ᠥᠪᠡᠷᠲᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠢ ᠠᠳᠠᠯ ᠦᠢᠯᠡᠰ ᠪᠣᠰᠬᠠᠬᠤ ᠬᠦᠷᠢᠶᠡᠯᠡᠩ ᠪᠠ ᠨᠡᠪᠴᠢᠭᠦᠯᠬᠦ ᠰᠠᠭᠤᠷᠢᠨ ᠭᠠᠵᠠᠷ ᠤᠨ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠲᠦᠷᠦᠯ ᠵᠦᠢᠯ ᠢ ᠭᠤᠶᠤᠴᠢᠯᠠᠬᠤ
ᠨᠡᠶᠢᠲᠡᠯᠡᠭᠰᠡᠨ ᠴᠠᠭ᠄
2015/4/16
     ᠦᠢᠯᠡᠴᠢᠯᠡᠭᠦᠯᠦᠭᠴᠢ᠄ ᠠᠷᠠᠳ ᠢᠷᠭᠡᠳ᠂ ᠬᠠᠤᠯᠢ ᠶᠢᠨ ᠡᠷᠬᠡᠲᠡᠨ ᠪᠣᠶᠤ ᠪᠤᠰᠤᠳ ᠵᠣᠬᠢᠶᠠᠨ ᠪᠠᠶᠢᠭᠤᠯᠤᠯᠲᠠ      ᠬᠦᠯᠢᠶᠡᠨ ᠠᠪᠴᠤ ᠭᠦᠢᠴᠡᠳᠬᠡᠬᠦ ᠰᠠᠯᠠᠭ᠎ᠠ ᠮᠦᠴᠢᠷ᠄ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠦᠢᠯᠡᠴᠢᠯᠡᠭᠡᠨ ᠤ ᠲᠣᠪᠴᠢᠶ᠎ᠠ ᠶᠢᠨ ᠪᠣᠯᠪᠠᠰᠤᠷᠠᠭᠤᠯᠤᠯ ᠤᠨ ᠭᠠᠵᠠᠷ      ᠬᠠᠶ᠋ᠢᠭ᠄ ᠬᠦᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ      ᠬᠠᠷᠢᠯᠴᠠᠬᠤ ᠬᠥᠮᠥᠨ᠄ ᠴᠧᠨ ᠢᠦᠢ      ᠬᠠᠣᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠤᠨ ᠬᠢᠵᠠᠭᠠᠷ᠄ 30 ᠠᠵᠢᠯᠯᠠᠬᠤ      ᠬᠠᠷᠢᠯᠴᠠᠬᠤ ᠤᠳᠠᠰᠤ᠄ 0471 — 6606282      ᠠᠮᠠᠯᠠᠨ ᠭᠦᠢᠴᠡᠳᠬᠡᠬᠦ ᠴᠠᠭ ᠤᠨ ᠬᠢᠵᠠᠭᠠᠷ᠄ 15 ᠠᠵᠢᠯᠯᠠᠬᠤ ᠡᠳᠦᠷ ᠤᠨ ᠲᠣᠲᠤᠷ᠎ᠠ ᠠᠩᠬᠠᠨ ᠤ ᠬᠢᠨᠠᠯᠲᠠ ᠶᠢ ᠪᠡᠶᠡᠯᠡᠭᠦᠯᠵᠦ᠂ 25 ᠠᠵᠢᠯᠯᠠᠬᠤ ᠡᠳᠦᠷ ᠤᠨ ᠲᠤᠳᠤᠷ᠎ᠠ ᠡᠳ᠋ ᠤᠨ ᠵᠠᠰᠠᠭ᠂ ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠢᠨ ᠬᠠᠮᠲᠤᠷᠠᠨ ᠵᠥᠪᠯᠡᠬᠦ ᠶᠢ ᠪᠡᠶᠡᠯᠡᠭᠦᠯᠵᠦ᠂ 30 ᠠᠵᠢᠯᠯᠠᠬᠤ ᠡᠳᠦᠷ ᠤᠨ ᠲᠤᠲᠤᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠦᠨ᠎ᠡ᠃      ᠰᠦᠢᠳᠬᠡᠯ ᠬᠤᠷᠢᠶᠠᠬᠤ ᠪᠠᠶᠢᠳᠠᠯ᠄  ᠰᠦᠢᠳᠬᠡᠯ ᠬᠤᠷᠢᠶᠠᠬᠤ ᠦᠭᠡᠢ      ᠦᠨᠳᠦᠰᠦᠯᠡᠯ᠄ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ﹀᠎ ᠶᠢ ᠳᠠᠷᠤᠮᠠᠯᠯᠠᠨ ᠲᠠᠷᠬᠠᠭᠠᠬᠤ ᠲᠣᠬᠠᠢ ᠮᠡᠳᠡᠭᠳᠡᠯ  ︾      ᠬᠦᠯᠢᠶᠡᠨ ᠠᠪᠬᠤ ᠨᠥᠬᠦᠴᠡᠯ᠄ ᠠᠶᠢᠮᠠᠭ ᠬᠤᠲᠠ ᠶᠢᠨ ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠮᠠᠭᠠᠳᠯᠠᠨ ᠲᠣᠭᠲᠠᠭᠠᠭᠰᠠᠨ ᠠᠶᠢᠮᠠᠭ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠴᠢᠨᠠᠷᠲᠠᠢ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ      ᠭᠤᠶᠤᠴᠢᠯᠠᠬᠤ ᠮᠠᠲ᠋ᠧᠷᠢᠶᠠᠯ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠳᠠᠯ ᠦᠢᠯᠡᠰ ᠪᠣᠰᠬᠠᠬᠤ ᠬᠦᠷᠢᠶᠡᠯᠡᠩ ︵ ᠠᠳᠠᠯ ᠦᠢᠯᠡᠰ ᠪᠣᠰᠬᠠᠬᠤ ᠶᠢ ᠨᠡᠪᠴᠢᠭᠦᠯᠬᠦ ᠰᠠᠭᠤᠷᠢᠨ ᠭᠠᠵᠠᠷ︶᠎ ᠢ ᠭᠤᠶᠤᠴᠢᠯᠠᠨ ᠮᠡᠳᠡᠭᠦᠯᠬᠦ ᠪᠢᠴᠢᠭ︾᠎ ᠢ ᠳᠠᠭᠯᠠᠵᠦ᠂ ᠭᠤᠶᠤᠴᠢᠯᠠᠨ ᠮᠡᠳᠡᠭᠦᠯᠬᠦ ᠪᠢᠴᠢᠭ ᠤᠨ ᠬᠠᠭᠤᠯᠪᠤᠷᠢ ᠨᠢ ᠬᠦᠴᠦᠨ ᠲᠠᠢ ᠪᠠᠶᠢᠬᠤ ᠪᠠ  ᠥᠪᠡᠷᠲᠡᠭᠡᠨ ᠵᠠᠰᠠᠬᠤ ᠤᠷᠤᠨ ᠤ ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶ᠎ᠡ ᠶᠢᠨ ᠲᠡᠷᠢᠭᠦᠨ ᠨᠢᠭᠤᠷ ᠤᠨ ︽ᠵᠠᠰᠠᠭ ᠤᠨ ᠣᠷᠳᠣᠨ ᠤ ᠮᠡᠳᠡᠭᠡ ᠵᠠᠩᠭᠢ ᠎ ᠶᠢ ᠢᠯᠡ ᠪᠣᠯᠭᠠᠬᠤ︾ ᠪᠣᠯᠣᠩ ᠠᠴᠠ ᠪᠠᠭᠤᠯᠭᠠᠵᠤ ᠪᠣᠯᠣᠨ᠎ᠠ᠃ ᠡᠭᠦᠨ ᠤ ᠬᠠᠮᠲᠤ ᠳᠣᠣᠷᠠᠬᠢ ᠮᠠᠲ᠋ᠧᠷᠢᠶᠠᠯ ᠢ ᠬᠠᠩᠭᠠᠨ᠎ᠠ᠄ ᠣᠷᠣᠵᠤ ᠰᠠᠭᠤᠭᠰᠠᠨ ᠪᠤᠳᠠᠳᠤ ᠴᠤᠭᠴᠠ ᠶᠢᠨ ᠬᠥᠭᠵᠢᠯᠲᠡ  ᠶᠢᠨ ᠪᠠᠶᠢᠳᠠᠯ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠵᠡᠷᠭᠡ ᠠᠵᠢᠯᠯᠠᠭᠠᠨ ᠤ ᠪᠠᠶᠢᠳᠠᠯ ᠤᠨ ᠮᠡᠳᠡᠭᠦᠯᠦᠯᠲᠡ︔ ᠬᠠᠮᠢᠶᠠᠷᠤᠯᠲᠠ ᠦᠢᠯᠡᠴᠢᠯᠡᠭᠡ ᠎ ᠠᠴᠠ ᠤᠬᠤᠷᠢᠨ ᠭᠠᠷᠬᠤ ᠲᠣᠭᠲᠠᠴᠠ ᠵᠡᠷᠭᠡ ᠠᠷᠭ᠎ᠠ ᠬᠡᠮᠵᠢᠶ᠎ᠡ︔ ᠠᠳᠠᠯ ᠦᠢᠯᠡᠰ ᠪᠣᠰᠬᠠᠬᠤ ᠶᠢ ᠵᠢᠯᠣᠭᠤᠳᠬᠤ ᠦᠢᠯᠡᠴᠢᠯᠡᠭᠴᠢ᠂ ᠦᠢᠯᠡᠴᠢᠯᠡᠭᠡ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠲᠠᠨ ᠤ ᠪᠠᠶᠢᠳᠠᠯ︔ ᠠᠳᠠᠯ ᠦᠢᠯᠡᠰ ᠪᠣᠰᠬᠠᠬᠤ ᠳᠤ ᠬᠠᠷᠠᠭᠠᠯᠵᠠᠯ ᠦᠵᠡᠭᠦᠯᠬᠦ ᠪᠢᠴᠢᠭ ᠮᠠᠲ᠋ᠧᠷᠢᠶᠠᠯ᠂ ᠪᠡᠯᠡ ᠮᠥᠩᠭᠦ  ᠎ ᠶᠢᠨ ᠲᠤᠬᠢᠷᠠᠭᠤᠯᠤᠯᠳᠠ ᠶᠢᠨ ᠪᠢᠴᠢᠭ ᠮᠠᠲ᠋ᠧᠷᠢᠶᠠᠯ᠂ ᠵᠠᠷᠤᠯᠭ᠎ᠠ ᠶᠢᠨ ᠭᠡᠷᠡᠴᠢ︔  ᠤᠷᠤᠵᠦ ᠰᠠᠭᠤᠭᠰᠠᠨ ᠠᠳᠠᠯ ᠦᠢᠯᠡᠰ ᠪᠣᠰᠬᠠᠬᠤ ᠪᠤᠳᠠᠳᠤ ᠴᠤᠭᠴᠠ ᠶᠢᠨ ᠨᠡᠷᠡᠰ ᠤᠨ ᠳᠠᠩᠰᠠ᠂ ᠠᠳᠠᠯ ᠦᠢᠯᠡᠰ ᠪᠣᠰᠬᠠᠬᠤ ᠪᠤᠳᠠᠳᠤ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠤᠭ ᠵᠦᠢᠯ ᠵᠢᠴᠢ ᠬᠠᠭᠤᠯᠪᠤᠷᠢ ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ  ᠎ ᠪᠠᠷ ᠲᠤᠭᠳᠠᠭᠠᠭᠰᠠᠨ ᠲᠦᠯᠦᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠵᠦᠢᠯ ᠵᠢᠴᠢ ᠬᠠᠭᠤᠯᠪᠤᠷᠢ︔ ᠭᠡᠷ ᠪᠠᠶᠢᠰᠢᠩ ᠭᠠᠵᠠᠷ ᠲᠠᠯᠠᠪᠤᠷ ᠤᠨ ᠦᠮᠴᠢᠯᠡᠬᠦ ᠡᠷᠬᠡ ᠶᠢᠨ ᠭᠡᠷᠡᠴᠢ᠂ ᠡᠵᠡᠩᠨᠡᠯᠲᠡ ᠶᠢᠨ ᠭᠠᠵᠠᠷ ᠲᠠᠯᠠᠪᠤᠷ ᠤᠨ ᠬᠠᠪᠲᠠᠭᠠᠢ ᠵᠢᠷᠤᠭ︔ ᠮᠠᠭᠠᠳᠯᠠᠨ ᠲᠣᠭᠲᠠᠭᠠᠬᠤ ᠵᠥᠪᠰᠢᠶᠡᠷᠡᠯ ᠤᠨ ᠬᠦᠰᠦᠨᠦᠭᠲᠦ ᠵᠡᠷᠭᠡ᠃       ᠭᠠᠷᠳᠠᠨ ᠬᠦᠢᠴᠡᠳᠭᠡᠬᠦ ᠴᠤᠪᠤᠷᠠᠯ᠄      1. ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠭᠤᠶᠤᠴᠢᠯᠠᠯ  ᠭᠠᠷᠭᠠᠨ᠎ᠠ︔      2. ᠪᠦᠷᠢᠳᠬᠡᠨ ᠬᠢᠨᠠᠨ ᠪᠠᠶᠢᠴᠠᠭᠠᠵᠤ᠂ ᠴᠢᠬᠤᠯᠠ ᠪᠢᠴᠢᠭ ᠮᠠᠲ᠋ᠧᠷᠢᠶᠠᠯ ᠨᠢ ᠪᠦᠷᠢᠨ ᠪᠤᠰᠤ ᠭᠤᠶᠤᠴᠢᠯᠠᠯ ᠢ   ᠪᠤᠴᠠᠭᠠᠬᠤ ᠶᠢᠨ ᠬᠠᠮᠲᠤ ᠳᠤᠳᠠᠭᠤ ᠵᠦᠢᠯᠡᠰ ᠢ ᠨᠢᠭᠡ ᠯᠡ ᠤᠳᠠᠭ᠎ᠠ ᠮᠡᠳᠡᠭᠳᠡᠵᠦ᠂ ᠭᠤᠶᠤᠴᠢᠯᠠᠭᠴᠢ ᠳᠤ ᠨᠥᠬᠦᠨ ᠪᠦᠷᠢᠳᠤᠭᠦᠯᠬᠦ ᠶᠢ ᠱᠠᠭᠠᠷᠳᠠᠨ᠎ᠠ︔              3. ᠬᠤᠭᠤᠴᠠᠭ᠎ᠠ ᠨᠢ  ᠳᠤᠯᠪᠠᠯ ᠢᠯᠡ ᠨᠡᠶᠢᠲᠡᠯᠡᠵᠦ᠂ ᠬᠢᠨᠠᠨ ᠲᠤᠭᠳᠠᠭᠠᠬᠤ ᠶᠢ ᠵᠣᠬᠢᠶᠠᠨ ᠪᠠᠶᠢᠭᠤᠯᠤᠨ᠎ᠠ᠃      
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号