ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ᠂ ᠬᠤᠪᠢᠷᠠᠭᠤᠯᠬᠤ ᠶᠢ ᠬᠢᠨᠠᠨ ᠵᠦᠪᠰᠢᠶᠡᠷᠡᠬᠦ
ᠨᠡᠶᠢᠲᠡᠯᠡᠭᠰᠡᠨ ᠴᠠᠭ᠄
2015/4/15
     ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠨ ᠨᠡᠷᠡᠶᠢᠳᠦᠯ᠄ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ᠂ ᠬᠤᠪᠢᠷᠠᠭᠤᠯᠬᠤ ᠶᠢ ᠬᠢᠨᠠᠨ ᠵᠦᠪᠰᠢᠶᠡᠷᠡᠬᠦ      ᠲᠦᠷᠦᠯ ᠵᠦᠢᠯ ᠤᠨ ᠳ᠋ᠤᠭᠠᠷ᠄      ᠬᠠᠤᠯᠢ ᠳᠤ ᠲᠤᠭᠲᠠᠭᠠᠭᠰᠠᠨ ᠬᠡᠷᠡᠭᠵᠢᠬᠦᠯᠬᠦ ᠭᠤᠤᠯ ᠴᠤᠭᠴᠠ᠄ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ      ᠬᠠᠷᠢᠭᠤᠴᠠᠬᠤ ᠭᠠᠵᠠᠷ ᠭᠡᠷ᠄ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ      ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠨᠳᠦᠰᠦᠯᠡᠯ᠄《 ᠡᠵᠡᠩᠨᠡᠯᠲᠡ ᠶᠢᠨ ᠴᠢᠨᠠᠷᠲᠠᠢ ᠲᠤᠭᠯᠠᠯᠲᠠ ᠭᠠᠷᠭᠠᠬᠤ ᠬᠠᠮᠢᠶᠠᠷᠤᠯᠲᠠ ᠶᠢᠨ ᠳᠦᠷᠢᠮ》᠎ ᠤᠨ ᠳᠤᠯᠤᠳᠤᠭᠠᠷ ᠵᠦᠢᠯ᠂ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ      ᠲᠤᠭ᠎ᠠ ᠬᠡᠮᠵᠢᠶᠡᠨ ᠤ ᠬᠢᠵᠠᠭᠠᠷᠯᠠᠯ᠄ ᠦᠭᠡᠢ      ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠰᠦᠢᠳᠭᠡᠯ ᠬᠤᠷᠢᠶᠠᠬᠤ ᠦᠨᠳᠦᠰᠦᠯᠡᠯ᠄ ᠲᠤᠰ ᠵᠦᠪᠰᠢᠶᠡᠷᠡᠯ ᠳᠤ ᠰᠦᠢᠳᠭᠡᠯ ᠬᠤᠷᠢᠶᠠᠬᠤ ᠦᠭᠡᠢ      ᠵᠠᠰᠠᠭ ᠵᠠᠬᠢᠷᠭᠠᠨ ᠤ ᠵᠦᠪᠰᠢᠶᠡᠷᠡᠯ ᠤᠨ ᠬᠢᠨᠠᠨ ᠪᠠᠶᠢᠴᠠᠭᠠᠬᠤ ᠶᠡᠷᠦᠩᠭᠡᠢ ᠴᠠᠭ ᠤᠨ ᠬᠢᠵᠠᠭᠠᠷ᠄ 20 ᠠᠵᠢᠯᠯᠠᠬᠤ ᠡᠳᠦᠷ      ᠵᠠᠰᠠᠭ ᠵᠠᠬᠢᠷᠭᠠᠨ ᠤ ᠵᠦᠪᠰᠢᠶᠡᠷᠡᠯ ᠤᠨ ᠳᠡᠰ ᠳᠠᠷᠠᠭᠠᠯᠠᠯ᠄      ᠨᠢᠭᠡ᠂ ᠭᠤᠶᠤᠴᠢᠯᠠᠬᠤ      ︵ᠨᠢᠭᠡ︶ ᠭᠤᠶᠤᠴᠢᠯᠠᠬᠤ ᠨᠦᠬᠦᠴᠡᠯ᠄      1. ᠨᠢᠭᠡᠴᠡ ᠶᠢᠨ ᠨᠡᠷᠡᠶᠢᠳᠦᠯ ᠲᠠᠢ ᠪᠠᠶᠢᠬᠤ︔      2. ᠲᠤᠬᠢᠷᠠᠯᠴᠠᠭᠰᠠᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠲᠠᠢ ᠠᠵᠢᠯᠯᠠᠭᠴᠢᠳ ᠲᠠᠢ ᠪᠠᠶᠢᠬᠤ︔      3. ᠲᠤᠭᠲᠠᠮᠠᠯ ᠤᠷᠤᠨ ᠰᠠᠭᠤᠴᠠ ᠲᠠᠢ ᠪᠠᠶᠢᠬᠤ︔      4. ᠬᠦᠷᠢᠶ᠎ᠡ ᠬᠡᠪᠴᠢᠶ᠎ᠡ ᠯᠦᠭᠡ ᠲᠤᠬᠢᠷᠠᠯᠴᠠᠭᠰᠠᠨ ᠪᠡᠯᠡ ᠮᠦᠡᠭᠭᠦ ᠲᠠᠢ ᠪᠠᠶᠢᠬᠤ᠃      ︵ᠬᠤᠶᠠᠷ︶ ᠭᠤᠶᠤᠴᠢᠯᠠᠬᠤ ᠨᠦᠬᠦᠴᠡᠯ ᠤᠨ ᠦᠨᠳᠦᠰᠦᠯᠡᠯ᠄《 ᠡᠵᠡᠩᠨᠡᠯᠲᠡ ᠶᠢᠨ ᠴᠢᠨᠠᠷᠲᠠᠢ ᠲᠤᠭᠯᠠᠯᠲᠠ ᠭᠠᠷᠭᠠᠬᠤ ᠬᠠᠮᠢᠶᠠᠷᠤᠯᠲᠠ ᠶᠢᠨ ᠳᠦᠷᠢᠮ》᠎ ᠤᠨ ᠵᠢᠷᠭᠤᠳᠤᠭᠠᠷ ᠵᠦᠢᠯ᠃      ︵ᠭᠤᠷᠪᠠ︶ ᠭᠤᠶᠤᠴᠢᠯᠠᠬᠤ ᠠᠷᠭ᠎ᠠ  ᠄ ᠲᠤᠬᠠᠢ ᠶᠢᠨ ᠲᠠᠯᠠᠪᠤᠷ ᠲᠤ ᠭᠤᠶᠤᠴᠢᠯᠠᠨ᠎ᠠ᠃      ︵ᠳᠦᠷᠪᠡ︶ ᠭᠤᠶᠤᠴᠢᠯᠠᠬᠤ ᠮᠠᠲ᠋ᠧᠷᠢᠶᠠᠯ᠄      1. ᠭᠤᠶᠤᠴᠢᠯᠠᠯ ᠤᠨ ᠪᠢᠴᠢᠭ ︵ᠭᠤᠶᠤᠴᠢᠯᠠᠯ ᠤᠨ ᠪᠦᠷᠢᠳᠭᠡᠯ ᠤᠨ ᠬᠦᠰᠦᠨᠦᠭᠲᠦ ᠶᠢ ᠲᠤᠰ ᠲᠢᠩᠬᠢᠮ ᠤᠨ ᠰᠦᠯᠵᠢᠶᠠᠨ  ᠠᠴᠠ ᠪᠠᠭᠤᠯᠭᠠᠨ ᠬᠡᠷᠡᠭᠯᠡᠬᠦ ᠪᠠᠭᠳᠠᠨ᠎ᠠ︶︔      2. ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠶᠢᠨ ᠨᠡᠷᠡᠶᠢᠳᠦᠯ ᠢ ᠤᠷᠢᠳᠠ ᠬᠢᠨᠠᠨ ᠵᠦᠪᠰᠢᠶᠡᠷᠡᠭᠰᠡᠨ ᠮᠡᠳᠡᠭᠳᠡᠯ ᠪᠤᠶᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ︔      3. ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠪᠤᠶᠤ ᠭᠤᠤᠯ ᠬᠠᠷᠢᠭᠤᠴᠠᠯᠭᠠᠲᠠᠨ ᠤ ᠲᠤᠮᠢᠯᠠᠯᠲᠠ ᠶᠢᠨ ᠪᠢᠴᠢᠭ ᠮᠠᠲ᠋ᠧᠷᠢᠶᠠᠯ᠂ ᠲᠤᠪᠴᠢ ᠨᠠᠮᠲᠠᠷ᠂ ᠪᠡᠶ᠎ᠡ ᠶᠢᠨ ᠬᠡᠷᠡᠴᠢ︔      4. 