ᠥᠪᠡᠷᠲᠡᠭᠡᠨ ᠵᠠᠰᠠᠬᠤ ᠣᠷᠣᠨ ᠤ ᠰᠢᠭᠤᠳ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠤᠪᠢᠷᠠᠯᠲᠠ ᠶᠢ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠭᠤᠯᠬᠤ
ᠨᠡᠶᠢᠲᠡᠯᠡᠭᠰᠡᠨ ᠴᠠᠭ᠄
2015/4/15
     ᠨᠢᠭᠡ᠂ ᠲᠦᠷᠦᠯ ᠵᠦᠢᠯ ᠤᠨ ᠳ᠋ᠤᠭᠠᠷᠯᠠᠯ᠄      ᠬᠤᠶᠠᠷ᠂ ᠦᠢᠯᠡᠴᠢᠯᠡᠭᠦᠯᠦᠭᠴᠢ᠄ ᠥᠪᠡᠷᠲᠡᠭᠡᠨ ᠵᠠᠰᠠᠬᠤ ᠣᠷᠣᠨ ᠤ ᠰᠢᠭᠤᠳ ᠠᠵᠢᠯ ᠦᠢᠯᠡᠰ ᠤᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ      ᠭᠤᠷᠪᠠ᠂ ᠬᠦᠯᠢᠶᠡᠨ ᠠᠪᠴᠤ ᠭᠦᠢᠴᠡᠳᠬᠡᠬᠦ ᠰᠠᠯᠠᠭ᠎ᠠ ᠮᠦᠴᠢᠷ᠄ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠶᠠᠪᠤᠳᠠᠯ ᠤᠨ ᠬᠠᠮᠢᠶᠠᠷᠣᠯᠲᠠ ᠶᠢᠨ ᠭᠠᠵᠠᠷ      ᠳᠥᠷᠪᠡ᠂ ᠬᠠᠶ᠋ᠢᠭ᠄ ᠬᠦᠬᠡᠬᠤᠲᠠ ᠶᠢᠨ ᠰᠢᠨᠬᠤᠸᠠ ᠶᠡᠭᠡ ᠵᠠᠭᠡᠯᠢ ᠶᠢᠨ 63 ᠳ᠋ᠤᠭᠠᠷ ᠨᠤᠮᠧᠷ ᠤᠨ6 ᠳ᠋ᠤᠭᠠᠷ ᠠᠰᠠᠷ ᠤᠨ529  ᠳ᠋ᠤᠭᠡᠷ ᠥᠷᠥᠭᠡ ︵ᠰᠢᠤᠳᠠᠨ ᠨᠣᠮᠧᠷ᠄ 010051︶      ᠲᠠᠪᠤ᠂ ᠬᠠᠷᠢᠯᠴᠠᠬᠤ ᠬᠥᠮᠥᠨ᠄ ᠡᠦ ᠹᠧᠩ      ᠵᠢᠷᠭᠤᠭ᠎ᠠ᠂ ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠤᠨ ᠬᠢᠵᠠᠭᠠᠷ᠄  ᠴᠠᠭ ᠤᠨ ᠬᠢᠵᠠᠭᠠᠷ ᠦᠭᠡᠢ      ᠳᠣᠯᠤᠭ᠎ᠠ᠂ ᠬᠠᠷᠢᠯᠴᠠᠬᠤ ᠤᠲᠠᠰᠤ᠄ 0471 — 6914907      ᠨᠠᠢᠮᠠ᠂ ᠠᠮᠠᠯᠠᠨ ᠭᠦᠢᠴᠡᠳᠬᠡᠬᠦ ᠴᠠᠭ ᠤᠨ ᠬᠢᠵᠠᠭᠠᠷ᠄ 5  ᠠᠵᠢᠯᠯᠠᠬᠤ ᠡᠳᠦᠷ      ᠶᠢᠰᠦ᠂ ᠰᠦᠢᠳᠬᠡᠯ ᠬᠤᠷᠢᠶᠠᠬᠤ ᠪᠠᠶᠢᠳᠠᠯ᠄ ᠰᠦᠢᠳᠬᠡᠯ ᠬᠤᠷᠢᠶᠠᠬᠤ ᠦᠭᠡᠢ      ᠠᠷᠪᠠ᠂ ᠬᠢᠨᠠᠯᠲᠠ ᠳᠠᠯᠪᠢᠬᠤ ᠵᠠᠭᠠᠯᠳᠤᠬᠤ ᠤᠳᠠᠰᠤ᠄ 0471 — 6968144      ᠠᠷᠪᠠᠨ ᠨᠢᠭᠡ᠂ ᠦᠨᠳᠦᠰᠦᠯᠡᠯ᠄ ︿︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢ ᠲᠤᠬᠢᠷᠠᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ  ﹀ ︵ᠥᠪᠥᠷ ᠠᠵᠢᠯᠳᠠᠨ ᠲᠠᠷᠬᠠᠭᠠᠭᠰᠠᠨ ﹇2007﹈ 131 ᠳ᠋ᠤᠭᠠᠷ ᠲᠣᠭᠠᠲᠤ︶  ᠤᠨ 40 ᠳ᠋ᠤᠭᠠᠷ  ᠵᠦᠢᠯ᠄ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠤ ᠠᠵᠢᠯᠲᠠᠨ ᠤᠷᠢᠨ ᠬᠡᠷᠡᠭᠯᠡᠬᠦ ᠠᠵᠢᠯ ᠳᠤ ᠳᠡᠰ ᠬᠤᠪᠢᠶᠠᠨ ᠪᠦᠷᠢᠳᠬᠡᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ ᠃ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠪᠠ ᠡᠯ᠎ᠡ ᠰᠠᠯᠠᠭ᠎ᠠ ᠮᠦᠴᠢᠷ ᠤᠨ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤᠷᠢᠨ ᠬᠡᠷᠡᠭᠯᠡᠬᠦ ︵ᠲᠤᠬᠢᠷᠠᠭᠤᠯᠬᠤ︶  ᠬᠠᠮᠢᠶᠠᠷᠬᠤ ᠠᠵᠢᠯ ᠤᠨ ᠪᠠᠶᠢᠷᠢ ᠶᠢᠨ ᠲᠠᠪᠤᠨ ᠳᠡᠰ ᠪᠠ ᠵᠢᠷᠭᠤᠭᠠᠨ ᠳᠡᠰ ᠤᠨ ᠠᠵᠢᠯᠲᠠᠨ᠂ ᠲᠤᠰᠬᠠᠢ ᠮᠡᠷᠭᠡᠵᠢᠯ ᠤᠨ ᠠᠷᠪᠠᠨ ᠳᠡᠰ ᠵᠢᠴᠢ  ᠲᠡᠭᠦᠨ ᠠᠴᠠ ᠳᠡᠭᠡᠭᠰᠢᠬᠢ᠂ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ ᠶᠢᠨ ᠭᠤᠷᠪᠠᠨ ᠳᠡᠰ ᠵᠢᠴᠢ ᠲᠡᠭᠦᠨ ᠠᠴᠠ ᠳᠡᠭᠡᠭᠰᠢᠬᠢ ᠬᠦᠮᠤᠰ ᠢ᠂ ᠺᠠᠲᠠᠷᠴᠤᠳ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠤᠭᠠᠷ ᠤᠷᠢᠨ ᠬᠡᠷᠡᠭᠯᠡᠬᠦ ᠭᠠᠷᠳᠠᠮ ᠢ ᠭᠦᠢᠴᠡᠳᠬᠡᠬᠦ ᠠᠴᠠ ᠪᠠᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠵᠢᠯᠳᠠᠨ ᠤ ᠶᠠᠪᠣᠳᠠᠯ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃       ︽ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ  ᠳᠤ ᠠᠵᠢᠯᠲᠠᠨ ᠤᠷᠢᠨ ᠬᠡᠷᠡᠭᠯᠡᠬᠦ  ᠶᠢ ᠭᠡᠷᠡᠭᠵᠢᠬᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠬᠠᠢ ᠮᠡᠳᠡᠭᠳᠡᠯ︾ ︵ᠥᠪᠥᠷ ᠠᠵᠢᠯᠳᠠᠨ ᠳᠠᠷᠬᠠᠭᠠᠭᠰᠠᠨ ﹇2010﹈ 190 ᠳ᠋ᠦ᠋ᠭᠡᠷ ᠲᠣᠭᠠᠲᠤ﹈ ᠶᠢᠨ ᠲᠠᠪᠤᠳᠤᠭᠠᠷ ᠵᠦᠢᠯ᠄ ᠡᠯ᠎ᠡ ᠨᠢᠭᠡᠴᠡ ᠤᠷᠢᠨ ᠬᠡᠷᠡᠭᠯᠡᠬᠦ ᠬᠥᠮᠥᠨ ᠢᠶᠠᠨ ᠲᠤᠭᠳᠠᠭᠠᠭᠰᠠᠨ ᠤ ᠰᠡᠭᠦᠯᠡᠷ᠂ ᠬᠡᠷᠡᠭᠴᠡᠭᠡ ᠪᠦᠬᠦᠢ ᠮᠠᠲ᠋ᠧᠷᠢᠶᠠᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ᠂  ᠵᠠᠰᠠᠭ ᠤᠨ ᠣᠷᠳᠣᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠵᠦᠪᠰᠢᠶᠡᠷᠡᠭᠦᠯᠦᠨ ᠪᠦᠷᠢᠳᠬᠡᠨ ᠳᠠᠩᠰᠠᠯᠠᠭᠤᠯᠤᠨ᠎ᠠ᠃      ᠠᠷᠪᠠᠨ ᠬᠤᠶᠠᠷ᠂ ᠬᠦᠯᠢᠶᠡᠨ ᠠᠪᠬᠤ ᠨᠥᠬᠦᠴᠡᠯ᠄      ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠡᠯ᠎ᠡ ᠰᠠᠯᠠᠭ᠎ᠠ ᠮᠦᠴᠢᠷ ᠤᠨ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠰᠢᠨ᠎ᠡ ᠪᠠᠷ ᠤᠷᠢᠬᠤ ᠠᠵᠢᠯ ᠤᠨ ᠪᠠᠶᠢᠷᠢ ᠪᠤᠶᠤ ᠬᠤᠪᠢᠷᠠᠭᠤᠯᠬᠤ ᠠᠵᠢᠯ ᠤᠨ ᠪᠠᠶᠢᠷᠢ ᠶᠢᠨ ᠵᠡᠷᠭᠡ ᠳᠡᠰ ᠨᠢ᠂ ᠠᠵᠢᠯ  ᠤᠨ ᠪᠠᠶᠢᠷᠢ ᠲᠣᠬᠢᠷᠠᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠢᠶᠠᠨ ᠬᠢᠨᠠᠨ ᠬᠠᠷᠭᠤᠭᠤᠯᠵᠦ ᠵᠦᠪᠰᠢᠶᠡᠷᠡᠭᠦᠯᠦᠭᠰᠡᠨ ᠪᠠᠶᠢᠬᠤ᠃      ᠠᠷᠪᠠᠨ ᠭᠤᠷᠪᠠ᠂ ᠭᠤᠶᠤᠴᠢᠯᠠᠬᠤ ᠮᠠᠲ᠋ᠧᠷᠢᠶᠠᠯ  ᠄      1.  ᠪᠠᠶᠢᠭᠤᠯᠭ᠎ᠠ ᠨᠢᠭᠡᠴᠡ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠤᠪᠢᠷᠠᠯᠲᠠ ᠶᠢᠨ ᠮᠡᠳᠡᠭᠦᠯᠦᠯᠲᠡ ᠵᠢᠴᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠷᠢ ᠶᠢᠨ ᠰᠠᠨᠠᠯ ᠤᠨ ᠮᠡᠳᠡᠭᠦᠯᠦᠯᠲᠡ︔      2. ︽ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠲᠤᠬᠢᠷᠠᠭᠤᠯᠤᠯᠲᠠ ᠪᠣᠯᠣᠨ ᠤᠷᠢᠨ ᠬᠡᠷᠡᠭᠯᠡᠬᠦ ᠪᠠᠶᠢᠳᠠᠯ ᠤᠨ ᠶᠡᠷᠦᠩᠭᠡᠢ ᠬᠦᠰᠦᠨᠦᠭᠲᠦ︾  ᠨᠢᠭᠡ ᠬᠡᠪ ᠤᠨ 3 ᠬᠤᠪᠢ︔      3. ︽ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠥᠮᠥᠰ    ᠢ ᠳᠠᠩᠰᠠᠯᠠᠭᠰᠠᠨ ᠨᠡᠷᠡᠰ ᠤᠨ ᠳᠠᠩᠰᠠ︾  ᠨᠢᠭᠡ ᠬᠡᠪ ᠤᠨ 3 ᠬᠤᠪᠢ︔      4. ︽ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠥᠮᠥᠰ ᠢ  ᠳᠠᠩᠰᠠᠯᠠᠭᠰᠠᠨ ᠨᠡᠷᠡᠰ ᠤᠨ ᠳᠠᠩᠰᠠ︾  ᠨᠢᠭᠡ  ᠬᠡᠪ ᠤᠨ 3 ᠬᠤᠪᠢ︔      5. ︽ᠠᠵᠢᠯ ᠦᠢᠯᠡᠰ ᠤᠨ ᠨᠢᠭᠡᠴᠡ ᠶᠢᠨ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠥᠮᠥᠰ ᠢ  ᠳᠠᠩᠰᠠᠯᠠᠭᠰᠠᠨ ᠨᠡᠷᠡᠰ ᠤᠨ ᠳᠠᠩᠰᠠ︾ ᠨᠢᠭᠡ ᠬᠡᠪ ᠤᠨ 3 ᠬᠤᠪᠢ︔      6. ︽ᠠᠵᠢᠯ ᠤᠨ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠥᠮᠥᠰ ᠢ  ᠳᠠᠩᠰᠠᠯᠠᠬᠤ ᠬᠦᠰᠦᠨᠦᠭᠲᠦ︾  ᠨᠢᠭᠡ  ᠬᠡᠪ ᠤᠨ 1 ᠬᠤᠪᠢ︔      7. ︽ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠥᠮᠥᠰ ᠢ  ᠳᠠᠩᠰᠠᠯᠠᠬᠤ ᠬᠦᠰᠦᠨᠦᠭᠲᠦ︾  ᠨᠢᠭᠡ ᠬᠡᠪ ᠤᠨ 1 ᠬᠤᠪᠢ︔      8.  ︽ᠠᠵᠢᠯ ᠦᠢᠯᠡᠰ ᠤᠨ ᠨᠢᠭᠡᠴᠡ ᠶᠢᠨ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ  ᠳᠤ ᠤᠷᠢᠨ ᠬᠡᠷᠡᠭᠯᠡᠬᠦ ᠬᠥᠮᠥᠰ ᠢ ᠳᠠᠩᠰᠠᠯᠠᠬᠤ  ᠬᠦᠰᠦᠨᠦᠭᠲᠦ︾  ᠨᠢᠭᠡ  ᠬᠡᠪ  ᠤᠨ1ᠬᠤᠪᠢ᠃      ᠠᠷᠪᠠᠨ ᠳᠥᠷᠪᠡ᠂ ᠭᠦᠢᠴᠡᠳᠬᠡᠬᠦ ᠴᠤᠪᠤᠷᠠᠯ᠄      1.ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠤᠪᠢᠷᠠᠯᠲᠠ ᠶᠢ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠭᠰᠠᠨ ᠮᠠᠲ᠋ᠧᠷᠢᠶᠠᠯ ᠢᠶᠠᠨ ᠳᠡᠭᠡᠭᠰᠢ ᠮᠡᠳᠡᠭᠦᠯᠦᠨ᠎ᠡ︔      2.ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠪᠦᠷᠢᠳᠬᠡᠨ ᠳᠠᠩᠰᠠᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号