ᠦᠪᠦᠷ ᠮᠤᠩᠭᠤᠯ ᠤᠨ ᠠᠯᠪᠠᠲᠠᠨ ᠰᠢᠯᠭᠠᠵᠦ ᠡᠯᠰᠡᠬᠦ ᠦᠨᠦᠳᠦᠷ ᠠᠴᠠ ᠡᠬᠢᠯᠡᠵᠦ ᠨᠡᠷ᠎ᠡ ᠮᠡᠳᠡᠭᠦᠯᠥᠨ᠎ᠡ  3882 ᠬᠦᠮᠥᠨ ᠡᠯᠰᠡᠬᠦ ᠪᠠᠷ ᠲᠦᠯᠥᠪᠯᠡᠵᠦ ᠪᠣᠢ
ᠨᠡᠶᠢᠲᠡᠯᠡᠭᠰᠡᠨ ᠴᠠᠭ᠄
2015/3/25
     ᠪᠦᠬᠦ ᠤᠷᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠬᠢᠭᠡᠳ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠦ ᠪᠦᠬᠦᠢ ᠨᠢᠭᠡᠴᠡ ᠶᠢᠨ 2015 ᠤᠨ ᠤ ᠠᠯᠪᠠᠲᠠᠨ ᠪᠠ ᠠᠵᠢᠯᠲᠠᠨ ᠰᠢᠯᠭᠠᠵᠦ ᠡᠯᠰᠡᠬᠦ ᠶᠠᠪᠤᠳᠠᠯ 3 ᠳ᠋ᠤᠭᠠᠷ ᠰᠠᠷ᠎ᠠ ᠶᠢᠨ 20᠎ ᠤ ᠡᠳᠦᠷ ᠠᠴᠠ ᠡᠬᠢᠯᠡᠨ ᠨᠡᠷ᠎ᠡ ᠮᠡᠳᠡᠭᠦᠯᠪᠡ᠂ ᠨᠡᠶᠢᠭᠡᠮ ᠳᠤ ᠬᠠᠨᠳᠤᠭᠤᠯᠤᠨ ᠠᠯᠪᠠᠲᠠᠨ ᠪᠠ ᠠᠵᠢᠯᠲᠠᠨ 3882 ᠬᠦᠮᠥᠨ ᠡᠯᠰᠡᠬᠦ ᠪᠠᠷ ᠲᠦᠯᠥᠪᠯᠡᠵᠦ ᠪᠠᠶᠢᠭ᠎ᠠ ᠪᠦᠭᠡᠳ 3 ᠳ᠋ᠤᠭᠠᠷ ᠰᠠᠷ᠎ᠠ ᠶᠢᠨ 27᠎ ᠤ ᠡᠳᠦᠷ ᠪᠤᠯᠲᠠᠯ᠎ᠠ ᠨᠡᠷ᠎ᠡ ᠮᠡᠳᠡᠭᠦᠯᠬᠦ ᠪᠣᠯᠤᠨ᠎ᠠ᠃ ᠲᠤᠰ ᠤᠳᠠᠭᠠᠨ ᠤ ᠰᠢᠯᠭᠠᠨ ᠡᠯᠰᠡᠬᠦ ᠳᠤ᠂ ᠵᠠᠷᠢᠮ ᠲᠤᠰᠢᠶᠠᠯ ᠤᠨ ᠪᠠᠶᠢᠷᠢ ᠳᠤ ᠦᠢᠯᠡᠴᠢᠯᠡᠬᠦ ᠬᠤᠭᠤᠴᠠᠭ᠎ᠠ ᠨᠢ ᠳᠦᠭᠦᠷᠥᠭᠰᠡᠨ ︵ᠦᠢᠯᠡᠴᠢᠯᠡᠬᠦ ᠨᠢ ᠠᠳᠠᠭ ᠲᠠᠭᠠᠨ 2 ᠵᠢᠯ ᠳᠦᠭᠦᠷᠥᠭᠰᠡᠨ︶ ᠮᠦᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠦᠨᠳᠦᠰᠦᠨ ᠱᠠᠲᠤᠨ ᠳᠤ ᠦᠢᠯᠡᠴᠢᠯᠡᠬᠦ ᠲᠦᠷᠦᠯ ᠵᠦᠢᠯ ᠤᠨ ᠬᠦᠮᠥᠰ ᠪᠣᠯᠣᠨ ᠴᠡᠷᠢᠭ ᠤᠨ ᠠᠯᠪᠠ ᠠᠴᠠ ᠪᠠᠭᠤᠭᠰᠠᠨ ᠣᠶᠤᠲᠠᠨ ᠢ ᠬᠠᠨᠳᠤᠯᠭ᠎ᠠ ᠲᠠᠢ ᠪᠠᠷ ᠡᠯᠰᠡᠵᠦ᠂ ᠵᠠᠷᠢᠮ ᠲᠤᠰᠢᠶᠠᠯ ᠤᠨ ᠪᠠᠶᠢᠷᠢ ᠳᠤ《 ᠮᠤᠩᠭᠤᠯ ᠬᠢᠲᠠᠳ ᠬᠡᠯᠡ ᠳᠤ ᠨᠡᠪᠲᠡᠷᠡᠭᠰᠡᠨ》 ᠬᠦᠮᠦᠰ ᠢ ᠬᠠᠨᠳᠤᠯᠭ᠎ᠠ ᠲᠠᠢ ᠡᠯᠰᠡᠨ᠎ᠡ᠃  ᠪᠦᠬᠦᠯᠢ 18 ᠨᠠᠰᠤ ᠠᠴᠠ ᠳᠡᠭᠡᠭᠰᠢ᠂  ᠪᠦᠬᠦᠯᠢ 35 ᠨᠠᠰᠤ ᠠᠴᠠ ᠳᠤᠷᠤᠭᠰᠢ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠶᠤᠯ ᠤᠨ ᠬᠢᠷᠢ ᠬᠡᠮᠵᠢᠶ᠎ᠡ ᠲᠠᠢ ᠦᠪᠦᠷ ᠮᠤᠩᠭᠤᠯ ᠤᠨ ᠡᠷᠦᠬᠡ ᠠᠮᠠ ᠶᠢᠨ ᠬᠠᠷᠢᠶ᠎ᠠ ︵ᠳᠡᠭᠡᠲᠤ ᠰᠤᠷᠭᠠᠭᠤᠯᠢ ᠳᠤ ᠰᠢᠯᠭᠠᠵᠦ ᠤᠷᠤᠬᠤ ᠠᠴᠠ ᠡᠮᠦᠨ᠎ᠡ ᠦᠪᠦᠷ ᠮᠤᠩᠭᠤᠯ ᠤᠨ ᠡᠷᠦᠬᠡ ᠠᠮᠠ ᠶᠢᠨ ᠬᠠᠷᠢᠶ᠎ᠠ ᠲᠠᠢ ᠨᠢ ᠪᠠᠭᠲᠠᠨ᠎ᠠ︶᠎ ᠲᠠᠢ ᠠᠷᠠᠳ ᠢᠷᠭᠡᠨ ᠴᠦᠮ ᠨᠡᠷ᠎ᠡ ᠮᠡᠳᠡᠭᠦᠯᠦᠨ ᠤᠷᠤᠯᠴᠠᠵᠤ ᠪᠤᠯᠤᠨ᠎ᠠ᠃ ᠦᠪᠦᠷ ᠮᠤᠩᠭᠤᠯ ᠤᠨ ᠡᠷᠦᠬᠡ ᠠᠮᠠ ᠶᠢᠨ ᠬᠠᠷᠢᠶ᠎ᠠ ᠦᠭᠡᠢ 4 ᠲᠦᠷᠦᠯ ᠤᠨ ᠬᠦᠮᠥᠰ ᠪᠠᠰᠠ ᠮᠡᠳᠡᠭᠦᠯᠦᠨ ᠰᠢᠯᠭᠠᠭᠤᠯᠵᠦ ᠪᠤᠯᠤᠨ᠎ᠠ᠄ ᠦᠪᠦᠷ ᠮᠤᠩᠭᠤᠯ ᠤᠨ ᠬᠠᠷᠢᠶ᠎ᠠ ᠪᠦᠬᠦᠢ ᠪᠦᠬᠦᠯᠢ ᠡᠳᠥᠷ ᠤᠨ ᠳᠦᠷᠢᠮᠲᠦ ᠡᠩ ᠤᠨ ᠳᠡᠭᠡᠲᠦ ᠰᠤᠷᠭᠠᠭᠤᠯᠢ ᠳᠤ ᠰᠤᠷᠤᠯᠴᠠᠭᠠᠳ ᠲᠡᠭᠦᠰᠦᠭᠰᠡᠨ ᠤ ᠳᠠᠷᠠᠭ᠎ᠠ ᠡᠷᠦᠬᠡ ᠠᠮᠠ ᠪᠠᠨ ᠮᠦᠨᠬᠦ ᠬᠠᠮᠲᠤ ᠶᠢᠨ ᠡᠷᠦᠬᠡ ᠠᠮᠠ ᠳᠤ ᠦᠯᠡᠳᠡᠭᠡᠵᠦ ᠪᠠᠶᠢᠭ᠎ᠠ︔ ᠡᠷᠦᠬᠡ ᠠᠮᠠ ᠶᠢᠨ ᠬᠠᠷᠢᠶ᠎ᠠ ᠬᠢᠭᠡᠳ ᠳᠠᠩᠰᠠ ᠡᠪᠬᠡᠮᠡᠯ ᠢᠶᠠᠨ ᠦᠪᠦᠷ ᠮᠤᠩᠭᠤᠯ ᠤᠨ ᠡᠯ᠎ᠡ ᠱᠠᠲᠤᠨ ᠤ ᠴᠢᠳᠠᠪᠤᠷᠢᠲᠠᠨ ᠤ ᠰᠤᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠦᠯᠡᠳᠡᠭᠡᠵᠦ ᠪᠠᠶᠢᠭ᠎ᠠ︔ ᠪᠦᠬᠦᠯᠢ ᠡᠳᠦᠷ ᠤᠨ ᠳᠦᠷᠢᠮᠲᠦ ᠮᠠᠭᠢᠰᠲ᠋ᠧᠷ ᠠᠴᠠ ᠳᠡᠭᠡᠭᠰᠢ ᠡᠷᠳᠡᠮ ᠤᠨ ᠴᠤᠯᠠ ᠬᠠᠮᠠᠭᠠᠯᠠᠬᠤ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠣᠯᠣᠭᠰᠠᠨ ︵2015 ᠤᠨ ᠤ 7 ᠳ᠋ᠤᠭᠠᠷ ᠰᠠᠷ᠎ᠠ ᠶᠢᠨ ᠰᠡᠭᠦᠯᠴᠢ ᠶᠢᠨ ᠡᠮᠦᠨ᠎ᠡ ᠲᠡᠭᠦᠰᠬᠦ ᠲᠤᠰ ᠬᠤᠭᠤᠴᠠᠭᠠᠨ ᠤ ᠮᠠᠬᠢᠰᠲ᠋ᠧᠷ ᠠᠴᠠ ᠳᠡᠭᠡᠭᠰᠢᠬᠢ ᠠᠰᠫᠢᠷᠠᠨᠲ᠂ ᠠᠵᠢᠯ ᠳᠤ ᠪᠠᠶᠢᠭ᠎ᠠ ᠰᠤᠷᠭᠠᠨ ᠬᠦᠮᠦᠵᠢᠯ ᠤᠨ ᠬᠢ ᠪᠠᠭᠲᠠᠬᠤ ᠦᠭᠡᠢ︶︔ ᠦᠪᠦᠷ ᠮᠤᠩᠭᠤᠯ ᠳᠠᠬᠢ ᠦᠢᠯᠡᠴᠢᠯᠡᠬᠦ ᠬᠤᠭᠤᠴᠠᠭ᠎ᠠ ᠨᠢ ᠳᠦᠭᠦᠷᠥᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠪᠦᠭᠡᠳ ᠲᠤᠭᠲᠠᠭᠰᠠᠨ ᠬᠤᠭᠤᠴᠠᠭᠠᠨ ᠳᠠᠬᠢ ᠦᠨᠳᠦᠰᠦᠨ ᠱᠠᠲᠤᠨ ᠳᠤ ᠦᠢᠯᠡᠴᠢᠯᠡᠬᠦ ᠲᠦᠷᠦᠯ ᠵᠦᠢᠯ ᠤᠨ ᠬᠦᠮᠥᠰ᠃ 2015 ᠤᠨ ᠤ ᠲᠤᠰ ᠬᠤᠭᠤᠴᠠᠭᠠᠨ ᠤ ᠲᠡᠭᠦᠰᠥᠭᠰᠡᠳ ᠢ ᠭᠠᠷᠭᠠᠪᠠᠯ᠂ ᠡᠯ᠎ᠡ ᠵᠦᠢᠯ ᠤᠨ ᠨᠦᠬᠦᠴᠡᠯ ᠢ ᠣᠯᠬᠤ ᠴᠠᠭ ᠨᠢ  ᠴᠦᠮ 2015 ᠤᠨ ᠤ 3 ᠳ᠋ᠤᠭᠠᠷ ᠰᠠᠷ᠎ᠠ ᠶᠢᠨ 20᠎ ᠤ ᠡᠳᠦᠷ ᠠᠴᠠ ᠡᠮᠦᠨ᠎ᠡ ᠪᠠᠶᠢᠬᠤ ᠬᠡᠷᠡᠭᠲᠠᠢ᠃ ᠰᠢᠯᠭᠠᠭᠤᠯᠤᠭᠰᠠᠳ ᠨᠢᠭᠡᠪᠥᠷᠢ ᠵᠦᠪᠬᠡᠨ ᠨᠢᠭᠡ ᠲᠤᠰᠢᠶᠠᠯ ᠤᠨ ᠪᠠᠶᠢᠷᠢ ᠳᠤ ᠮᠡᠳᠡᠭᠦᠯᠵᠤ ᠪᠤᠯᠤᠨ᠎ᠠ᠃ ᠨᠡᠷ᠎ᠡ ᠮᠡᠳᠡᠭᠦᠯᠬᠦ ᠶᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠦ᠂ ᠨᠡᠷ᠎ᠡ ᠮᠡᠳᠡᠭᠦᠯᠬᠦ ᠰᠦᠯᠵᠢᠶᠡᠨ ᠴᠢᠭ᠋ ᠨᠢ ᠦᠪᠦᠷ ᠮᠤᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶ᠎ᠡ ᠪᠣᠯᠤᠨ᠎ᠠ᠃ ᠲᠠᠷᠢᠶᠠᠯᠠᠬᠤ ᠮᠠᠯᠵᠢᠬᠤ ᠤᠷᠤᠨ ᠤ ᠣᠨᠴᠠ ᠬᠦᠴᠢᠷᠳᠡᠯᠲᠠᠢ ᠬᠡᠷ ᠪᠦᠯᠢ᠂ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ ᠬᠡᠷ ᠪᠦᠯᠢ ᠶᠢᠨ ᠮᠡᠳᠡᠭᠦᠯᠥᠨ ᠰᠢᠯᠭᠠᠭᠤᠯᠤᠭᠴᠢ ᠪᠣᠯ ᠬᠠᠮᠢᠶ᠎ᠠ ᠪᠦᠬᠦᠢ ᠬᠡᠷᠡᠴᠢ ᠪᠠᠷ ᠢᠶᠠᠨ ᠮᠡᠳᠡᠭᠦᠯᠥᠨ ᠰᠢᠯᠭᠠᠭᠤᠯᠬᠤ ᠰᠦᠢᠳᠭᠡᠯ ᠲᠤᠰᠢᠶᠠᠬᠤ ᠦᠭᠡᠢ ᠪᠠᠶᠢᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号