3 ᠨᠡᠷ᠎ᠡ ᠠᠴᠠ ᠳᠡᠭᠡᠭᠰᠢᠬᠢ ᠲᠤᠰᠬᠠᠢ ᠲᠤᠭᠯᠠᠯᠲᠠ ᠵᠠᠭᠤᠴᠢᠯᠠᠬᠤ ᠠᠵᠢᠯᠲᠠᠨ ᠤ ᠬᠢᠷᠢ ᠭᠡᠮ ᠤᠨ ᠬᠡᠷᠡᠴᠢ ︵ᠡᠬᠡ ᠮᠠᠲ᠋ᠧᠷᠢᠶᠠᠯ᠂ ᠬᠠᠭᠤᠯᠪᠤᠷᠢ︶ ᠬᠢᠭᠡᠳ ᠺᠤᠮᠫᠠᠨᠢ ᠯᠤᠭ᠎ᠠ ᠲᠤᠭᠳᠠᠭᠰᠠᠨ ᠨᠢᠭᠡ ᠵᠢᠯ ᠠᠴᠠ ᠳᠡᠭᠡᠭᠰᠢᠬᠢ ᠬᠦᠳᠡᠯᠮᠦᠷᠢ ᠶᠢᠨ ᠬᠡᠷ᠎ᠡ᠂ ᠪᠠᠶ᠎ᠡ ᠶᠢᠨ ᠦᠨᠡᠮᠯᠡᠯ ᠤᠨ ᠬᠠᠭᠤᠯᠪᠤᠷᠢ︔      5. ᠬᠡᠷ ᠬᠦᠷᠦᠩᠭᠡ ᠶᠢᠨ ᠦᠨᠡᠮᠯᠡᠯ ᠪᠠ ᠬᠡᠷ ᠳᠦᠷᠢᠶᠡᠰᠦᠯᠡᠬᠦ ᠵᠦᠪᠯᠡᠯᠴᠡᠭᠡᠷ ᠤᠨ ᠬᠠᠭᠤᠯᠪᠤᠷᠢ︔      6. ᠪᠡᠯᠡ ᠮᠦᠡᠭᠭᠦ ᠶᠢᠨ ᠬᠡᠷᠡᠴᠢ ︵ᠬᠦᠷᠦᠩᠭᠡ ᠶᠢ ᠰᠢᠯᠭᠠᠬᠤ ᠮᠡᠳᠡᠭᠦᠯᠦᠯᠲᠡ ᠪᠤᠶᠤ ᠪᠡᠯᠡ ᠤᠷᠤᠭᠤᠯᠤᠭᠰᠠᠨ ᠳᠠᠩᠰᠠ ᠵᠡᠷᠭᠡ︶︔      7. ᠺᠤᠮᠫᠠᠨᠢ ᠶᠢᠨ ᠳᠦᠷᠢᠮ ᠲᠤᠭᠲᠠᠭᠠᠯ ᠬᠢᠭᠡᠳ ᠬᠠᠤᠯᠢ ᠴᠠᠭᠠᠵᠠ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃      ︵ᠲᠠᠪᠤ︶  ᠰᠠᠨᠠᠭᠤᠯᠤᠨ ᠴᠢᠬᠤᠯᠠᠴᠢᠯᠠᠬᠤ ᠨᠢ᠄      ᠭᠤᠶᠤᠴᠢᠯᠠᠭᠴᠢ ᠬᠤᠯᠪᠤᠭᠳᠠᠯ ᠪᠦᠬᠦᠢ ᠮᠠᠲ᠋ᠧᠷᠢᠶᠠᠯ ᠢ ᠦᠨᠡᠨ ᠪᠤᠳᠠᠲᠠᠢ ᠪᠠᠷ ᠨᠢ ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠲᠤ ᠬᠠᠷᠢᠭᠤᠴᠠᠨ᠎ᠠ᠂ ᠡᠰᠡ ᠲᠡᠭᠡᠪᠡᠯ ᠬᠠᠷᠢᠴᠠᠩᠭᠤᠢ ᠪᠦᠬᠦᠢ ᠬᠠᠤᠯᠢ ᠴᠠᠭᠠᠵᠠ ᠶᠢᠨ ᠦᠷ᠎ᠡ ᠳ᠋ᠦᠡᠭ ᠢ ᠡᠭᠦᠷᠭᠡᠯᠡᠨ᠎ᠡ᠃      ᠬᠤᠶᠠᠷ᠂ ᠬᠦᠯᠢᠶᠡᠨ ᠠᠪᠴᠤ ᠬᠦᠢᠴᠡᠳᠭᠡᠬᠦ᠂ ᠬᠢᠨᠠᠨ ᠪᠠᠶᠢᠴᠠᠭᠠᠬᠤ᠂ ᠲᠤᠭᠲᠠᠭᠠᠬᠤ ᠳᠤ ᠲᠤᠰ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ  ᠲᠡᠰ ᠳᠠᠷᠠᠭᠠᠯᠠᠯ ᠤᠨ ᠵᠢᠷᠤᠮᠵᠢᠯ ᠢᠶᠠᠷ ᠬᠡᠷᠡᠭᠵᠢᠬᠦᠯᠦᠨ᠎ᠡ᠃      ᠭᠤᠷᠪᠠ᠂ ᠬᠢᠨᠠᠨ ᠪᠠᠶᠢᠴᠠᠭᠠᠬᠤ ᠢᠯᠡᠴᠢᠯᠡᠬᠦ      ᠵᠦᠪᠰᠢᠶᠡᠷᠡᠬᠦᠯᠬᠦ ᠲᠦᠷᠦ ᠶᠢᠨ ᠪᠤᠳᠤᠯᠭ᠎ᠠ ᠶᠢᠨ ᠠᠰᠠᠭᠤᠨ ᠯᠠᠪᠯᠠᠬᠤ ᠤᠳᠠᠰᠤ᠄ 0471-6283666      ᠲᠤᠰ ᠨᠢᠭᠡᠴᠡ ᠶᠢᠨ ᠢᠯᠡᠴᠢᠯᠡᠬᠦ ᠬᠢᠨᠠᠯᠲᠠ ᠲᠠᠯᠪᠢᠬᠤ  ᠤᠳᠠᠰᠤ᠄ 0471-6968470
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号