ᠎ᠠ ᠪᠡᠶᠡᠯᠡᠬᠦᠯᠥᠨ᠎ᠡ᠂ ᠵᠠᠷᠢᠮ ᠴᠢᠬᠤᠯᠠ ᠬᠦᠷᠢᠶ᠎ᠡ ᠪᠤᠯᠤᠨ ᠵᠠᠩᠬᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠳᠡ ᠶᠢ ᠣᠨ ᠤ ᠲᠣᠲᠤᠷ᠎ᠠ ᠰᠢᠪᠳᠤᠯᠤᠯᠳᠠ ᠲᠠᠢ ᠪᠤᠯᠭᠠᠨ᠎ᠠ᠃ ᠡᠯ᠎ᠡ ᠱᠠᠲᠤᠨ ᠤ ᠬᠢᠨ ᠪᠠ ᠡᠯ᠎ᠡ ᠰᠠᠯᠠᠭ᠎ᠠ ᠮᠦᠴᠢᠷ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠰᠠᠭᠤᠳᠠᠯ ᠤᠨ ᠲᠤᠬᠠᠢ ᠦᠵᠡᠯ ᠤᠬᠠᠮᠰᠠᠷ ᠪᠤᠯᠤᠨ ᠪᠡᠷᠬᠡ ᠰᠡᠳᠥᠪ ᠢ ᠰᠢᠢᠳᠪᠥᠷᠢᠯᠡᠬᠦ ᠦᠵᠡᠯ ᠤᠬᠠᠮᠰᠠᠷ ᠢᠶᠠᠨ ᠤᠯᠠᠮ ᠨᠢᠬᠡ ᠠᠯᠬᠤᠮ ᠨᠡᠮᠡᠭᠳᠡᠭᠦᠯᠥᠨ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠪᠠᠷ ᠨᠢᠭᠲᠠ ᠭᠤᠣᠯᠯᠠᠭᠤᠯᠤᠨ᠂ ᠦᠭᠡᠷᠡᠴᠢᠯᠡᠯᠳᠡ ᠶᠢ ᠪᠦᠬᠦ ᠲᠠᠯ᠎ᠡ ᠪᠠᠷ ᠬᠦᠨᠵᠡᠬᠡᠶᠢᠷᠡᠬᠦᠯᠬᠦ ᠠᠵᠢᠯ ᠢ ᠰᠢᠨ᠎ᠡ ᠴᠢᠬᠤᠯᠠ ᠶᠡᠭᠡ ᠠᠬᠢᠴᠠ ᠲᠠᠢ ᠪᠣᠯᠭᠠᠬᠤ᠂ ᠰᠢᠨ᠎ᠡ ᠴᠢᠬᠤᠯᠠ ᠶᠡᠭᠡ ᠰᠢᠪᠳᠤᠯᠤᠯᠳᠡ ᠶᠢ ᠪᠡᠶᠡᠯᠡᠬᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠢᠬᠡ ᠳᠤ ᠲᠡᠭᠡᠳᠤ ᠬᠡᠮᠵᠢᠶ᠎ᠡ ᠪᠠᠷ ᠴᠢᠬᠤᠯᠠᠴᠢᠯᠠᠨ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠠᠢ᠃ ᠡᠯ᠎ᠡ ᠱᠠᠳᠤᠨ ᠤ ᠨᠠᠮ  ᠤᠨ ᠬᠤᠷᠢᠶ᠎ᠠ ᠨᠤᠭᠤᠳ ᠲᠦᠪ ᠤᠨ ᠡᠯ᠎ᠡ ᠵᠦᠢᠯ ᠤᠨ ᠦᠭᠡᠷᠡᠴᠢᠯᠡᠯᠳᠡ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠪᠤᠯᠤᠨ ᠶᠡᠷᠤᠩᠬᠡᠢ ᠱᠦᠵᠢ ᠰᠢ ᠶᠢᠨ ᠫᠢᠩ ᠤᠨ ᠦᠭᠡᠷᠡᠴᠢᠯᠡᠯᠳᠡ ᠶᠢ ᠪᠦᠬᠦ ᠲᠠᠯ᠎ᠡ ᠪᠠᠷ ᠬᠦᠨᠵᠡᠬᠡᠶᠢᠷᠡᠬᠦᠯᠬᠦ ᠲᠤᠬᠠᠢ ᠠᠯᠢ ᠤᠯᠠᠨ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠤᠱᠯᠠᠭᠤᠯᠵᠥ᠂ ᠲᠦᠪ ᠤᠨ ᠵᠤᠷᠢᠭ ᠰᠠᠨᠠᠭ᠎ᠠ ᠶᠢ ᠬᠦᠢᠴᠡᠳ ᠤᠢᠢᠯᠠᠭᠠᠨ᠂ ᠵᠦᠪ ᠴᠢᠭᠯᠡᠯ ᠢ ᠡᠵᠡᠮᠰᠢᠵᠦ᠂ ᠦᠭᠡᠷᠡᠴᠢᠯᠡᠯᠳᠡ ᠶᠢᠨ ᠲᠤᠬᠠᠢ ᠬᠦᠨᠵᠡᠬᠡᠢ ᠪᠤᠳᠤᠯᠬᠢᠯᠡᠯ ᠪᠤᠯᠤᠨ ᠰᠢᠰᠲ᠋ᠧᠮ ᠲᠠᠢ ᠰᠦᠪᠡᠭᠴᠢᠯᠡᠯᠲᠡ ᠶᠢ ᠴᠢᠩᠭᠠᠳᠬᠠᠨ᠂ ᠦᠭᠡᠷᠡᠴᠢᠯᠡᠯᠳᠡ ᠶᠢ ᠨᠢᠬᠡᠳᠤᠯᠳᠡᠢ ᠲᠥᠯᠥᠪᠵᠢᠬᠦᠯᠥᠨ ᠵᠤᠬᠢᠴᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠶᠢ ᠴᠢᠩᠭᠠᠳᠬᠠᠵᠥ᠂ ᠦᠭᠡᠷᠡᠴᠢᠯᠡᠯᠳᠡ ᠶᠢᠨ ᠲᠤᠮᠳᠠ ᠲᠤᠯᠭᠠᠷᠠᠭᠰᠠᠠ ᠲᠤᠪᠤᠶᠢᠮ᠎ᠡ ᠵᠦᠷᠢᠴᠡᠯ ᠪᠤᠯᠤᠨ ᠠᠰᠠᠭᠤᠳᠠᠯ ᠢ ᠴᠢᠷᠮᠠᠶᠢᠨ ᠰᠢᠢᠳᠪᠤᠷᠢᠯᠡᠵᠥ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠤᠨ ᠦᠷᠬᠦᠯᠵᠢᠯᠡᠨ ᠬᠦᠨᠵᠡᠬᠡᠶᠢᠷᠡᠨ ᠠᠬᠢᠬᠤ ᠶᠢ ᠦᠨᠡᠨᠬᠦ ᠪᠠᠳᠤᠯᠠᠬᠤ ᠬᠡᠷᠡᠭᠲᠡᠢ᠃ ᠡᠯ᠎ᠡ ᠱᠠᠳᠤᠨ ᠤ ᠦᠭᠡᠷᠡᠴᠢᠯᠡᠯᠳᠡ ᠶᠢᠨ ᠤᠳᠤᠷᠢᠳᠬᠤ ᠲᠤᠭᠤᠢᠢᠯᠠᠩ ᠤᠳ ᠦᠭᠡᠷᠡᠴᠢᠯᠡᠯᠳᠡ ᠶᠢᠨ ᠰᠢᠰᠲ᠋ᠧᠮᠳᠤ ᠴᠢᠨᠠᠷ᠂ ᠪᠦᠬᠦᠯᠢ ᠴᠤᠭᠴᠠᠳᠤ ᠴᠢᠨᠠᠷ᠂ ᠵᠤᠬᠢᠴᠠᠩᠭᠤᠢ ᠴᠢᠨᠠᠷ ᠢ ᠨᠡᠩ ᠢᠯᠡᠬᠦᠤ ᠠᠩᠬᠠᠷᠴᠦ᠂ ᠦᠭᠡᠷᠡᠴᠢᠯᠡᠯᠳᠡ ᠶᠢᠨ ᠠᠵᠢᠯ ᠢ ᠰᠠᠶᠢᠳᠤᠷ ᠰᠦᠪᠡᠭᠴᠢᠯᠡᠨ ᠠᠬᠢᠭᠤᠯᠬᠤ ᠬᠡᠷᠡᠭᠲᠡᠢ᠃ ᠡᠯ᠎ᠡ ᠱᠠᠳᠤᠨ ᠤ ᠨᠠᠮ ᠤᠨ ᠬᠤᠷᠢᠶ᠎ᠠ ᠶᠢᠨ ᠱᠦᠵᠢ ᠨᠠᠷ ᠨᠢᠬᠡᠳᠤᠭᠡᠷ ᠬᠠᠷᠢᠭᠤᠴᠠᠯᠭ᠎ᠠ ᠡᠭᠦᠷᠭᠡᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ ᠬᠦᠴᠥᠨ ᠲᠡᠭᠦᠯᠳᠡᠷ ᠪᠦᠳᠦᠮᠵᠢᠳᠡᠢ ᠬᠦᠢᠴᠡᠳᠭᠡᠨ᠂ ᠬᠦᠷᠦᠯᠴᠡᠬᠦ᠋ᠢᠴᠡ ᠴᠠᠭ ᠪᠤᠯᠤᠨ ᠤᠶᠤᠨ ᠰᠠᠨᠠᠭ᠎ᠠ ᠪᠠᠷ ᠦᠭᠡᠷᠡᠴᠢᠯᠡᠯᠳᠡ ᠶᠢᠨ ᠠᠵᠢᠯ ᠢ ᠰᠤᠳᠤᠯᠤᠨ ᠠᠬᠢᠭᠤᠯᠵᠥ᠂ ᠨᠢᠬᠡ ᠱᠠᠳᠤ ᠨᠢ ᠨᠢᠬᠡ ᠱᠠᠳᠤ ᠪᠠᠨ ᠠᠳᠬᠤᠨ᠂ ᠱᠠᠳᠤ ᠱᠠᠳᠤ ᠪᠠᠷ ᠠᠳᠬᠤᠵᠥ᠂ ᠲᠡᠰ ᠲᠡᠰ ᠢᠶᠠᠷ ᠲᠠᠷᠤᠯᠳᠡ ᠦᠵᠡᠬᠦᠯᠤᠠ᠂ ᠬᠠᠷᠢᠭᠤᠴᠠᠯᠭ᠎ᠠ ᠶᠢ ᠱᠠᠳᠤ ᠲᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠭᠤᠤᠯᠳᠠᠯᠭ᠎ᠠ ᠶᠢ ᠲᠤᠪᠤᠶᠢᠯᠭᠠᠨ᠂ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠠᠵᠥ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠡᠨᠡᠬᠦ ︽ᠵᠠᠩᠭᠢᠯᠠᠭ᠎ᠠ︾᠎ ᠶᠢ ᠦᠨᠡᠨᠬᠦ ᠴᠢᠩᠭ᠎ᠠ ᠠᠳᠬᠤᠵᠥ᠂ ᠲᠤᠭᠳᠠᠭᠤᠨ ᠢᠶᠠᠷ ᠨᠡᠮᠡᠭᠳᠡᠬᠦᠯᠬᠦ᠂ ᠪᠦᠳᠦᠴᠡ ᠳᠤ ᠲᠤᠬᠢᠷᠠᠭᠤᠯᠤᠯᠳᠠ ᠬᠢᠬᠦ᠂ ᠠᠷᠠᠳ ᠲᠤ ᠠᠰᠢᠭ ᠬᠦᠷᠳᠡᠭᠡᠬᠦ᠂  ᠲᠦᠭᠰᠢᠬᠦᠷᠢ ᠶᠢ ᠰᠡᠷᠬᠡᠶᠢᠯᠡᠬᠦ ᠳᠤ ᠠᠰᠢᠭᠳᠠᠢ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠨᠦᠭᠦᠳ ᠢ ᠤᠷᠢᠳᠡᠪᠡᠷ ᠲᠤᠬᠢᠷᠠᠭᠤᠯᠬᠤ ᠶᠢ ᠪᠠᠷᠢᠮᠳᠠᠯᠠᠨ᠂ ᠵᠠᠰᠠᠭ ᠢ ᠴᠤᠮᠬᠠᠳᠬᠠᠵᠥ ᠡᠷᠬᠡ ᠶᠢ ᠳᠠᠯᠪᠢᠬᠤ᠂ ᠡᠳ᠋  ᠤᠨ ᠵᠠᠰᠠᠭ ᠭᠠᠶᠢᠯᠢ ᠮᠥᠩᠬᠦᠨ ᠭᠦᠢᠯᠭᠡᠭᠡᠨ᠂ ᠪᠡᠯᠡ ᠤᠷᠤᠭᠤᠯᠤᠯᠳᠠ ᠦᠨ᠎ᠡ ᠬᠠᠩᠰᠢ᠂ ᠤᠯᠤᠰ ᠤᠨ ᠦᠮᠴᠢᠯᠡᠯᠲᠦ ᠠᠵᠥ ᠠᠬᠤᠢᠢᠯᠠᠯ ᠤᠯᠤᠰ ᠤᠨ ᠦᠮᠴᠢᠯᠡᠯᠲᠦ ᠡᠳ᠋ ᠬᠦᠷᠦᠩᠭᠡ᠂ ᠮᠠᠯᠵᠢᠬᠤ ᠲᠠᠷᠢᠶᠠᠯᠠᠬᠤ ᠤᠷᠤᠨ᠂ ᠰᠢᠭᠤᠢᠢᠳᠤ ᠤᠷᠤᠨ ᠠᠳᠠᠷ ᠬᠠᠭᠠᠯᠪᠤᠷᠢᠯᠡᠯᠳᠡ ᠶᠢᠨ ᠤᠷᠤᠨ ᠵᠡᠷᠭᠡ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠦᠭᠡᠷᠡᠴᠢᠯᠡᠯᠳᠡ ᠶᠢ ᠭᠦᠨᠵᠡᠭᠡᠢ ᠲᠦᠯᠬᠢᠨ ᠠᠬᠢᠭᠤᠯᠵᠥ᠂ ᠶᠡᠷᠤᠩᠬᠡᠢ ᠱᠦᠵᠢ ᠶᠢᠨ ᠨᠠᠶᠢᠳᠠᠭᠰᠠᠠ ᠮᠠᠨ ᠤ ᠤᠷᠤᠨ ᠤ ᠤᠷᠢᠳᠡᠪᠡᠷ ᠬᠡᠷᠡᠭᠵᠢᠬᠦᠯᠵᠥ ᠤᠷᠢᠳᠡᠪᠡᠷ ᠲᠤᠷᠰᠢᠯᠳᠠ ᠬᠢᠬᠦ 3 ᠵᠦᠢᠯ ᠤᠨ ᠦᠭᠡᠷᠡᠴᠢᠯᠡᠯᠳᠡ ᠶᠢᠨ ᠡᠬᠦᠷᠬᠡ ᠶᠢ ᠶᠡᠬᠡᠬᠡᠨ ᠬᠦᠴᠦ ᠣᠷᠣᠭᠤᠯᠵᠦ ᠪᠠᠶᠢᠭᠠᠳ ᠰᠠᠶᠢᠳᠤᠷ ᠠᠳᠬᠤᠵᠥ᠂ ᠲᠦᠪ ᠠᠴᠠ ᠲᠤᠭᠳᠠᠭᠠᠭᠰᠠᠠ ᠴᠢᠬᠤᠯᠠ ᠶᠡᠭᠡ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠳᠤᠷ ᠠᠳᠬᠤᠬᠤ ᠬᠡᠷᠡᠭᠲᠡᠢ᠃ ᠭᠤᠷᠪᠠ ᠳᠤ ᠲᠡᠭᠡᠳᠤ ᠲᠤᠤᠷᠠᠳᠤ ᠱᠠᠳᠤ ᠪᠠᠷ ᠢᠶᠠᠨ ᠬᠤᠯᠪᠤᠭᠠᠯᠠᠵᠥ᠂ ᠪᠤᠳᠠᠲᠦ ᠦᠷ᠎ᠡ ᠪᠦᠳᠦᠮᠵᠢ ᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢᠨ ᠲᠦᠰᠦᠯ ᠤᠨ ᠠᠷᠭ᠎ᠠ ᠬᠡᠮᠵᠢᠶ᠎ᠡ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠪᠤᠯᠭᠠᠨ ᠠᠳᠬᠤᠵᠥ᠂ ᠦᠭᠡᠷᠡᠴᠢᠯᠡᠯᠳᠡ  ᠶᠢᠨ ᠠᠷᠭ᠎ᠠ ᠬᠡᠮᠵᠢᠶ᠎ᠡ ᠶᠢ ᠬᠡᠷᠡᠭᠵᠢᠬᠦᠯᠥᠭᠰᠡᠡ ᠦᠷ᠎ᠡ ᠪᠦᠳᠦᠮᠵᠢ ᠶᠢ ᠦᠨᠡᠯᠡᠬᠦ ᠰᠢᠰᠲ᠋ᠧᠮ ᠪᠤᠯᠤᠨ ᠦᠭᠡᠷᠡᠴᠢᠯᠡᠯᠳᠡ ᠶᠢᠨ ᠠᠵᠢᠯ ᠢ ᠬᠢᠨᠠᠨ ᠰᠢᠯᠭᠠᠵᠦ ᠬᠠᠷᠢᠭᠤᠴᠠᠯᠭ᠎ᠠ ᠨᠡᠬᠡᠮᠵᠢᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ᠱᠠᠲᠦ ᠲᠠᠪᠬᠤᠷᠭ᠎ᠠ ᠨᠢᠭᠡᠪᠥᠷᠢ ᠶᠢᠨ ᠬᠢᠨ ᠤ ᠦᠭᠡᠷᠡᠴᠢᠯᠡᠯᠳᠡ ᠶᠢᠨ ᠢᠳᠡᠪᠬᠢᠵᠢᠯ ᠢ ᠬᠦᠢᠴᠡᠳ ᠲᠠᠶᠢᠴᠢᠯᠠᠵᠥ᠂ ᠲᠡᠭᠡᠳᠤ ᠲᠤᠤᠷᠠᠳᠤ ᠱᠠᠳᠤ ᠪᠠᠷ ᠢᠶᠠᠨ ᠬᠤᠯᠪᠤᠭᠠᠯᠠᠭᠰᠠᠠ᠂ ᠨᠢᠬᠡ ᠴᠤᠭᠴᠠᠵᠢᠭᠤᠯᠤᠨ ᠠᠬᠢᠭᠤᠯᠤᠭᠰᠠᠠ ᠠᠵᠢᠯ ᠤᠨ ᠪᠠᠶᠢᠷᠢᠰᠢᠯ ᠢ ᠴᠢᠷᠮᠠᠶᠢᠨ ᠪᠣᠢ ᠪᠣᠯᠭᠠᠵᠦ᠂ ᠭᠤᠭᠴᠤᠭ᠎ᠠ ᠨᠢᠭᠡᠪᠥᠷᠢ ᠶᠢ ᠨᠢᠭᠲᠠ ᠵᠣᠯᠭᠠᠯᠳᠤᠭᠤᠯᠤᠨ᠂ ᠠᠯᠬᠤᠮ ᠨᠢᠭᠡᠪᠥᠷᠢ ᠶᠢ ᠠᠪᠴᠠᠯᠳᠤᠭᠤᠯᠵᠥ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠬᠳᠠᠷᠠᠭᠤᠯᠤᠨ ᠠᠳᠬᠤᠵᠥ᠂ ᠦᠨᠡᠨ ᠪᠤᠳᠠᠳᠠᠢ ᠠᠵᠢᠯᠯᠠᠵᠥ᠂ ᠡᠯ᠎ᠡ ᠵᠦᠢᠯ ᠤᠨ ᠦᠭᠡᠷᠡᠴᠢᠯᠡᠯᠳᠡ ᠶᠢᠨ ᠠᠵᠢᠯ ᠢ ᠴᠦᠮ ᠲᠠᠪᠰᠢᠯᠳᠠ ᠲᠠᠢ᠂ ᠪᠦᠳᠦᠮᠵᠢ ᠲᠠᠢ ᠪᠣᠯᠭᠠᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠪᠠᠶᠢᠬᠤ ᠬᠡᠷᠡᠭᠲᠠᠢ᠂ ᠤᠷᠤᠨ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠳᠤ ᠭᠡᠳ ᠦᠭᠡᠷᠡᠴᠢᠯᠡᠯᠲᠡ ᠶᠢ ᠭᠦᠨᠵᠡᠭᠡᠶᠢᠷᠡᠭᠦᠯᠥᠭᠰᠡᠨ ᠪᠠᠶᠢᠬᠤ ᠬᠡᠷᠡᠭᠲᠠᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ︽ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠡᠯᠲᠡ ᠶᠢᠨ ᠲᠤᠷᠰᠢᠯᠲᠠ ᠶᠢᠨ ᠴᠢᠭ᠋ ᠤᠨ ᠲᠦᠰᠦᠯ︾᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠶᠢ ᠨᠢᠭᠡ ᠴᠤᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ᠨᠢᠭᠡ ᠴᠤᠭᠴᠠᠵᠢᠭᠤᠯᠤᠨ ᠬᠢᠨᠠᠨ ᠬᠦᠢᠴᠡᠳᠭᠡᠵᠤ᠂ ᠬᠠᠤᠯᠢ ᠴᠠᠭᠠᠵᠠ ᠶᠢᠨ ᠪᠠᠶᠢᠭᠤᠯᠤᠯ ᠬᠢᠭᠡᠳ ᠨᠡᠶᠢᠭᠡᠮ ᠤᠨ ᠪᠠᠶᠢᠭᠤᠯᠤᠯ ᠤᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠳᠤᠲᠤᠭᠠᠲᠤ ᠬᠠᠷᠢᠴᠠᠭ᠎ᠠ ᠶᠢ ᠠᠳᠬᠤᠬᠤ ᠶᠢ ᠠᠩᠬᠠᠷᠴᠤ᠂ ᠲᠦᠷᠦ ᠶᠢᠨ ᠪᠤᠳᠤᠯᠭ᠎ᠠ ᠶᠢ ᠨᠢᠭᠡᠳᠤᠯᠲᠠᠢ ᠲᠦᠯᠦᠪᠯᠡᠬᠦ᠂ ᠲᠦᠰᠦᠯ ᠢᠶᠠᠨ ᠨᠢᠭᠡᠳᠤᠯᠲᠠᠢ ᠲᠦᠯᠦᠪᠯᠡᠬᠦ᠂ ᠬᠦᠴᠦᠨ ᠴᠢᠳᠠᠯ ᠢᠶᠠᠨ ᠨᠢᠭᠡᠳᠤᠯᠲᠠᠢ ᠲᠦᠯᠦᠪᠯᠡᠬᠦ᠂ ᠠᠬᠢᠴᠠ ᠶᠢ ᠨᠢᠭᠡᠳᠤᠯᠲᠠᠢ ᠲᠦᠯᠦᠪᠯᠡᠬᠦ ᠶᠢ ᠦᠨᠡᠨᠬᠦ ᠰᠠᠶᠢᠲᠤᠷ ᠠᠳᠬᠤᠵᠤ᠂ ᠡᠯ᠎ᠡ ᠵᠦᠢᠯ ᠤᠨ ᠦᠭᠡᠷᠡᠴᠢᠯᠡᠯᠲᠡ ᠶᠢᠨ ᠡᠭᠦᠷᠭᠡ ᠬᠠᠷᠢᠯᠴᠠᠨ ᠵᠣᠬᠢᠴᠠᠭᠰᠠᠨ᠂ ᠦᠭᠡᠷᠡᠴᠢᠯᠡᠯᠲᠡ ᠶᠢᠨ ᠶᠠᠪᠤᠴᠠ ᠶᠢᠨ ᠡᠮᠦᠨ᠎ᠡ ᠬᠤᠶᠢᠨᠠᠬᠢ ᠨᠢ ᠠᠪᠴᠠᠯᠳᠤᠬᠰᠠᠨ᠂ ᠦᠬᠡᠷᠡᠴᠢᠯᠡᠯᠲᠡ ᠶᠢᠨ ᠦᠷ᠎ᠡ ᠪᠦᠲᠦᠭᠡᠯ ᠬᠠᠷᠢᠯᠴᠠᠨ ᠢᠵᠢ ᠪᠦᠷᠢᠳᠥᠭᠰᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠠᠢ ᠭᠡᠵᠦ ᠴᠢᠬᠤᠯᠠᠴᠢᠯᠠᠪᠠ᠃      ᠬᠤᠷᠠᠯ ᠠᠴᠠ᠂ ᠴᠠᠭ ᠢᠶᠠᠨ ᠲᠦᠪᠯᠡᠷᠡᠬᠦᠯᠵᠥ ᠪᠠᠶᠢᠭᠠᠳ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠠᠵᠢᠯ ᠦᠷᠨᠢᠬᠦᠯᠵᠥ᠂ ᠡᠯ᠎ᠡ ᠲᠤᠰᠬᠠᠢ ᠲᠤᠭᠤᠢᠢᠯᠠᠩ ᠪᠤᠯᠤᠨ ᠡᠯ᠎ᠡ ᠠᠶᠢᠮᠠᠭ ᠬᠤᠳᠠ ᠶᠢᠨ ᠬᠤᠯᠪᠤᠭᠳᠠᠯ ᠪᠦᠬᠦᠢ ᠬᠠᠷᠢᠭᠤᠴᠠᠵᠦ ᠪᠠᠶᠢᠭ᠎ᠠ ᠨᠦᠬᠦᠳ ᠢ ᠵᠤᠬᠢᠶᠠᠨ ᠪᠠᠶᠢᠭᠤᠯᠤᠨ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠬᠠᠢ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠦᠬᠦᠯᠡᠯᠳᠡ ᠶᠢ ᠬᠦᠨᠵᠡᠬᠡᠢ ᠰᠢᠰᠲ᠋ᠧᠮ ᠲᠠᠢ ᠰᠤᠷᠤᠯᠴᠠᠭᠤᠯᠵᠦ᠂ ᠦᠭᠡᠷᠡᠴᠢᠯᠡᠯᠳᠡ ᠶᠢ ᠪᠦᠬᠦ ᠲᠠᠯ᠎ᠡ ᠪᠠᠷ ᠬᠦᠨᠵᠡᠬᠡᠶᠢᠷᠡᠬᠦᠯᠬᠦ ᠲᠤᠬᠠᠢ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠬᠡᠢ ᠤᠢᠢᠯᠠᠭᠠᠨ ᠡᠵᠡᠮᠰᠢᠵᠥ᠂ ᠤᠨᠤᠯ ᠪᠤᠯᠤᠨ ᠦᠢᠯᠡᠳᠦᠯᠬᠡ ᠶᠢ ᠤᠶᠠᠯᠳᠤᠭᠤᠯᠬᠤ ᠲᠠᠯ᠎ᠠ ᠠᠴᠠ ᠦᠵᠡᠯ ᠰᠠᠨᠠᠭ᠎ᠠ ᠲᠠᠨᠢᠯᠳᠡ ᠪᠠᠨ ᠤᠯᠠᠮ ᠨᠢᠭᠡ ᠠᠯᠬᠤᠮ ᠬᠦᠨᠵᠡᠬᠡᠶᠢᠷᠡᠬᠦᠯᠥᠨ᠂ ᠡᠬᠦᠷᠬᠡ ᠪᠠ ᠠᠷᠭ᠎ᠠ ᠬᠡᠮᠵᠢᠶ᠎ᠡ ᠪᠠᠨ ᠲᠤᠳᠤᠷᠬᠠᠢᠢᠯᠠᠵᠥ᠂ ᠡᠯ᠎ᠡ ᠵᠦᠢᠯ ᠤᠨ ᠦᠭᠡᠷᠡᠴᠢᠯᠡᠯᠳᠡ ᠶᠢᠨ ᠵᠦᠪ ᠣᠨᠣᠪᠴᠢᠲᠠᠢ ᠡᠮᠬᠢ ᠵᠢᠷᠤᠮ ᠲᠠᠢ ᠪᠠᠷ ᠠᠬᠢᠬᠤ ᠶᠢ ᠦᠨᠡᠨᠬᠦ ᠪᠠᠳᠤᠯᠠᠬᠤ ᠬᠡᠷᠡᠭᠲᠡᠢ ᠭᠡᠵᠦ ᠲᠤᠭᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号