ᠪᠦᠬᠦ ᠣᠷᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/3/23
     ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠢᠶᠠᠷ ᠵᠦᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠎ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠤᠨ ᠬᠤᠷᠠᠯ ᠢ 2015 ᠣᠨ ᠤ 2 ᠳ᠋ᠤᠭᠠᠷ ᠰᠠᠷ᠎ᠠ ᠶᠢᠨ 8᠎ ᠤ ᠡᠳᠦᠷ ᠠᠴᠠ 9᠎ ᠤ ᠡᠳᠦᠷ  ᠪᠤᠯᠳᠠᠯ᠎ᠠ ᠬᠥᠬᠡᠬᠤᠲᠠ ᠶᠢᠨ ᠵᠢᠶᠦ᠋ᠨ ᠭᠠᠩ ᠪᠠᠭᠤᠳᠠᠯ ᠳᠤ ᠬᠤᠷᠠᠯᠳᠤᠭᠤᠯᠪᠠ᠃ ᠬᠤᠷᠠᠯ ᠤᠨ ᠭᠤᠣᠯ ᠡᠭᠦᠷᠭᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠥᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠ 2015 ᠣᠨ ᠤ ᠪᠥᠬᠦ ᠤᠯᠤᠰ᠂ ᠪᠥᠬᠦ ᠣᠷᠣᠨ ᠤ ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ 2014 ᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠭᠰᠡᠨ ᠠᠵᠢᠯ ᠢ ᠳ᠋ᠦᠩᠨᠡᠨ᠂ ᠣᠳᠣᠬᠠᠨ ᠳᠤ ᠣᠷᠣᠰᠢᠵᠦ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ 2015 ᠣᠨ ᠤ ᠪᠥᠬᠦ ᠣᠷᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠢ ᠪᠠᠶᠢᠷᠢᠯᠠᠭᠤᠯᠬᠤ ᠶᠠᠪᠤᠳᠠᠯ ᠪᠤᠯᠤᠨ᠎ᠠ᠃      ᠬᠤᠷᠠᠯ ᠳᠡᠭᠡᠷ᠎ᠡ ᠡᠩ ᠲᠡᠷᠢᠬᠦᠨ ᠳᠤ ᠥᠪᠡᠷᠲᠡᠭᠡᠨ ᠵᠠᠰᠠᠬᠤ ᠣᠷᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠲᠥᠪ ᠤᠨ ᠡᠷᠬᠢᠯᠡᠭᠴᠢ ᠴᠢᠶᠤᠤ ᠼᠦᠢ ᠯᠢᠩ ᠠᠴᠠ 2014 ᠣᠨ ᠤ ᠪᠥᠬᠦ ᠣᠷᠣᠨ ᠤ ᠠᠵᠢᠯ ᠤᠨ ᠪᠠᠶᠢᠳᠠᠯ ᠢ ᠨᠡᠪᠳᠡᠷᠡᠭᠦᠯᠬᠦ ᠶᠢᠨ ᠳᠠᠭᠠᠤ 2015 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠭᠤᠷᠢᠨ ᠪᠠᠶᠢᠴᠠᠭᠠᠭᠴᠢ ᠯᠦᠸᠧ ᠴᠢᠶᠠᠨ ᠶᠢᠩ ᠴᠢᠬᠤᠯᠡ ᠶᠠᠷᠢᠶ᠎ᠠ ᠲᠠᠯᠪᠢᠪᠠ᠂ ᠲᠤᠭᠤᠷᠢᠨ ᠪᠠᠶᠢᠴᠠᠭᠠᠭᠴᠢ ᠯᠦᠸᠧ ᠴᠢᠶᠠᠨ ᠶᠢᠩ ᠶᠡᠭᠤᠨ ᠤ ᠡᠮᠦᠨ᠎ᠡ 2014 ᠣᠨ ᠤ ᠪᠥᠬᠦ ᠣᠷᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠤᠨ ᠣᠯᠣᠭᠰᠠᠨ ᠦᠷ᠎ᠡ ᠪᠥᠲᠦᠮᠵᠢ ᠨᠢ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠢ ᠨᠤᠳᠠᠯᠠᠵᠦ᠂ ᠲᠡᠷᠡᠴᠢᠯᠡᠨ ᠳᠤᠤᠷᠠᠬᠢ ᠲᠠᠪᠤᠨ ᠲᠠᠯ᠎ᠠ ᠎ ᠪᠠᠷ ᠠᠵᠢᠯ ᠢᠶᠠᠨ ᠥᠷᠨᠢᠭᠦᠯᠵᠦ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ ᠪᠠ ᠰᠢᠨ᠎ᠡ ᠱᠠᠭᠠᠷᠳᠠᠯᠭ᠎ᠠ ᠯᠤᠭ᠎ᠠ ᠵᠣᠬᠢᠴᠠᠬᠤ ᠶᠢ ᠴᠢᠬᠤᠯᠠᠴᠢᠯᠠᠵᠠᠢ᠂ ᠲᠡᠷᠡ ᠴᠢᠬᠤᠯᠠᠴᠢᠯᠠᠬᠤ ᠳᠠᠭᠠᠨ ᠨᠢᠭᠡ ᠳᠤ ᠠᠵᠢᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠬᠦᠯᠬᠦ ᠬᠡᠷᠡᠭᠲᠠᠢ᠃ ᠬᠤᠶᠠᠷ ᠲᠤ ᠬᠤᠰᠢᠭᠤ᠂ ᠰᠢᠶᠠᠨ᠂ ᠲᠤᠭᠤᠷᠢᠭ ᠤᠨ ᠱᠠᠳᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠢ ᠨᠢ ᠴᠢᠩᠭ᠎ᠠ ᠠᠳᠬᠤᠬᠤ ᠬᠡᠷᠡᠭᠲᠠᠢ᠃ ᠭᠤᠷᠪᠠ ᠳᠤ᠂ ᠤᠬᠠᠭᠤᠯᠭ᠎ᠠ ᠪᠣᠯᠪᠠᠰᠤᠷᠠᠯ ᠤᠨ ᠠᠵᠢᠯ ᠢ ᠴᠢᠩᠭᠠᠳᠬᠠᠵᠤ᠂ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠤᠨ ᠲᠤᠭ᠎ᠠ ᠪᠠᠷᠢᠮᠲᠠ ᠶᠢᠨ ᠳᠤᠭᠳᠠᠭᠤᠨ ᠨᠡᠮᠡᠭᠳᠡᠯ ᠢ ᠪᠡᠶᠡᠯᠡᠬᠦᠯᠬᠦ ᠬᠡᠷᠡᠭᠲᠠᠢ᠃ ᠳᠥᠷᠪᠡ ᠳᠤ ᠣᠨ ᠤ ᠬᠢᠨᠠᠨ ᠰᠢᠯᠭᠠᠬᠤ ᠠᠵᠢᠯ ᠢ ᠬᠢᠨᠠᠮᠠᠭᠠᠢ ᠥᠷᠨᠢᠭᠦᠯᠵᠦ᠂ ᠡᠮ ᠤᠨ ᠮᠠᠭᠤ ᠤᠷᠪᠠᠯ ᠤᠨ ᠪᠠᠶᠢᠭᠤᠯᠤᠮᠵᠢ ᠪᠠ ᠬᠢᠨᠠᠨ ᠬᠡᠮᠵᠢᠬᠦ ᠠᠵᠢᠯ ᠤᠨ ᠲᠡᠩᠴᠡᠭᠦᠷᠢᠲᠡᠢ ᠬᠦᠭᠵᠢᠬᠦ ᠶᠢ ᠪᠡᠶᠡᠯᠡᠭᠦᠯᠦᠨ᠂ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ ᠬᠠᠷᠠᠯᠲᠠ ᠳᠤ ᠬᠦᠷᠦᠬᠦᠯᠬᠦ ᠬᠡᠷᠡᠭᠲᠠᠢ᠃ ᠲᠠᠪᠤ ᠳᠤ ᠠᠵᠢᠯ ᠢᠶᠠᠨ ᠯᠠᠪᠳᠠᠭᠤᠨ ᠥᠷᠨᠢᠭᠦᠯᠵᠦ᠂ ᠡᠮ ᠎ ᠤᠨ ᠮᠠᠭᠤ ᠤᠷᠪᠠᠯ ᠤᠨ ᠮᠡᠳᠡᠭᠦᠯᠦᠯᠲᠡ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠠᠢ ᠬᠡᠵᠡᠢ ᠃ ᠲᠡᠷᠡ ᠬᠠᠮᠤᠭ ᠤᠨ ᠰᠡᠭᠦᠯ ᠳᠤᠨᠢ 2015 ᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠴᠢᠬᠤᠯᠡ ᠵᠢᠭᠠᠪᠤᠷᠢ  ᠦᠭᠪᠡ  ᠃  ᠲᠡᠷᠡ ᠵᠢᠭᠠᠬᠤ ᠳᠠᠭᠠᠨ᠂ ᠨᠢᠭᠡ ᠳᠤ ᠬᠤᠷᠠᠯ ᠳᠤ ᠣᠷᠣᠯᠴᠠᠭᠰᠠᠳ ᠬᠤᠷᠠᠯ ᠤᠨ ᠳᠠᠷᠠᠭ᠎ᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠠᠭᠠᠨ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ 2015 ᠣᠨ ᠎ ᠤ ᠠᠵᠢᠯ ᠤᠨ ᠭᠤᠤᠯᠳᠠᠯᠭ᠎ᠠ ᠶᠢ ᠳᠠᠷᠤᠶᠢᠬᠠᠨ ᠬᠠᠷᠢᠭᠤ ᠮᠡᠳᠡᠭᠦᠯᠬᠦ ᠬᠡᠷᠡᠭᠲᠡᠢ᠃ ᠬᠤᠶᠠᠷ ᠲᠤ ᠡᠯ᠎ᠡ ᠲᠥᠪ ᠤᠨ ᠬᠢᠨ ᠡᠨᠡ ᠵᠢᠯ ᠤᠨ ᠠᠵᠢᠯ ᠤᠨ ᠡᠭᠦᠷᠭᠡ ᠶᠢ ᠦᠨᠳᠦᠰᠦᠯᠡᠵᠦ᠂ ᠪᠦᠬᠦ ᠵᠢᠯ ᠤᠨ ᠠᠵᠢᠯ ᠤᠨ ᠲᠥᠯᠥᠪᠯᠡᠭᠡ ᠪᠠ ᠤᠯᠠᠷᠢᠯ ᠪᠦᠷᠢ ᠶᠢᠨ ᠠᠵᠢᠯ ᠤᠨ ᠪᠠᠶᠢᠷᠢᠯᠠᠭᠤᠯᠤᠯᠳᠠ ᠶᠢ ᠪᠠᠭᠳᠠᠭᠠᠭᠰᠠᠨ ᠨᠠᠷᠢᠨ ᠨᠢᠭᠳᠠ ᠠᠵᠢᠯ ᠤᠨ ᠲᠥᠯᠥᠪᠯᠡᠭᠡ ᠶᠢ ᠰᠠᠶᠢᠲᠤᠷ ᠲᠤᠭᠳᠠᠭᠠᠬᠤ ᠬᠡᠷᠡᠭᠲᠠᠢ᠃ ᠭᠤᠷᠪᠠ ᠳᠤ ᠲᠤᠰᠬᠠᠢ ᠮᠡᠷᠭᠡᠵᠢᠯᠲᠡᠨ ᠤ ᠬᠥᠮᠦᠷᠭᠡ ᠪᠠᠶᠢᠭᠤᠯᠵᠤ᠂ ᠬᠠᠮᠢᠶ᠎ᠡ ᠪᠥᠬᠦᠢ ᠦᠨᠡᠯᠡᠯᠲᠡ ᠶᠢᠨ ᠠᠵᠢᠯ ᠢ ᠤᠯᠠᠷᠢᠯ ᠪᠦᠷᠢ ᠥᠷᠨᠢᠭᠦᠯᠵᠦ᠂ ᠡᠮ ᠤᠨ ᠮᠠᠭᠤ ᠤᠷᠪᠠᠯ ᠤᠨ ᠦᠨᠡᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠠᠢ᠃ ᠳᠥᠷᠪᠡ ᠳᠤ ᠱᠠᠭᠠᠷᠳᠠᠯᠭ᠎ᠠ ᠶᠣᠰᠤᠭᠠᠷ᠂ ᠲᠤᠰ ᠭᠠᠵᠠᠷ ᠣᠷᠣᠨ ᠤ ︽ᠥᠪᠡᠷᠲᠡᠭᠡᠨ ᠵᠠᠰᠠᠬᠤ ᠣᠷᠣᠨ ᠤ ᠡᠮ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠤᠨ ᠬᠢᠨᠠᠨ ᠰᠢᠯᠭᠠᠬᠤ ᠠᠷᠭ᠎ᠠ ᠪᠠ ᠦᠨᠡᠯᠡᠯᠲᠡ ᠶᠢᠨ ᠳᠦᠷᠢᠮ︾᠎ ᠢ ᠬᠡᠷᠡᠭᠵᠢᠭᠦᠯᠦᠭᠰᠡᠨ ᠲᠠᠯ᠎ᠠ ᠪᠠᠷ ᠥᠪᠡᠷ ᠢᠶᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ᠂ ᠱᠠᠭᠠᠷᠳᠠᠭᠰᠠᠨ ᠴᠠᠭ ᠤᠨ ᠬᠢᠵᠠᠭᠠᠷ ᠢᠶᠠᠷ ᠥᠪᠡᠷ ᠢᠶᠠᠨ ᠪᠠᠶᠢᠴᠠᠭᠠᠭᠰᠠᠨ ᠮᠡᠳᠡᠭᠦᠯᠦᠯᠲᠡ ᠪᠠᠨ ᠳᠡᠭᠡᠭᠰᠢ ᠮᠡᠳᠡᠭᠦᠯᠬᠦ ᠬᠡᠷᠡᠭᠲᠠᠢ᠃ ᠲᠠᠪᠤ ᠳᠤ ᠪᠤᠯᠪᠠᠰᠤᠷᠠᠭᠤᠯᠤᠯ ᠤᠨ ᠲᠥᠯᠥᠪᠯᠡᠭᠡ ᠪᠠᠨ ᠰᠠᠶᠢᠲᠤᠷ ᠬᠢᠵᠦ᠂ ᠰᠤᠷᠤᠯᠴᠠᠭᠤᠯᠬᠤ ᠪᠤᠯᠪᠠᠰᠤᠷᠠᠭᠤᠯᠬᠤ ᠠᠵᠢᠯ ᠢ ᠴᠢᠩᠭᠠᠳᠬᠠᠬᠤ ᠬᠡᠷᠡᠭᠲᠠᠢ᠂ ᠰᠤᠷᠤᠯᠴᠠᠭᠤᠯᠬᠤ ᠪᠠ ᠪᠣᠯᠪᠠᠰᠤᠷᠠᠭᠤᠯᠬᠤ ᠪᠣᠯ ᠠᠯᠢᠪᠠ ᠠᠵᠢᠯ ᠤᠨ ᠰᠠᠭᠤᠷᠢ ᠪᠤᠯᠬᠤᠷ᠂ ᠬᠤᠰᠢᠭᠤ᠂ ᠰᠢᠶᠠᠨ᠂ ᠲᠤᠭᠤᠷᠢᠭ ᠪᠠ ᠦᠨᠳᠦᠰᠦᠨ ᠱᠠᠲᠤᠨ ᠤ ᠡᠮ ᠡᠮᠨᠡᠯᠬᠡ ᠶᠢᠨ ᠪᠠᠶᠢᠭᠤᠯᠤᠮᠵᠢ ᠶᠢᠨ ᠪᠤᠯᠪᠠᠰᠤᠷᠠᠭᠤᠯᠤᠯ ᠪᠣᠯᠣᠨ ᠲᠤᠬᠠᠢ ᠶᠢᠨ ᠲᠠᠯᠠᠪᠤᠷ ᠲᠤᠨᠢ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠠᠵᠢᠯ ᠢ ᠰᠠᠶᠢᠲᠤᠷ ᠠᠳᠬᠤᠬᠤ ᠬᠡᠷᠡᠭᠲᠠᠢ᠃ ᠵᠢᠷᠭᠤᠭ᠎ᠠ ᠳᠤ ᠤᠯᠤᠰ ᠤᠨ ᠭᠤᠣᠯᠳᠠᠯᠭ᠎ᠠ ᠲᠠᠢ ᠬᠢᠨᠠᠨ ᠬᠡᠮᠵᠢᠬᠦ ᠲᠥᠷᠥᠯ ᠵᠦᠢᠯ ᠪᠤᠯᠬᠤ ᠶᠠᠰᠤ ᠵᠠᠯᠭᠠᠬᠤ ᠱᠤᠷᠠᠭ ᠬᠠᠳᠠᠭᠠᠰᠤ ᠶᠢ ᠳᠡᠭᠡᠭᠰᠢ ᠮᠡᠳᠡᠭᠦᠯᠬᠦ ᠪᠠᠶᠢᠳᠠᠯ ᠠᠨᠠᠢ ᠪᠠᠶᠢᠵᠦ᠂ ᠭᠤᠣᠯᠳᠠᠯᠭ᠎ᠠ ᠲᠠᠢ ᠬᠢᠨᠠᠨ ᠬᠡᠮᠵᠢᠬᠦ ᠨᠢᠭᠡᠴᠡ ᠳᠤ ᠪᠠᠰᠠ ᠬᠤᠭᠤᠴᠠᠭ᠎ᠠ ᠶᠣᠰᠤᠭᠠᠷ ᠳᠡᠭᠡᠭᠰᠢ ᠮᠡᠳᠡᠭᠦᠯᠬᠦ ᠦᠭᠡᠢ ᠪᠠᠶᠢᠬᠤ ᠪᠠᠶᠢᠳᠠᠯ ᠣᠷᠣᠰᠢᠵᠤ ᠪᠣᠢ᠂ ᠥᠪᠡᠷᠲᠡᠭᠡᠨ ᠵᠠᠰᠠᠬᠤ ᠣᠷᠣᠨ ᠤ ᠲᠤᠪᠴᠢᠶ᠎ᠠ ᠲᠥᠪ ᠤᠨ ᠤᠳᠤᠷᠢᠳᠤᠯᠭ᠎ᠠ ᠨᠢᠭᠡᠨᠲᠡ ᠡᠯ᠎ᠡ ᠬᠢᠨᠠᠨ ᠬᠡᠮᠵᠢᠬᠦ ᠴᠢᠭ᠋ ᠲᠤ ᠬᠦᠷᠴᠦ ᠪᠣᠯᠪᠠᠰᠤᠷᠠᠭᠤᠯᠤᠭᠰᠠᠨ ᠪᠠ ᠲᠤᠬᠠᠢ ᠶᠢᠨ ᠲᠠᠯᠠᠪᠤᠷ ᠲᠤᠨᠢ ᠰᠢᠮᠳᠠᠭᠤᠯᠤᠨ ᠪᠠᠶᠢᠴᠠᠭᠠᠪᠠ᠂ ᠡᠯ᠎ᠡ ᠠᠶᠢᠮᠠᠭ ᠬᠤᠲᠠ ᠴᠤ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰ ᠬᠠᠷᠢᠶᠠᠲᠤ ᠣᠷᠣᠨ ᠤ ᠪᠠᠨ ᠬᠢᠨᠠᠨ ᠬᠡᠮᠵᠢᠬᠦ ᠴᠢᠭ᠋ ᠢ ᠰᠢᠮᠳᠠᠭᠤᠯᠤᠨ ᠬᠠᠷᠢᠭᠤᠴᠠᠯᠭ᠎ᠠ ᠪᠠᠨ ᠲᠥᠷᠭᠡᠨ ᠭᠦᠢᠴᠡᠳᠭᠡᠵᠦ᠂ ᠬᠠᠮᠢᠶ᠎ᠠ ᠪᠥᠬᠦᠢ ᠲᠤᠭ᠎ᠠ ᠪᠠᠷᠢᠮᠲᠡ ᠶᠢ ᠳᠡᠭᠡᠭᠰᠢ ᠮᠡᠳᠡᠭᠦᠯᠬᠦ ᠬᠡᠷᠡᠭᠲᠠᠢ᠃ ᠳᠤᠯᠤᠭ᠎ᠠ ᠳᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠪᠡᠯᠡ ᠮᠥᠩᠭᠦ ᠪᠠᠨ ᠵᠣᠬᠢᠰᠲᠠᠢ ᠬᠡᠷᠡᠭᠯᠡᠬᠦ ᠬᠡᠷᠡᠭᠲᠠᠢ ᠬᠡᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号