ᠥᠪᠦᠷ ᠨᠠᠮ ᠠᠯᠪᠠᠨ ᠲᠠᠷᠬᠠᠭᠠᠭᠰᠠᠨ ﹇2014﹈ 47 ᠳ᠋ᠤᠭᠠᠷ | ᠲᠣᠭᠠᠳᠤ | 2014 ᠣᠨ ᠤ 12 ᠳ᠋ᠤᠭᠠᠷ ᠰᠠᠷ᠎ᠠ ᠶᠢᠨ | 31 ᠤ ᠡᠳᠦᠷ | | ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠵᠠᠰᠠᠭ ᠤᠨ ᠣᠷᠳᠤᠨ᠂ | ᠥᠪᠡᠷᠲᠡᠭᠡᠨ ᠵᠠᠰᠠᠬᠤ ᠣᠷᠤᠨ ᠤ ᠡᠯ᠎ᠡ ᠬᠡᠯᠲᠡᠰ᠂ ᠬᠤᠷᠢᠶ᠎ᠠ᠂ ᠠᠯᠪᠠᠨ ᠭᠡᠷ᠂ ᠲᠢᠩᠬᠢᠮ᠂ ᠲᠣᠪᠴᠢᠶ᠎ᠠ ᠪᠠ | ᠠᠷᠠᠳ ᠤᠨ ᠪᠦᠯᠬᠦᠮ ᠤᠳ ᠲᠤ᠄ | ︽ᠠᠷᠪᠢᠯᠠᠨ ᠭᠠᠮᠨᠠᠬᠤ ᠶᠢ ᠡᠷᠬᠢᠮᠯᠡᠨ ᠢᠳᠡᠭᠡᠨ ᠤ ᠪᠦᠷᠢᠯᠭᠡᠯ ᠢ ᠡᠰᠡᠷᠭᠦᠴᠡᠬᠦ ᠲᠤᠬᠠᠢ ᠬᠡᠷᠡᠭᠵᠢᠭᠦᠯᠬᠦ | ᠰᠠᠨᠠᠯ︾ ᠢ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠤᠳᠤᠷᠢᠳᠬᠤ | ᠨᠥᠬᠦᠳ ᠢᠶᠠᠷ ᠨᠢᠭᠡᠨᠲᠡ ᠵᠥᠪᠰᠢᠶᠡᠷᠡᠭᠦᠯᠦᠭᠡᠳ᠂ ᠡᠲᠦᠭᠡ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ | ᠪᠣᠲᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠠᠷᠪᠢᠯᠠᠨ ᠭᠠᠮᠨᠠᠬᠤ ᠶᠢ ᠡᠷᠬᠢᠮᠯᠡᠨ ᠢᠳᠡᠭᠡᠨ ᠤ | ᠪᠦᠷᠢᠯᠭᠡᠯ ᠢ ᠡᠰᠡᠷᠭᠦᠴᠡᠬᠦ ᠲᠤᠬᠠᠢ ᠬᠡᠷᠡᠭᠵᠢᠭᠦᠯᠬᠦ ᠰᠠᠨᠠᠯ | | ︽︿ᠠᠷᠪᠢᠯᠠᠨ ᠭᠠᠮᠨᠠᠬᠤ ᠶᠢ ᠡᠷᠬᠢᠮᠯᠡᠨ ᠢᠳᠡᠭᠡᠨ ᠤ ᠪᠦᠷᠢᠯᠭᠡᠯ ᠢ ᠡᠰᠡᠷᠭᠦᠴᠡᠬᠦ ᠲᠤᠬᠠᠢ ᠰᠠᠨᠠᠯ﹀ ᠢ | ᠲᠠᠷᠤᠮᠠᠯᠯᠠᠨ ᠶᠠᠪᠤᠭᠤᠯᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ | ᠲᠠᠷᠬᠠᠭᠠᠭᠰᠠᠨ ﹇2014﹈ 22 ᠳ᠋ᠤᠭᠠᠷ ᠲᠣᠭᠠᠳᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠢᠳᠡᠭᠡᠨ ᠤ ᠪᠦᠷᠢᠯᠭᠡᠯ ᠢ ᠡᠰᠡᠷᠭᠦᠴᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠤᠨ ᠤ ᠪᠣᠲᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠤ ᠬᠡᠷᠡᠭᠵᠢᠭᠦᠯᠬᠦ | ᠰᠠᠨᠠᠯ ᠢ ᠲᠤᠷᠠᠳᠪᠠ᠃ | ᠨᠢᠭᠡ᠂ ᠠᠯᠪᠠᠨ ᠶᠠᠪᠤᠳᠠᠯ ᠤᠨ ᠠᠵᠢᠯᠯᠠᠭ᠎ᠠ ᠳᠠᠬᠢ ᠬᠤᠭᠤᠯᠠ ᠤᠮᠳᠠᠭᠠᠨ ᠤ ᠬᠠᠮᠢᠶᠠᠷᠤᠯᠲᠠ ᠶᠢ ᠦᠨᠡᠨᠬᠦ | ᠴᠢᠩᠭᠠᠳᠬᠠᠬᠤ ᠬᠡᠷᠡᠭᠲᠠᠢ | ︵ᠨᠢᠭᠡ︶ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠥᠪ ᠪᠠ ᠥᠪᠡᠷᠲᠡᠭᠡᠨ ᠵᠠᠰᠠᠬᠤ ᠣᠷᠤᠨ ᠤ ᠬᠤᠯᠪᠤᠭᠳᠠᠯ | ᠪᠦᠬᠦᠢ ᠲᠣᠭᠲᠠᠭᠠᠯ ᠶᠣᠰᠤᠭᠠᠷ᠂ ᠠᠯᠪᠠᠨ ᠵᠣᠴᠢᠯᠠᠯᠭ᠎ᠠ᠂ ᠬᠤᠷᠠᠯ᠂ ᠪᠣᠯᠪᠠᠰᠤᠷᠠᠭᠤᠯᠤᠯ ᠵᠡᠷᠭᠡ ᠠᠯᠪᠠᠨ ᠶᠠᠪᠤᠳᠠᠯ ᠤᠨ | ᠠᠵᠢᠯᠯᠠᠭ᠎ᠠ ᠳᠠᠬᠢ ᠬᠤᠭᠤᠯᠠ ᠤᠮᠳᠠᠭᠠᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠡᠷᠡᠭᠲᠠᠢ᠃ ᠠᠯᠪᠠᠨ | ᠶᠠᠪᠤᠳᠠᠯ ᠤᠨ ᠠᠵᠢᠯᠯᠠᠭ᠎ᠠ ᠳᠠᠬᠢ ᠬᠤᠭᠤᠯᠠ ᠤᠮᠳᠠᠭᠠᠨ ᠢ ᠲᠣᠬᠢᠷᠠᠭᠤᠯᠬᠤ ᠳᠠᠭᠠᠨ ᠳᠦᠭᠦᠮ᠂ ᠡᠷᠡᠭᠦᠯ᠂ ᠭᠠᠮᠲᠠᠢ | ᠪᠠᠶᠢᠬᠤ ᠱᠠᠭᠠᠷᠲᠠᠯᠭ᠎ᠠ ᠶᠣᠰᠤᠭᠠᠷ᠂ ᠡᠩ ᠤᠨ ᠨᠣᠭᠤᠭ᠎ᠠ ᠪᠠ ᠡᠯ᠎ᠡ ᠭᠠᠵᠠᠷ ᠤᠨ ᠨᠡᠶᠢᠳᠡᠮ ᠬᠡᠷᠡᠭᠯᠡᠬᠦ ᠢᠳᠡᠭᠡᠨ ᠢᠶᠠᠷ | ᠭᠤᠣᠯᠯᠠᠭᠤᠯᠵᠤ᠂ ᠨᠣᠭᠤᠭ᠎ᠠ ᠪᠤᠳᠠᠭᠠᠨ ᠤ ᠲᠦᠷᠦᠯ ᠵᠦᠢᠯ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ | ᠲᠣᠬᠢᠷᠠᠭᠤᠯᠤᠨ᠂ ᠪᠠᠷᠢᠮᠵᠢᠶᠠᠵᠢᠭᠤᠯᠤᠭᠰᠠᠨ ᠳᠦᠭᠦᠮ ᠬᠤᠭᠤᠯᠠ ᠤᠮᠳᠠ ᠶᠢ ᠢᠳᠡᠪᠬᠢᠲᠠᠢ ᠲᠦᠯᠬᠢᠨ ᠠᠬᠢᠭᠤᠯᠵᠤ᠂ | ᠵᠠᠷᠴᠢᠮ ᠳᠡᠭᠡᠷ᠎ᠡ ᠪᠠᠨ ᠳᠤᠷ᠎ᠠ ᠶᠢᠨ ᠬᠤᠭᠤᠯᠠ ᠶᠢ ᠬᠡᠷᠡᠭᠵᠢᠭᠦᠯᠬᠦ ᠬᠡᠷᠡᠭᠲᠠᠢ᠃ ᠳᠡᠭᠡᠳᠦ ᠳᠡᠰ ᠤᠨ ᠵᠠᠭᠤᠰᠢ ᠨᠣᠭᠤᠭ᠎ᠠ | ᠪᠣᠯᠤᠨ ᠬᠡᠭᠡᠷ᠎ᠡ ᠶᠢᠨ ᠬᠠᠮᠠᠭᠠᠯᠠᠯᠲᠠ ᠶᠢᠨ ᠠᠮᠢᠲᠠᠨ ᠢᠶᠠᠷ ᠬᠢᠭᠰᠡᠨ ᠵᠠᠭᠤᠰᠢ ᠨᠣᠭᠤᠭ᠎ᠠ ᠶᠢ ᠬᠠᠩᠭᠠᠵᠤ ᠪᠣᠯᠬᠤ ᠦᠭᠡᠢ᠂ | ᠲᠠᠮᠠᠬᠢ ᠪᠣᠯᠤᠨ ᠳᠡᠭᠡᠲᠦ ᠳᠡᠰ ᠤᠨ ᠠᠷᠢᠬᠢ ᠤᠮᠳᠠᠭᠠᠨ ᠬᠠᠩᠭᠠᠵᠤ ᠪᠣᠯᠬᠤ ᠦᠭᠡᠢ᠂ ᠬᠤᠪᠢ ᠬᠦᠮᠦᠨ ᠤ | ᠴᠤᠭᠯᠠᠭᠠᠨ ᠤ ᠭᠠᠵᠠᠷ᠂ ᠦᠨᠡᠲᠡᠢ ᠬᠡᠷᠡᠭᠯᠡᠭᠡᠨ ᠤ ᠬᠤᠭᠤᠯᠠ ᠤᠮᠳᠠᠭᠠᠨ ᠤ ᠲᠠᠯᠠᠪᠤᠷ ᠢ ᠬᠡᠷᠡᠭᠯᠡᠵᠦ ᠪᠣᠯᠬᠤ ᠦᠭᠡᠢ᠂ | ᠬᠤᠷᠠᠯ᠂ ᠪᠣᠯᠪᠠᠰᠤᠷᠠᠭᠤᠯᠤᠯ ᠵᠡᠷᠭᠡ ᠶᠢᠨ ᠨᠡᠷ᠎ᠡ ᠪᠠᠷ ᠳᠠᠶᠢᠯᠠᠯᠭ᠎ᠠ ᠶᠢᠨ ᠠᠵᠢᠯᠯᠠᠭ᠎ᠠ ᠵᠣᠬᠢᠶᠠᠨ ᠪᠠᠶᠢᠭᠤᠯᠬᠤ ᠶᠢ ᠡᠷᠡᠰ | ᠴᠠᠭᠠᠵᠠᠯᠠᠬᠤ ᠬᠡᠷᠡᠭᠲᠠᠢ᠃ | ︵ᠬᠤᠶᠠᠷ︶ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠤᠯᠤᠰ ᠪᠠ ᠥᠪᠡᠷᠲᠡᠭᠡᠨ ᠵᠠᠰᠠᠬᠤ ᠣᠷᠤᠨ ᠤ ᠠᠯᠪᠠᠨ | ᠶᠠᠪᠤᠳᠠᠯ ᠤᠨ ᠠᠵᠢᠯᠯᠠᠭ᠎ᠠ ᠳᠠᠬᠢ ᠬᠤᠭᠤᠯᠠ ᠤᠮᠳᠠᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ | ᠴᠢᠩᠭ᠎ᠠ ᠬᠡᠷᠡᠭᠵᠢᠭᠦᠯᠬᠦ ᠬᠡᠷᠡᠭᠲᠠᠢ᠃ ᠠᠯᠪᠠᠨ ᠶᠠᠪᠤᠳᠠᠯ ᠤᠨ ᠠᠵᠢᠯᠯᠠᠭ᠎ᠠ ᠳᠠᠬᠢ ᠬᠤᠭᠤᠯᠠ ᠤᠮᠳᠠᠭᠠᠨ ᠤ | ᠵᠠᠷᠤᠯᠭ᠎ᠠ ᠶᠢᠨ ᠪᠠᠷᠢᠮᠵᠢᠶᠠᠨ ᠳᠤ ᠠᠯᠪᠠᠨ ᠵᠣᠴᠢᠯᠠᠯᠭ᠎ᠠ᠂ ᠵᠠᠮ ᠤᠨ ᠵᠠᠷᠤᠳᠠᠯ᠂ ᠬᠤᠷᠠᠯ ᠤᠨ ᠬᠠᠮᠢᠶᠠᠷᠤᠯᠲᠠ ᠵᠡᠷᠭᠡ | ᠬᠤᠯᠪᠤᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠤ᠂ ᠵᠠᠷᠤᠳᠠᠯ ᠤᠨ ᠲᠥᠰᠦᠪ ᠤᠨ ᠶᠡᠷᠦᠩᠬᠡᠢ ᠲᠤᠭ᠎ᠠ ᠪᠠ | ᠵᠣᠴᠢᠯᠠᠯᠭ᠎ᠠ ᠶᠢᠨ ᠪᠠᠷᠢᠮᠵᠢᠶ᠎ᠠ ᠶᠢᠨ ᠬᠤᠣᠰ ᠡᠵᠡᠮᠲᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠵᠠᠷᠦᠳᠠᠯ ᠤᠨ | ᠲᠥᠰᠦᠪ ᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠬᠤ ᠬᠡᠷᠡᠭᠲᠠᠢ᠃ ᠠᠯᠪᠠᠨ ᠶᠠᠪᠤᠳᠠᠯ ᠤᠨ ᠠᠵᠢᠯᠯᠠᠭ᠎ᠠ ᠳᠠᠬᠢ | ᠬᠤᠭᠤᠯᠠ ᠤᠮᠳᠠᠭᠠᠨ ᠤ ᠵᠠᠷᠤᠳᠠᠯ ᠢ ᠥᠭᠬᠦ ᠳᠡᠭᠡᠨ ᠤᠯᠦᠰ ᠤᠨ ᠰᠠᠩ ᠠᠴᠠ ᠲᠥᠪᠯᠡᠷᠡᠩᠭᠦᠢ ᠵᠣᠭᠤᠰ ᠥᠭᠭᠦ ᠳᠦᠷᠢᠮ | ᠪᠠ ᠠᠯᠪᠠᠨ ᠶᠠᠪᠤᠳᠠᠯ ᠤᠨ ᠺᠠᠷᠲ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠣᠭᠲᠠᠭᠠᠯ ᠢ ᠴᠢᠩᠭ᠎ᠠ | ᠬᠡᠷᠡᠭᠵᠢᠭᠦᠯᠬᠦ ᠬᠡᠷᠡᠭᠲᠠᠢ᠃ ᠨᠠᠮ ᠵᠠᠰᠠᠭ ᠤᠨ ᠪᠠᠶᠢᠭᠤᠯᠭ᠎ᠠ ᠠᠴᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠪᠤᠶᠤ ᠬᠤᠪᠢ ᠬᠦᠮᠦᠨ ᠳᠤ ᠠᠯᠪᠠᠨ ᠶᠠᠪᠤᠳᠠᠯ ᠤᠨ ᠠᠵᠢᠯᠯᠠᠭ᠎ᠠ ᠶᠢᠨ ᠬᠤᠭᠤᠯᠠ ᠤᠮᠳᠠᠭᠠᠨ ᠤ ᠵᠠᠷᠤᠳᠠᠯ ᠢᠶᠠᠨ | ᠰᠢᠯᠵᠢᠭᠦᠯᠵᠦ ᠥᠭᠬᠦ ᠶᠢ ᠡᠷᠡᠰ ᠴᠠᠭᠠᠵᠠᠯᠠᠬᠤ ᠬᠡᠷᠡᠭᠲᠠᠢ᠃ ᠭᠠᠶᠢᠯᠢ ᠶᠢᠨ ᠪᠤᠰᠦ ᠣᠷᠤᠯᠭ᠎ᠠ ᠶᠢᠨ ᠳᠤᠮᠳᠠ ᠠᠴᠠ | ᠠᠯᠪᠠᠨ ᠵᠣᠴᠢᠯᠠᠯᠭ᠎ᠠ ᠶᠢᠨ ᠵᠠᠷᠤᠳᠠᠯ ᠢ ᠰᠢᠭᠤᠳ ᠭᠠᠷᠭᠠᠨ ᠬᠡᠷᠡᠭᠯᠡᠬᠦ ᠶᠢ ᠴᠠᠭᠠᠵᠠᠯᠠᠬᠤ ᠬᠡᠷᠡᠭᠲᠠᠢ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠦᠢᠴᠡᠳᠬᠡᠬᠦ | ᠬᠦᠷᠲᠡᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ | ᠬᠡᠷᠡᠭᠲᠠᠢ᠃ | ᠬᠤᠶᠠᠷ᠂ ᠨᠢᠭᠡᠴᠠ ᠶᠢᠨ ᠬᠤᠭᠤᠯᠠᠨ ᠭᠡᠷ ᠤᠨ ᠠᠷᠪᠢᠴᠢ ᠭᠠᠮᠲᠠᠢ ᠪᠠᠷ ᠬᠤᠭᠤᠯᠠᠯᠠᠬᠤ ᠶᠢ ᠶᠡᠬᠡᠪᠡᠷ | ᠲᠦᠯᠬᠢᠨ ᠠᠬᠢᠭᠤᠯᠬᠤ ᠬᠡᠷᠡᠭᠲᠠᠢ | ︵ᠭᠤᠷᠪᠠ︶ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠬᠢᠭᠡᠳ ᠤᠯᠤᠰ ᠤᠨ ᠥᠮᠴᠢᠯᠡᠯᠲᠦ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠬᠤᠭᠤᠯᠠᠨ ᠭᠡᠷ ᠤᠨ ᠠᠷᠪᠢᠯᠠᠨ ᠭᠠᠮᠨᠠᠬᠤ ᠠᠵᠢᠯ ᠢ ᠦᠨᠡᠨᠬᠦ | ᠰᠠᠶᠢᠲᠤᠷ ᠠᠳᠬᠤᠵᠤ᠂ ᠡᠷᠡᠭᠦᠯ᠂ ᠳᠦᠭᠦᠮ ᠪᠠᠶᠢᠬᠤ ᠵᠠᠷᠴᠢᠮ ᠶᠣᠰᠤᠭᠠᠷ᠂ ᠲᠣᠬᠢᠷᠠᠭᠤᠯᠭ᠎ᠠ ᠨᠢ ᠵᠣᠬᠢᠰᠲᠠᠢ᠂ | ᠢᠳᠡᠭᠡᠨ ᠨᠢ ᠲᠡᠩᠴᠡᠭᠦᠷᠢᠲᠡᠢ ᠵᠠᠭᠤᠰᠢ ᠬᠠᠭᠤᠷᠤᠯᠭ᠎ᠠ ᠶᠢᠨ ᠲᠥᠷᠦᠯ ᠵᠦᠢᠯ ᠢ ᠬᠠᠩᠭᠠᠬᠤ ᠬᠡᠷᠡᠭᠲᠠᠢ᠃ ᠨᠥᠭᠦᠴᠡᠯ | ᠪᠦᠷᠢᠳᠦᠭᠰᠡᠨ ᠨᠢᠭᠡᠴᠠ ᠶᠢᠨ ᠬᠤᠭᠤᠯᠠᠨ ᠭᠡᠷ ᠢ ᠵᠤᠷᠢᠬᠵᠢᠭᠤᠯᠵᠤ ᠳᠤᠷ᠎ᠠ ᠶᠢᠨ ᠬᠤᠭᠤᠯᠠ ᠵᠠᠬᠢᠶᠠᠯᠠᠨ ᠬᠡᠮᠵᠢᠶᠡᠯᠡᠵᠤ | ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠢᠳᠡᠭᠡᠨ ᠤ ᠬᠠᠩᠭᠠᠯᠭ᠎ᠠ ᠶᠢ ᠪᠠᠭ᠎ᠠ ᠬᠡᠮᠵᠢᠶ᠎ᠡ ᠪᠠᠷ ᠭᠤᠣᠯᠯᠠᠭᠤᠯᠤᠨ᠂ | ᠬᠤᠭᠤᠯᠠᠯᠠᠭᠴᠢ ᠶᠢᠨ ᠲᠣᠬᠢᠷᠠᠮᠵᠢᠲᠠᠢ ᠬᠡᠮᠵᠢᠶ᠎ᠡ ᠪᠠᠷ ᠰᠣᠩᠭᠤᠨ ᠠᠪᠬᠤ ᠳᠤ ᠳᠦᠭᠦᠮ ᠦᠵᠡᠭᠦᠯᠬᠦ ᠬᠡᠷᠡᠭᠲᠠᠢ᠃ | ᠬᠤᠭᠤᠯᠠᠨ ᠭᠡᠷ ᠤᠨ ᠬᠤᠭᠤᠯᠠᠯᠠᠭᠴᠢ ᠶᠢ ᠳᠠᠩᠰᠠᠯᠠᠬᠤ ᠳᠦᠷᠢᠮ ᠢ ᠪᠠᠶᠢᠭᠤᠯᠵᠦ᠂ ᠬᠦᠳᠡᠯᠦᠩᠭᠦᠢ ᠬᠠᠮᠢᠶᠠᠷᠤᠯᠲᠠ ᠶᠢ | ᠬᠡᠷᠡᠭᠵᠢᠭᠦᠯᠦᠨ᠂ ᠬᠤᠭᠤᠯᠠᠯᠠᠬᠤ ᠬᠦᠮᠦᠨ ᠤ ᠲᠤᠭ᠎ᠠ ᠶᠢ ᠦᠨᠳᠦᠰᠦᠯᠡᠨ ᠬᠤᠳᠠᠯᠳᠦᠨ ᠠᠪᠬᠤ᠂ ᠬᠤᠭᠤᠯᠠ ᠤᠮᠳᠠ | ᠬᠢᠬᠦ᠂ ᠬᠤᠭᠤᠯᠠ ᠤᠮᠳᠠ ᠲᠣᠬᠢᠷᠠᠭᠤᠯᠬᠤ ᠬᠡᠷᠡᠭᠲᠠᠢ᠃ ᠨᠢᠭᠡᠴᠠ ᠶᠢᠨ ᠬᠤᠭᠤᠯᠠᠨ ᠭᠡᠷ ᠤᠨ ᠦᠢᠯᠡᠴᠢᠯᠡᠭᠡᠨ ᠤ | ᠨᠡᠶᠢᠬᠡᠮᠴᠢᠯᠡᠯᠲᠡ ᠶᠢ ᠲᠦᠯᠬᠢᠨ ᠠᠬᠢᠭᠤᠯᠵᠤ᠂ ᠨᠢᠭᠡᠴᠠ ᠶᠢᠨ ᠬᠤᠭᠤᠯᠠᠨ ᠭᠡᠷ ᠢ ᠵᠤᠷᠢᠬᠵᠢᠭᠤᠯᠤᠨ ᠵᠣᠬᠢᠴᠠᠬᠤ ᠬᠢᠷᠢ | ᠬᠡᠮ ᠲᠠᠢ ᠢᠳᠡᠭᠡᠨ ᠤᠮᠳᠠᠭᠠᠨ ᠤ ᠺᠣᠮᠫᠠᠨᠢ ᠳᠤ ᠨᠠᠶᠢᠳᠠᠨ ᠪᠦᠲᠦᠭᠡᠭᠳᠡᠭᠦᠨ ᠪᠠ ᠬᠠᠭᠠᠰ ᠪᠦᠲᠦᠭᠡᠭᠳᠡᠭᠦᠨ ᠢ | ᠬᠠᠩᠭᠠᠯᠭᠠᠵᠤ᠂ ᠥᠪᠡᠷ ᠢᠶᠠᠨ ᠦᠢᠯᠡᠳᠬᠦ ᠢᠳᠡᠭᠡᠨ ᠢ ᠪᠠᠭᠠᠰᠬᠠᠬᠤ ᠬᠡᠷᠡᠭᠲᠠᠢ᠃ | ︵ᠳᠦᠷᠪᠡ︶ ᠨᠠᠮ ᠵᠠᠰᠠᠭ ᠤᠨ ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠤ ᠪᠦᠷᠢᠯᠭᠡᠯ ᠢ | ᠡᠰᠡᠷᠭᠦᠴᠡᠬᠦ ᠠᠵᠢᠯ ᠤᠨ ᠠᠮᠵᠢᠯᠲᠠ ᠪᠦᠲᠦᠮᠵᠢ ᠶᠢ ᠵᠢᠱᠢᠨ ᠦᠨᠡᠯᠡᠬᠦ ᠪᠠ ᠮᠡᠳᠡᠭᠡᠯᠡᠬᠦ ᠳᠦᠷᠢᠮ ᠢ ᠰᠤᠳᠤᠯᠤᠨ | ᠪᠠᠶᠢᠭᠤᠯᠵᠤ᠂ ᠬᠦᠨᠳᠦ ᠨᠣᠴᠢᠲᠠᠢ ᠪᠦᠷᠢᠯᠭᠡᠬᠦ ᠠᠵᠢᠯᠯᠠᠭ᠎ᠠ ᠣᠷᠤᠰᠢᠵᠦ ᠪᠠᠶᠢᠭ᠎ᠠ ᠨᠢᠭᠡᠴᠠ ᠶᠢ ᠮᠡᠳᠡᠭᠡᠯᠡᠬᠦ ᠶᠢᠨ ᠬᠠᠮᠲᠦ | ᠲᠡᠭᠦᠨ ᠢ ᠰᠢᠮᠳᠠᠭᠤᠯᠵᠦ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠲᠤᠰᠬᠠᠢ | ᠬᠦᠮᠦᠨ ᠢ ᠲᠣᠬᠢᠷᠠᠭᠤᠯᠤᠨ ᠬᠤᠭᠤᠯᠠᠨ ᠭᠡᠷ ᠢ ᠲᠣᠭᠤᠷᠢᠨ ᠪᠠᠶᠢᠴᠠᠭᠠᠬᠤ ᠶᠢ ᠬᠠᠷᠢᠭᠤᠴᠠᠭᠤᠯᠵᠤ᠂ ᠪᠦᠷᠢᠯᠭᠡᠬᠦ | ᠠᠵᠢᠯᠯᠠᠭ᠎ᠠ ᠪᠠᠶᠢᠪᠠᠯ ᠴᠠᠭ ᠲᠤᠬᠠᠢ ᠳᠤᠨᠢ ᠰᠢᠭᠦᠮᠵᠢᠯᠡᠨ ᠬᠦᠮᠦᠵᠢᠭᠦᠯᠬᠦ ᠬᠡᠷᠡᠭᠲᠠᠢ᠃ ᠰᠤᠷᠭᠠᠭᠤᠯᠢ᠂ ᠡᠮᠨᠡᠯᠭᠡ ᠶᠢᠨ | ᠬᠤᠷᠢᠶ᠎ᠠ᠂ ᠤᠯᠤᠰ ᠤᠨ ᠥᠮᠴᠢᠯᠡᠯᠲᠦ ᠠᠵᠦ ᠠᠬᠤᠶᠢᠯᠠᠯ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ | ᠠᠵᠦ ᠠᠬᠤᠶᠢᠯᠠᠯ ᠵᠡᠷᠭᠡ ᠶᠢᠨ ᠬᠤᠭᠤᠯᠠᠨ ᠭᠡᠷ ᠤᠨ ᠠᠷᠪᠢᠴᠢ ᠭᠠᠮᠲᠠᠢ ᠪᠠᠷ ᠬᠤᠭᠤᠯᠠᠯᠠᠬᠤ ᠳᠦᠷᠢᠮ ᠢ ᠲᠦᠷᠭᠡᠳᠬᠡᠨ | ᠪᠠᠶᠢᠭᠤᠯᠤᠨ ᠲᠡᠭᠦᠯᠳᠡᠷᠵᠢᠭᠦᠯᠬᠦ ᠶᠢ ᠵᠢᠯᠤᠭᠤᠳᠤᠨ ᠠᠬᠢᠭᠤᠯᠵᠦ᠂ ᠡᠯ᠎ᠡ ᠨᠢᠭᠡᠴᠠ ᠶᠢᠨ ᠬᠢᠨ ᠳᠣᠲᠤᠭᠠᠳᠤ ᠶᠢᠨ | ᠬᠤᠭᠤᠯᠠᠨ ᠭᠡᠷ ᠯᠤᠭ᠎ᠠ ᠪᠠᠨ ᠢᠲᠡᠭᠡᠨ ᠢ ᠠᠷᠪᠢᠯᠠᠬᠤ ᠬᠠᠷᠢᠭᠤᠴᠠᠯᠭᠠᠲᠤ ᠪᠢᠴᠢᠭ ᠲᠣᠭᠲᠠᠬᠤ ᠶᠢ ᠵᠤᠷᠢᠬᠵᠢᠭᠤᠯᠬᠤ | ᠬᠡᠷᠡᠭᠲᠠᠢ᠃ | ᠭᠤᠷᠪᠠ᠂ ᠢᠳᠡᠭᠡᠨ ᠤᠮᠳᠠᠭᠠᠨ ᠤ ᠰᠢᠨᠵᠢᠯᠡᠬᠦ ᠤᠬᠠᠭᠠᠨᠴᠢ ᠪᠣᠯᠪᠠᠰᠤᠨ ᠬᠡᠷᠡᠭᠯᠡᠭᠡᠨ ᠤ ᠵᠠᠭᠪᠤᠷ ᠢ | ᠲᠦᠷᠭᠡᠳᠬᠡᠨ ᠠᠬᠢᠭᠤᠯᠬᠤ ᠬᠡᠷᠡᠭᠲᠠᠢ | ︵ᠲᠠᠪᠤ︶ ᠢᠳᠡᠭᠡᠨ ᠤᠮᠲᠠᠭᠠᠨ ᠤ ᠠᠵᠤ ᠠᠬᠤᠶᠢᠯᠠᠯ ᠤᠨ ᠨᠡᠶᠢᠲᠡ ᠣᠯᠠᠨ ᠤ ᠢᠳᠡᠭᠡᠨ ᠤᠮᠳᠠᠭᠠᠨ ᠢ | ᠢᠳᠡᠪᠬᠢᠲᠠᠢ ᠬᠥᠭᠵᠢᠭᠦᠯᠬᠦ ᠶᠢ ᠵᠤᠷᠢᠬᠵᠢᠭᠤᠯᠵᠤ᠂ ᠪᠠᠷᠢᠮᠵᠢᠶᠠᠵᠢᠭᠤᠯᠤᠭᠰᠠᠨ ᠵᠠᠭᠤᠰᠢ ᠬᠠᠭᠤᠷᠤᠯᠭ᠎ᠠ ᠶᠢᠨ ᠲᠥᠷᠦᠯ | ᠵᠦᠢᠯ ᠪᠠ ᠪᠠᠭ᠎ᠠ ᠬᠡᠮᠵᠢᠶᠡᠨ ᠤ ᠵᠠᠭᠤᠰᠢ ᠬᠠᠭᠤᠷᠤᠯᠭ᠎ᠠ ᠶᠢᠨ ᠲᠥᠷᠦᠯ ᠵᠦᠢᠯ ᠢ ᠶᠠᠪᠤᠭᠤᠯᠤᠨ᠂ ᠬᠤᠳᠠᠯᠳᠤᠭᠠᠨ ᠤ | ᠶᠠᠪᠤᠳᠠᠯ ᠤᠨ ᠬᠤᠭᠤᠯᠠ ᠤᠮᠳᠠᠭᠠᠨ ᠤ ᠲᠤᠰᠠᠭᠠᠷ ᠬᠤᠭᠤᠯᠠᠯᠠᠬᠤ ᠳᠦᠷᠢᠮ ᠢ ᠶᠠᠪᠤᠭᠤᠯᠵᠤ᠂ ᠰᠣᠩᠭᠤᠵᠤ ᠪᠣᠯᠬᠤ | ᠢᠵᠢ ᠬᠤᠭᠤᠯᠠ ᠶᠢ ᠬᠥᠭᠵᠢᠭᠦᠯᠬᠦ ᠬᠡᠷᠡᠭᠲᠠᠢ᠃ ᠨᠢᠭᠡ ᠵᠦᠢᠯ ᠤᠨ ᠬᠤᠭᠤᠯᠠ ᠬᠢᠬᠦ ᠮᠠᠲ᠋ᠧᠷᠢᠶᠠᠯ ᠢᠶᠠᠷ ᠣᠯᠠᠨ | ᠵᠦᠢᠯ ᠤᠨ ᠵᠠᠭᠤᠰᠢ ᠬᠢᠬᠦ ᠶᠢ ᠰᠠᠨᠠᠭᠠᠴᠢᠯᠠᠨ ᠰᠡᠲᠦᠵᠦ᠂ ᠡᠳ᠋ ᠬᠡᠷᠡᠭᠰᠡᠯ ᠢ ᠬᠦᠢᠴᠡᠳ ᠠᠰᠢᠭᠯᠠᠨ᠂ ᠢᠳᠡᠭᠡᠨ ᠢ | ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠠᠢ᠃ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠢᠨ ᠬᠡᠷᠡᠭᠯᠡᠭᠴᠢᠳ ᠢ | ᠢᠳᠡᠪᠬᠢᠲᠠᠢ ᠬᠥᠲᠦᠯᠥᠨ ᠵᠢᠯᠤᠭᠤᠳᠴᠤ ᠪᠠᠶᠢᠭᠠᠳ ᠠᠷᠪᠢᠴᠢ ᠭᠠᠮᠲᠠᠢ ᠪᠠᠷ ᠬᠤᠭᠤᠯᠠᠯᠠᠭᠤᠯᠵᠦ᠂ ᠢᠳᠡᠭᠡᠨ ᠢ | ᠠᠷᠪᠢᠯᠠᠨ ᠭᠠᠮᠨᠠᠵᠤ᠂ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠬᠠᠢ ᠤᠬᠠᠭᠤᠯᠭ᠎ᠠ ᠶᠢᠨ ᠵᠢᠷᠤᠭ ᠪᠤᠶᠤ | ᠰᠠᠨᠠᠭᠤᠯᠤᠮᠵᠢ ᠶᠢᠨ ᠫᠠᠶᠢᠰᠠ ᠶᠢ ᠢᠯᠡ ᠲᠣᠳᠤ ᠭᠠᠵᠠᠷ ᠨᠠᠭᠠᠬᠤ ᠪᠤᠶᠤ ᠲᠠᠯᠪᠢᠵᠤ᠂ ᠰᠢᠮ᠎ᠡ ᠲᠡᠵᠢᠭᠡᠯ ᠤᠨ | ᠲᠡᠩᠴᠡᠭᠦᠷᠢᠰᠢᠯ ᠤᠨ ᠱᠠᠭᠠᠷᠳᠠᠯᠭ᠎ᠠ ᠶᠣᠰᠤᠭᠠᠷ ᠠᠳᠠᠯᠢ ᠪᠤᠰᠤ ᠬᠡᠮᠵᠢᠶ᠎ᠡ ᠶᠢᠨ ᠬᠤᠭᠤᠯᠠᠨ ᠤ ᠰᠠᠪᠠ ᠬᠡᠷᠡᠭᠰᠡᠯ ᠢ | ᠲᠣᠬᠢᠷᠠᠭᠤᠯᠤᠨ᠂ ᠵᠠᠭᠤᠰᠢ ᠶᠢᠨ ᠬᠠᠭᠤᠳᠠᠰᠤᠨ ᠳᠡᠭᠡᠷ᠎ᠡ ᠵᠠᠭᠤᠰᠢ ᠶᠢᠨ ᠬᠡᠮᠵᠢᠶ᠎ᠡ ᠶᠢ ᠲᠣᠳᠤᠷᠬᠠᠶᠢᠯᠠᠵᠤ᠂ ᠢᠵᠢ | ᠬᠤᠭᠤᠯᠠᠨ ᠤ ᠪᠠᠷᠢᠮᠵᠢᠶᠠᠨ ᠳᠤ ᠬᠡᠷᠡᠭᠯᠡᠭᠡ ᠶᠢᠨ ᠬᠦᠮᠦᠨ ᠤ ᠲᠤᠭ᠎ᠠ ᠶᠢᠨ ᠰᠠᠨᠠᠭᠤᠯᠭ᠎ᠠ ᠶᠢ ᠲᠡᠮᠳᠡᠭᠯᠡᠨ | ᠲᠣᠳᠤᠷᠬᠠᠶᠢᠯᠠᠵᠤ᠂ ᠬᠤᠭᠤᠯᠠᠨ ᠠᠴᠠ ᠡᠮᠦᠨ᠎ᠡ ᠲᠣᠬᠢᠷᠠᠭᠰᠠᠨ ᠬᠡᠮᠵᠢᠶ᠎ᠡ ᠪᠠᠷ ᠬᠤᠭᠤᠯᠠ ᠵᠠᠬᠢᠶᠠᠯᠠᠬᠤ ᠶᠢ ᠬᠥᠲᠦᠯᠥᠨ | ᠵᠢᠯᠤᠭᠤᠳᠴᠤ᠂ ᠬᠠᠮᠤᠭ ᠤᠨ ᠳᠣᠣᠷ᠎ᠠ ᠬᠡᠷᠡᠭᠯᠡᠭᠡ ᠶᠢᠨ ᠬᠡᠮᠵᠢᠶ᠎ᠡ ᠶᠢ ᠲᠣᠬᠢᠷᠠᠭᠤᠯᠵᠤ ᠪᠣᠯᠬᠤ ᠦᠭᠡᠢ᠃ ᠢᠳᠡᠭᠡᠨ | ᠤᠮᠳᠠᠭᠠᠨ ᠤ ᠠᠵᠤ ᠠᠬᠤᠶᠢᠯᠠᠯ ᠢ ᠵᠤᠷᠢᠬᠵᠢᠭᠤᠯᠤᠨ ᠬᠡᠷᠡᠭᠯᠡᠭᠴᠢᠳ ᠲᠤ ᠦᠯᠡᠳᠡᠭᠰᠡᠨ ᠨᠣᠭᠤᠭ᠎ᠠ ᠶᠢ ᠳᠠᠬᠢᠨᠲᠠ | ᠪᠣᠯᠪᠠᠰᠤᠷᠠᠭᠤᠯᠬᠤ ᠮᠡᠷᠭᠡᠵᠢᠯ ᠤᠨ ᠵᠢᠯᠤᠭᠤᠳᠤᠯᠭ᠎ᠠ ᠶᠢ ᠬᠠᠩᠭᠠᠯᠭᠠᠵᠤ᠂ ᠪᠣᠭᠤᠳᠠᠯᠯᠠᠬᠤ ᠦᠢᠯᠡᠴᠢᠯᠡᠭᠡᠨ ᠤ ᠳᠦᠷᠢᠮ ᠢ | ᠪᠠᠶᠢᠭᠤᠯᠬᠤ ᠬᠡᠷᠡᠭᠲᠠᠢ᠃ ᠬᠡᠷᠡᠭᠯᠡᠭᠴᠢᠳ ᠪᠣᠲᠠᠲᠠᠢ ᠬᠡᠷᠡᠭᠴᠡᠭᠡ ᠪᠠᠨ ᠦᠨᠳᠦᠰᠦᠯᠡᠨ ᠳᠠᠶᠢᠯᠠᠯᠭ᠎ᠠ ᠶᠢᠨ ᠰᠢᠷᠡᠭᠡ ᠪᠠᠨ | ᠤᠷᠢᠳᠴᠢᠯᠠᠨ ᠲᠣᠭᠲᠠᠬᠤ ᠶᠢ ᠰᠠᠨᠠᠭᠠᠴᠢᠯᠠᠵᠤ᠂ ᠬᠤᠷᠢᠮ ᠨᠠᠶᠢᠷ ᠪᠡᠯᠪᠡᠰᠦᠷᠡᠯ ᠬᠡᠦᠬᠡᠨ ᠮᠣᠷᠳᠠᠭᠤᠯᠵᠤ ᠪᠡᠷᠢ | ᠪᠠᠭᠤᠯᠭᠠᠬᠤ ᠵᠡᠷᠭᠡ ᠬᠤᠷᠢᠮ ᠪᠤᠶᠠᠨ ᠤ ᠶᠠᠪᠤᠳᠠᠯ ᠳᠤ ᠬᠤᠭᠤᠯᠠ ᠤᠮᠳᠠᠭᠠᠨ ᠢ ᠳᠦᠭᠦᠮᠴᠢᠯᠡᠬᠦ ᠶᠢ ᠵᠤᠷᠢᠬᠵᠢᠭᠤᠯᠬᠤ | ᠬᠡᠷᠡᠭᠲᠠᠢ᠃ | ︵ᠵᠢᠷᠭᠤᠭ᠎ᠠ︶ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠢᠳᠡᠭᠡᠨ ᠤᠮᠳᠠᠭᠠᠨ ᠤ | ᠦᠢᠯᠡᠰ ᠤᠨ ᠦᠢᠯᠡᠴᠢᠯᠡᠭᠡᠨ ᠤ ᠵᠢᠷᠦᠮᠵᠢᠯ︾ ᠢ ᠰᠤᠳᠤᠯᠤᠨ ᠲᠣᠭᠲᠠᠭᠠᠵᠤ᠂ ᠢᠳᠡᠭᠡᠨ ᠤᠮᠲᠠᠭᠠᠨ ᠤ ᠠᠵᠤ | ᠠᠬᠤᠶᠢᠯᠠᠯ ᠤᠨ ᠢᠳᠡᠭᠡᠨ ᠤ ᠪᠦᠷᠢᠯᠭᠡᠯ ᠢ ᠡᠰᠡᠷᠭᠦᠴᠡᠬᠦ ᠠᠵᠢᠯ ᠤᠨ ᠬᠦᠬᠢᠭᠦᠯᠦᠯ ᠤᠨ ᠳᠦᠷᠢᠮ ᠢ ᠰᠤᠳᠤᠯᠤᠨ | ᠪᠠᠶᠢᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠥᠲᠦᠯᠥᠨ ᠵᠢᠯᠤᠭᠤᠳᠴᠤ ᠪᠠᠶᠢᠭᠠᠳ ᠢᠳᠡᠭᠡᠨ | ᠤᠮᠳᠠᠭᠠᠨ ᠢ ᠠᠷᠪᠢᠯᠠᠬᠤ ᠶᠠᠪᠤᠳᠠᠯ ᠢᠶᠠᠨ ᠡᠳ᠋ᠰᠢᠬᠦᠯᠬᠦ᠂ ᠡᠵᠡᠩᠨᠡᠬᠦ᠂ ᠬᠡᠷᠡᠭᠯᠡᠬᠦ ᠵᠡᠷᠭᠡ ᠵᠠᠩᠭᠢᠯᠠᠭ᠎ᠠ ᠬᠦᠷᠲᠡᠯ᠎ᠡ | ᠨᠠᠶᠢᠳᠠᠪᠤᠷᠢᠵᠢᠭᠤᠯᠬᠤ ᠬᠡᠷᠡᠭᠲᠠᠢ᠃ ᠪᠤᠬᠢᠷᠳᠤᠯ ᠦᠭᠡᠢ ᠬᠤᠭᠤᠯᠠᠯᠠᠬᠤ ᠣᠨᠤᠯᠵᠢᠬᠤᠨ ᠢ ᠶᠡᠬᠡᠪᠡᠷ ᠤᠬᠠᠭᠤᠯᠤᠨ | ᠳᠡᠯᠭᠡᠷᠡᠭᠦᠯᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠢ ᠵᠢᠯᠤᠭᠤᠳᠤᠨ ᠢᠳᠡᠭᠡᠨ ᠤ ᠰᠢᠮ᠎ᠡ ᠲᠡᠵᠢᠭᠡᠯ ᠤᠨ | ᠲᠡᠩᠴᠡᠭᠦᠷᠢᠰᠢᠯ ᠢ ᠨᠡᠩ ᠢᠯᠡᠭᠦᠦ ᠴᠢᠬᠤᠯᠠᠴᠢᠯᠠᠭᠤᠯᠬᠤ ᠬᠡᠷᠡᠭᠲᠠᠢ᠃ ᠢᠳᠡᠭᠡᠨ ᠤᠮᠳᠠᠭᠠᠨ ᠤ ᠦᠢᠯᠡᠴᠢᠯᠡᠭᠡᠨ ᠤ | ᠢᠳᠡᠭᠡᠨ ᠤ ᠠᠮᠤᠷ ᠲᠥᠪᠰᠢᠨ ᠳᠤ ᠬᠢᠨᠠᠯᠲᠠ ᠲᠠᠯᠪᠢᠬᠤ ᠬᠡᠮᠵᠢᠶᠡᠯᠡᠵᠦ ᠳᠡᠰ ᠬᠤᠪᠢᠶᠠᠬᠤ ᠬᠠᠮᠢᠶᠠᠷᠤᠯᠲᠠ ᠶᠢᠨ ᠠᠵᠢᠯ ᠢ | ᠦᠷᠨᠢᠬᠦᠯᠬᠦ ᠪᠠ ᠤᠶᠠᠯᠳᠤᠭᠤᠯᠤᠨ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠢᠳᠡᠭᠡᠨ ᠤ ᠪᠦᠷᠢᠯᠭᠡᠯ ᠢ | ᠡᠰᠡᠷᠭᠦᠴᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠬᠤ ᠶᠢ ᠠᠬᠢᠭᠤᠯᠬᠤ ᠬᠡᠷᠡᠭᠲᠠᠢ᠃ ᠠᠵᠢᠯ ᠲᠥᠷᠦᠯ ᠤᠨ | ᠨᠡᠶᠢᠬᠡᠮᠯᠢᠭ᠂ ᠬᠤᠳᠠᠯᠳᠤᠭᠠᠨ ᠤ ᠨᠡᠶᠢᠬᠡᠮᠯᠢᠭ ᠢ ᠬᠥᠲᠦᠯᠥᠨ ᠵᠢᠯᠤᠭᠤᠳᠴᠤ ᠪᠠᠶᠢᠭᠠᠳ ᠠᠵᠢᠯ ᠲᠥᠷᠥᠯ ᠤᠨ ᠪᠡᠶ᠎ᠡ ᠪᠠᠨ | ᠪᠠᠷᠢᠬᠤ ᠪᠠ ᠦᠢᠯᠡᠴᠢᠯᠡᠬᠦ ᠦᠢᠯᠡᠳᠦᠯ ᠢ ᠨᠢ ᠢᠳᠡᠪᠬᠢᠲᠠᠢ ᠪᠠᠳᠠᠷᠠᠭᠤᠯᠤᠨ᠂ ᠠᠷᠪᠢᠯᠠᠨ ᠭᠠᠮᠨᠠᠬᠤ ᠶᠢ ᠡᠷᠬᠢᠮᠯᠡᠨ | ᠢᠳᠡᠭᠡᠨ ᠤ ᠪᠦᠷᠢᠯᠭᠡᠯ ᠢ ᠡᠰᠡᠷᠭᠦᠴᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ ᠪᠠ ᠠᠵᠢᠯ ᠲᠥᠷᠦᠯ ᠤᠨ ᠨᠡᠶᠢᠲᠡ ᠶᠢᠨ | ᠭᠡᠷ᠎ᠡ ᠶᠢ ᠲᠣᠭᠲᠠᠭᠠᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠪᠠᠨ | ᠭᠦᠢᠴᠡᠳᠬᠡᠬᠦ᠂ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠬᠤᠪᠢᠷᠠᠭᠤᠯᠬᠤ᠂ ᠤᠬᠠᠮᠰᠠᠷ ᠠᠴᠠ ᠪᠠᠨ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠶᠢ ᠬᠥᠲᠦᠯᠥᠨ ᠵᠢᠯᠤᠭᠤᠳᠬᠤ ᠬᠡᠷᠡᠭᠲᠠᠢ᠃ | ᠳᠥᠷᠪᠡ᠂ ᠡᠯ᠎ᠡ ᠵᠠᠩᠭᠢᠯᠠᠭ᠎ᠠ ᠳᠠᠬᠢ ᠠᠮᠤ ᠪᠤᠳᠠᠭᠠᠨ ᠤ ᠬᠤᠬᠢᠷᠠᠯ ᠪᠦᠷᠢᠯᠭᠡᠯ ᠢ ᠴᠢᠷᠮᠠᠶᠢᠨ ᠪᠠᠭᠠᠰᠬᠠᠬᠤ | ᠬᠡᠷᠡᠭᠲᠠᠢ | ︵ᠳᠣᠯᠤᠭ᠎ᠠ︶ ᠠᠮᠤ ᠪᠤᠳᠠᠭᠠᠨ ᠤ ᠦᠢᠯᠡᠳᠪᠦᠷᠢᠯᠡᠯ᠂ ᠬᠤᠷᠢᠶᠠᠨ ᠨᠥᠭᠡᠴᠡᠯᠡᠬᠦ ᠵᠠᠩᠭᠢᠯᠠᠭ᠎ᠠ ᠶᠢᠨ | ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠠᠢ᠃ ᠠᠮᠤ ᠪᠤᠳᠠᠭ᠎ᠠ ᠦᠢᠯᠡᠳᠪᠦᠷᠢᠯᠡᠬᠦ ᠶᠠᠪᠤᠴᠠ ᠳᠠᠬᠢ ᠵᠢᠯᠤᠭᠤᠳᠤᠯᠭ᠎ᠠ | ᠪᠠ ᠦᠢᠯᠡᠴᠢᠯᠡᠭᠡ ᠶᠢ ᠴᠢᠩᠭᠠᠳᠬᠠᠵᠤ᠂ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠬᠢᠷᠠᠯ ᠪᠦᠷᠢᠯᠭᠡᠯ ᠢ ᠪᠠᠭᠠᠰᠬᠠᠬᠤ | ᠬᠡᠷᠡᠭᠲᠠᠢ᠃ ᠠᠮᠤ ᠪᠤᠳᠠᠭ᠎ᠠ ᠬᠤᠷᠢᠶᠠᠵᠤ ᠨᠥᠭᠡᠴᠡᠯᠡᠬᠦ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ | ᠢᠨᠵᠤᠨᠤᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ | ᠪᠤᠳᠠᠭ᠎ᠠ ᠨᠥᠬᠡᠴᠡᠯᠡᠬᠦ ᠲᠤᠰᠬᠠᠢ ᠬᠡᠷᠡᠭᠵᠢᠭᠦᠯᠦᠯᠲᠡ ᠶᠢᠨ ᠬᠡᠪᠴᠢᠶ᠎ᠡ ᠶᠢ ᠥᠷᠭᠡᠳᠬᠡᠨ᠂ ᠨᠤᠷᠠᠬᠤ ᠠᠶᠤᠯᠲᠠᠢ | ᠬᠠᠭᠤᠴᠢᠨ ᠰᠠᠩ ᠬᠥᠮᠦᠷᠭᠡ ᠶᠢ ᠰᠡᠯᠪᠢᠨ ᠵᠠᠰᠠᠬᠤ ᠶᠢ ᠲᠦᠷᠭᠡᠨ ᠵᠣᠬᠢᠶᠠᠨ ᠪᠠᠶᠢᠭᠤᠯᠵᠤ᠂ ᠠᠮᠤ ᠪᠤᠳᠠᠭ᠎ᠠ | ᠨᠥᠭᠡᠴᠡᠯᠡᠵᠦ ᠬᠠᠮᠠᠭᠠᠯᠠᠬᠤ ᠬᠢᠷᠢ ᠲᠥᠪᠰᠢᠨ ᠢ ᠳᠡᠭᠡᠭᠰᠢᠯᠠᠭᠦᠯᠬᠦ ᠬᠡᠷᠡᠭᠲᠠᠢ᠃ | ︵ᠨᠠᠢᠮᠠ︶ ᠠᠮᠤ ᠪᠤᠳᠠᠭ᠎ᠠ ᠵᠦᠭᠡᠭᠡᠪᠦᠷᠢᠯᠡᠬᠦ᠂ ᠡᠳ᠋ᠰᠢᠬᠦᠯᠬᠦ ᠵᠠᠩᠭᠢᠯᠠᠭ᠎ᠠ ᠶᠢᠨ ᠬᠠᠮᠢᠶᠠᠷᠤᠯᠲᠠ ᠶᠢ | ᠴᠢᠩᠭᠠᠷᠠᠭᠤᠯᠬᠤ ᠬᠡᠷᠡᠭᠲᠠᠢ᠃ ᠠᠮᠤ ᠪᠤᠳᠠᠭᠠᠨ ᠤ ᠭᠦᠢᠯᠭᠡᠭᠡᠨ ᠤ ᠡᠯ᠎ᠡ ᠵᠠᠩᠭᠢᠯᠠᠭ᠎ᠠ ᠳᠤ ᠠᠮᠤ ᠪᠤᠳᠠᠭ᠎ᠠ ᠶᠢ ᠠᠷᠪᠢᠯᠠᠵᠤ | ᠬᠤᠬᠢᠷᠠᠯ ᠢ ᠪᠠᠭᠠᠰᠬᠠᠬᠤ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠠᠮᠤ ᠪᠤᠳᠠᠭ᠎ᠠ ᠶᠢ | ᠠᠷᠪᠢᠯᠠᠵᠤ ᠬᠤᠬᠢᠷᠠᠯ ᠢ ᠪᠠᠭᠠᠰᠬᠠᠬᠤ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠨ᠂ ᠠᠮᠦ ᠪᠤᠳᠠᠭ᠎ᠠ ᠨᠥᠭᠡᠴᠡᠯᠡᠵᠤ | ᠵᠦᠭᠡᠭᠡᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠨ ᠵᠠᠰᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠲᠥᠷᠦ ᠶᠢᠨ ᠪᠣᠳᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠠᠢ᠃ ᠠᠮᠤ ᠪᠤᠳᠠᠭᠠᠨ ᠤ ᠵᠦᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠦᠭᠡᠭᠡᠪᠦᠷᠢ ᠶᠢᠨ ᠠᠵᠦ | ᠠᠬᠤᠶᠢᠯᠠᠯ ᠨᠢ ᠪᠠᠷᠢᠮᠵᠢᠶᠠᠨ ᠳᠤ ᠦᠯᠦ ᠬᠦᠷᠬᠦ ᠠᠮᠤ ᠪᠤᠳᠠᠭ᠎ᠠ ᠶᠢ ᠳᠠᠭᠠᠭᠠᠴᠢᠯᠠᠨ ᠵᠦᠭᠡᠭᠡᠪᠦᠷᠢᠯᠡᠵᠦ ᠪᠣᠭᠤᠳᠠᠯᠯᠠᠵᠤ | ᠪᠣᠯᠬᠤ ᠦᠭᠡᠢ᠃ ᠠᠮᠤ ᠪᠤᠲᠠᠭ᠎ᠠ ᠡᠳ᠋ᠰᠢᠬᠦᠯᠬᠦ ᠠᠵᠤ ᠠᠬᠤᠶᠢᠯᠠᠯ ᠢ ᠬᠥᠲᠦᠯᠦᠨ ᠵᠢᠯᠦᠭᠤᠳᠴᠤ ᠪᠠᠶᠢᠭᠠᠳ ᠡᠳ᠋ᠰᠢᠬᠦᠯᠬᠦ | ᠨᠥᠭᠦᠴᠡᠯ ᠢ ᠨᠢ ᠲᠠᠰᠤᠷᠠᠯᠲᠠ ᠦᠭᠡᠢ ᠬᠠᠯᠠᠨ ᠰᠠᠶᠢᠵᠢᠷᠠᠭᠤᠯᠵᠦ᠂ ᠢᠳᠡᠭᠡᠨ ᠡᠳ᠋ᠰᠢᠬᠦᠯᠬᠦ ᠰᠢᠨ᠎ᠡ ᠮᠡᠷᠭᠡᠵᠢᠯ᠂ ᠰᠢᠨ᠎ᠡ | ᠭᠠᠷ ᠤᠷᠠᠯᠠᠯ᠂ ᠰᠢᠨ᠎ᠡ ᠲᠣᠨᠤᠭ ᠲᠥᠬᠦᠭᠡᠷᠦᠮᠵᠢ ᠬᠡᠷᠡᠭᠯᠡᠬᠦ ᠶᠢ ᠳᠡᠯᠭᠡᠷᠡᠭᠦᠯᠵᠦ᠂ ᠲᠣᠬᠢᠷᠠᠮᠵᠢᠲᠠᠢ ᠡᠳ᠋ᠰᠢᠬᠦᠯᠬᠦ ᠶᠢ | ᠶᠠᠪᠤᠭᠤᠯᠤᠨ᠂ ᠠᠮᠤ ᠲᠣᠰᠤ ᠶᠢ ᠬᠡᠲᠦᠷᠡᠲᠠᠯᠡ ᠡᠳ᠋ᠰᠢᠬᠦᠯᠬᠦ ᠠᠰᠠᠭᠤᠳᠠᠯ ᠢ ᠰᠢᠢᠳᠪᠦᠷᠢᠯᠡᠵᠦ᠂ ᠴᠠᠶᠢᠯᠭᠠᠭᠰᠠᠨ | ᠠᠮᠦ ᠶᠢᠨ ᠪᠦᠳᠦᠭᠡᠭᠳᠡᠬᠦᠨ ᠤ ᠨᠣᠷᠮ᠎ᠠ ᠪᠠ ᠳᠠᠭᠠᠯᠲᠠ ᠪᠦᠲᠦᠭᠡᠭᠲᠡᠭᠦᠨ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠠᠢ᠃ | ︵ᠶᠢᠰᠦ︶ ᠠᠮᠤ ᠪᠤᠳᠠᠭᠠᠨ ᠤ ᠬᠡᠷᠡᠭᠯᠡᠭᠡ ᠶᠢᠨ ᠵᠠᠩᠭᠢᠯᠠᠭ᠎ᠠ ᠳᠠᠬᠢ ᠬᠠᠮᠢᠶᠠᠷᠤᠯᠲᠠ ᠶᠢ ᠴᠢᠩᠭᠠᠷᠠᠭᠤᠯᠬᠤ | ᠬᠡᠷᠡᠭᠲᠠᠢ᠃ ᠠᠮᠤ ᠲᠣᠰᠤ ᠡᠳ᠋ᠰᠢᠬᠦᠯᠬᠦ᠂ ᠰᠢᠯᠵᠢᠭᠦᠯᠬᠦ ᠪᠠ ᠢᠳᠡᠭᠡᠨ ᠪᠣᠭᠤᠳᠠᠯᠯᠠᠬᠤ ᠬᠠᠮᠢᠶ᠎ᠠ ᠪᠦᠬᠦᠢ ᠪᠠᠷᠢᠮᠵᠢᠶ᠎ᠠ | ᠪᠣᠯᠤᠨ ᠮᠡᠷᠭᠡᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠬᠦ ᠬᠡᠷᠡᠭᠲᠠᠢ᠃ ᠢᠳᠡᠭᠡᠨ ᠪᠣᠭᠤᠳᠠᠯᠯᠠᠬᠤ᠂ ᠢᠳᠡᠭᠡᠨ | ᠬᠠᠳᠠᠭᠠᠯᠠᠬᠤ ᠵᠡᠷᠭᠡ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢᠨ ᠰᠤᠳᠤᠯᠤᠨ ᠨᠡᠭᠡᠭᠡᠯᠲᠡ ᠶᠢ ᠦᠷᠨᠢᠭᠦᠯᠬᠦ ᠶᠢ | ᠳᠡᠮᠵᠢᠵᠤ᠂ ᠢᠳᠡᠭᠡᠨ ᠤ ᠴᠢᠨᠠᠷ ᠢ ᠪᠠᠲᠤᠯᠠᠬᠤ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠮᠤ | ᠪᠤᠳᠠᠭ᠎ᠠ ᠶᠢ ᠠᠷᠪᠢᠯᠠᠨ ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠬᠤ ᠬᠡᠷᠡᠭᠲᠠᠢ᠃ ᠠᠵᠤ ᠠᠬᠤᠶᠢᠯᠠᠯ ᠤᠨ | ᠢᠳᠡᠭᠡᠨ ᠢ ᠵᠦᠢ ᠵᠣᠬᠢᠰᠲᠠᠢ ᠪᠠᠷ ᠪᠣᠭᠤᠳᠠᠯᠯᠠᠬᠤ ᠶᠢ ᠬᠥᠲᠦᠯᠦᠨ ᠵᠢᠯᠤᠭᠤᠳᠴᠤ᠂ ᠴᠢᠨᠠᠷ ᠢ ᠪᠠᠲᠤᠯᠠᠬᠤ | ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠠᠢ᠃ ᠢᠳᠡᠭᠡᠨ ᠤᠮᠳᠠᠭᠠᠨ ᠤ ᠠᠵᠤ ᠠᠬᠤᠶᠢᠯᠠᠯ | ᠪᠣᠯᠤᠨ ᠢᠳᠡᠭᠡᠨ ᠢ ᠪᠥᠭᠡᠮ ᠢᠶᠠᠷ ᠪᠣᠷᠤᠯᠠᠭᠤᠯᠬᠤ ᠵᠢᠵᠢᠭᠯᠡᠨ ᠬᠤᠳᠠᠯᠳᠤᠬᠤ ᠶᠢ ᠡᠵᠡᠩᠨᠡᠵᠦ ᠪᠠᠶᠢᠭ᠎ᠠ ᠨᠢᠭᠡᠴᠠ ᠶᠢᠨ | ᠪᠣᠷᠤᠯᠠᠭᠤᠯᠭ᠎ᠠ ᠪᠠᠨ ᠠᠬᠢᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠢᠳᠡᠭᠡᠨ ᠤ ᠠᠮᠤᠷ ᠲᠥᠪᠰᠢᠨ ᠪᠠ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨ ᠬᠦ ᠪᠠᠲᠤᠯᠠᠭᠰᠠᠨ ᠤᠷᠢᠳᠠᠯ ᠳᠣᠣᠷ᠎ᠠ᠂ ᠴᠢᠨᠠᠷ ᠢ | ᠪᠠᠲᠤᠯᠠᠬᠤ ᠬᠤᠭᠤᠴᠠᠭ᠎ᠠ ᠨᠢ ᠣᠶᠢᠷᠠᠳᠴᠤ ᠪᠠᠶᠢᠭ᠎ᠠ ᠢᠳᠡᠭᠡᠨ ᠢᠶᠠᠨ ᠦᠨ᠎ᠡ ᠪᠠᠭᠤᠷᠠᠭᠤᠯᠵᠤ ᠪᠣᠷᠤᠯᠠᠭᠤᠯᠬᠤ ᠶᠢ | ᠵᠤᠷᠢᠬᠵᠢᠭᠤᠯᠬᠤ ᠬᠡᠷᠡᠭᠲᠠᠢ᠃ | ᠲᠠᠪᠤ᠂ ᠢᠳᠡᠭᠡᠨ ᠤ ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ ᠶᠢ ᠢᠳᠡᠪᠬᠢᠲᠠᠢ | ᠦᠷᠨᠢᠭᠦᠯᠬᠦ ᠬᠡᠷᠡᠭᠲᠠᠢ | ︵ᠠᠷᠪᠠ︶ ᠢᠳᠡᠭᠡᠨ ᠤ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠪᠣᠭᠤᠮᠲᠠ ᠰᠢᠪᠲᠤᠯᠠᠬᠤ ᠪᠠ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠮᠡᠷᠭᠡᠵᠢᠯ ᠤᠨ | ᠵᠢᠱᠢᠶ᠎ᠡ ᠦᠵᠡᠭᠦᠯᠦᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ | ᠲᠦᠯᠬᠢᠨ ᠠᠬᠢᠭᠤᠯᠬᠤ ᠬᠡᠷᠡᠭᠲᠠᠢ᠃ ᠣᠯᠠᠨ ᠠᠷᠭ᠎ᠠ ᠵᠠᠮ᠂ ᠣᠯᠠᠨ ᠡᠰᠢᠵᠢᠭᠰᠡᠨ ᠪᠡᠯᠡ ᠣᠷᠤᠭᠤᠯᠤᠯᠲᠠ ᠶᠢᠨ | ᠵᠠᠭᠪᠤᠷ ᠢ ᠠᠪᠴᠤ᠂ ᠲᠣᠰᠤ ᠤᠰᠤᠨ ᠤ ᠰᠠᠯᠭᠠᠭᠤᠷ ᠢ ᠤᠭᠰᠠᠷᠠᠬᠤ ᠶᠢ ᠳᠡᠯᠭᠡᠷᠡᠭᠦᠯᠦᠨ᠂ ᠲᠣᠭᠤᠭᠠᠨ ᠭᠡᠷ ᠤᠨ ᠬᠤᠭ | ᠨᠣᠪᠰᠢ ᠶᠢ ᠴᠤᠭᠯᠠᠭᠤᠯᠬᠤ᠂ ᠬᠠᠳᠠᠭᠠᠯᠠᠬᠤ ᠪᠠ ᠰᠢᠢᠳᠪᠦᠷᠢᠯᠡᠬᠦ ᠪᠠᠷᠢᠮᠵᠢᠶᠠᠨ ᠳᠤ ᠨᠡᠶᠢᠴᠡᠭᠰᠡᠨ ᠲᠤᠰᠬᠠᠢ | ᠪᠡᠯᠡᠳᠬᠡᠮᠵᠢ ᠶᠢ ᠲᠣᠬᠢᠷᠠᠭᠤᠯᠬᠤ ᠬᠡᠷᠡᠭᠲᠠᠢ᠃ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠲᠥᠷᠦᠯ ᠬᠤᠪᠢᠶᠠᠨ | ᠲᠠᠯᠪᠢᠬᠤ᠂ ᠲᠤᠰᠬᠠᠢ ᠴᠤᠭᠯᠠᠭᠤᠯᠤᠨ ᠵᠦᠭᠡᠭᠡᠪᠦᠷᠢᠯᠡᠬᠦ᠂ ᠨᠢᠭᠡᠳᠦᠯᠲᠠᠢ ᠰᠢᠢᠳᠪᠦᠷᠢᠯᠡᠬᠦ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠵᠡᠷᠭᠡ ᠬᠡᠯᠪᠡᠷᠢ ᠪᠠᠷ ᠳᠠᠮᠵᠢᠨ᠂ ᠲᠣᠭᠤᠭᠠᠨ ᠭᠡᠷ ᠤᠨ ᠬᠠᠶᠠᠭᠳᠠᠮᠠᠯ | ᠪᠣᠳᠠᠰ ᠢ ᠴᠤᠭᠯᠠᠭᠤᠯᠬᠤ᠂ ᠵᠦᠭᠡᠭᠡᠪᠦᠷᠢᠯᠡᠬᠦ᠂ ᠰᠢᠢᠳᠪᠦᠷᠢᠯᠡᠬᠦ ᠠᠵᠦ ᠠᠬᠤᠶᠢᠯᠠᠯ ᠢ ᠲᠣᠭᠲᠠᠭᠠᠬᠤ ᠬᠡᠷᠡᠭᠲᠠᠢ᠃ | ᠢᠳᠡᠭᠡᠨ ᠤᠮᠳᠠᠭᠠᠨ ᠤ ᠠᠵᠤ ᠠᠬᠤᠶᠢᠯᠠᠯ ᠪᠣᠯᠤᠨ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠠ ᠶᠢᠨ ᠬᠢᠨ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢᠶᠠᠨ ᠳᠤᠷ᠎ᠠ ᠪᠠᠷ ᠢᠶᠠᠨ ᠰᠢᠢᠳᠪᠦᠷᠢᠯᠡᠵᠦ | ᠪᠣᠯᠬᠤ ᠦᠭᠡᠢ᠂ ᠲᠣᠭᠲᠠᠭᠠᠯ ᠶᠣᠰᠤᠭᠠᠷ ᠨᠥᠭᠦᠴᠡᠯ ᠪᠦᠷᠢᠳᠦᠭᠰᠡᠨ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠡᠬᠢ | ᠪᠠᠶᠠᠯᠢᠬᠵᠢᠭᠤᠯᠤᠨ ᠠᠰᠢᠭᠯᠠᠬᠤ ᠠᠵᠤ ᠠᠬᠤᠶᠢᠯᠠᠯ ᠳᠤ ᠲᠤᠰᠢᠶᠠᠵᠦ ᠰᠢᠢᠳᠪᠦᠷᠢᠯᠡᠭᠦᠯᠬᠦ ᠪᠤᠶᠤ ᠲᠤᠬᠠᠢ ᠶᠢᠨ | ᠭᠠᠵᠠᠷ ᠲᠤᠨᠢ ᠡᠬᠢ ᠪᠠᠶᠠᠯᠢᠬᠵᠢᠭᠤᠯᠤᠨ ᠰᠢᠢᠳᠪᠦᠷᠢᠯᠡᠬᠦ ᠬᠡᠷᠡᠭᠲᠠᠢ᠃ ᠨᠥᠭᠦᠴᠡᠯ ᠲᠠᠢ ᠭᠡᠷ ᠪᠦᠯᠢ᠂ ᠨᠡᠶᠢᠬᠡᠮ | ᠲᠣᠭᠤᠷᠢᠭ ᠤᠨ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢᠶᠠᠨ ᠪᠣᠷᠳᠤᠭᠤᠷ ᠪᠣᠯᠭᠠᠬᠤ ᠵᠡᠷᠭᠡ ᠡᠬᠢ | ᠪᠠᠶᠠᠯᠢᠬᠵᠢᠭᠤᠯᠤᠨ ᠠᠰᠢᠭᠯᠠᠬᠤ ᠶᠢ ᠵᠤᠷᠢᠬᠵᠢᠭᠤᠯᠬᠤ ᠬᠡᠷᠡᠭᠲᠠᠢ᠃ ᠦᠢᠯᠠᠳᠪᠦᠷᠢᠯᠡᠵᠦ ᠡᠳ᠋ᠰᠢᠬᠦᠯᠬᠦ ᠵᠠᠩᠭᠢᠯᠠᠭ᠎ᠠ ᠳᠠᠬᠢ | ᠢᠳᠡᠭᠡᠨ ᠤ ᠬᠠᠶᠠᠭᠳᠠᠮᠠᠯ ᠪᠣᠳᠠᠰ ᠪᠠ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠤᠨ ᠬᠤᠭᠤᠴᠠᠭ᠎ᠠ ᠨᠢ | ᠬᠡᠲᠦᠷᠡᠭᠰᠡᠨ ᠢᠳᠡᠭᠡᠨ ᠵᠡᠷᠭᠡ ᠶᠢ ᠨᠥᠭᠦᠴᠡᠯ ᠪᠦᠷᠢᠳᠦᠭᠰᠡᠨ ᠠᠵᠦ ᠠᠬᠤᠶᠢᠯᠠᠯ ᠳᠤ ᠲᠤᠰᠢᠶᠠᠵᠤ ᠡᠬᠢ | ᠪᠠᠶᠠᠯᠢᠬᠵᠢᠭᠤᠯᠤᠨ ᠬᠤᠷᠢᠶᠠᠨ ᠰᠢᠢᠳᠪᠦᠷᠢᠯᠡᠭᠦᠯᠬᠦ ᠬᠡᠷᠡᠭᠲᠠᠢ᠃ | ︵ᠠᠷᠪᠠᠨ ᠨᠢᠭᠡ︶ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠤ ᠰᠦᠢᠳᠬᠡᠯ | ᠬᠤᠷᠢᠶᠠᠬᠤ ᠲᠥᠷᠦ ᠶᠢᠨ ᠪᠣᠳᠤᠯᠭ᠎ᠠ ᠶᠢ ᠰᠤᠳᠤᠯᠤᠨ ᠨᠡᠶᠢᠳᠡᠪᠤᠷᠢᠵᠢᠭᠤᠯᠵᠤ᠂ ᠲᠣᠭᠤᠭᠠᠨ ᠭᠡᠷ ᠤᠨ ᠬᠠᠶᠠᠭᠳᠠᠮᠠᠯ | ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠠᠢ᠃ ︽ᠴᠢᠳᠠᠪᠦᠷᠢ ᠶᠢ ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠬᠡᠮᠵᠢᠭᠳᠡᠯ ᠬᠠᠰᠤᠬᠤ ᠶᠢ ᠠᠬᠢᠭᠤᠯᠬᠤ | ︾ ᠱᠠᠭᠠᠷᠳᠠᠯᠭ᠎ᠠ ᠶᠣᠰᠤᠭᠠᠷ᠂ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠨᠢᠭᠡ ᠪᠥᠯᠦᠭ ᠲᠥᠪᠯᠠᠷᠡᠮᠡᠯ | ᠬᠡᠯᠪᠡᠷᠢᠲᠦ ᠪᠡᠯᠡᠳᠬᠡᠮᠵᠢ ᠶᠢ ᠲᠦᠷᠭᠡᠳᠬᠡᠨ ᠪᠠᠶᠢᠭᠤᠯᠵᠤ᠂ ᠬᠦᠬᠡᠬᠤᠲᠠ᠂ ᠬᠦᠯᠦᠨ ᠪᠦᠢᠷ ᠬᠤᠲᠠ᠂ ᠤᠯᠠᠭᠠᠠᠬᠠᠳᠠ | ᠬᠤᠲᠠ᠂ ᠣᠷᠳᠤᠰ ᠬᠤᠲᠠ ᠵᠡᠷᠭᠡ ᠤᠯᠤᠰ ᠤᠨ ᠳᠡᠰ ᠤᠨ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠡᠬᠢ | ᠪᠠᠶᠠᠯᠢᠬᠵᠢᠭᠤᠯᠤᠨ ᠠᠰᠢᠭᠯᠠᠬᠤ ᠪᠠ ᠪᠤᠬᠢᠷᠳᠤᠯ ᠦᠭᠡᠢ ᠰᠢᠢᠳᠪᠦᠷᠢᠯᠡᠬᠦ ᠲᠤᠷᠰᠢᠯᠲᠠ ᠶᠢᠨ ᠴᠢᠬ ᠤᠨ ᠬᠤᠲᠠ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠠᠢ᠃ | ︵ᠠᠷᠪᠠᠨ ᠬᠤᠶᠠᠷ︶ ᠬᠦᠴᠦᠲᠠᠢ ᠳᠠᠷᠤᠯᠲᠠ ᠦᠵᠡᠭᠦᠯᠬᠦ ᠪᠠᠶᠢᠳᠠᠯ ᠢ ᠪᠠᠷᠢᠮᠲᠠᠯᠠᠵᠦ᠂ ᠰᠠᠯᠠᠭ᠎ᠠ ᠮᠦᠴᠢᠷ | ᠬᠠᠮᠲᠤᠷᠠᠨ ᠭᠥᠳᠡᠯᠦᠯᠴᠡᠬᠦ ᠶᠢ ᠴᠢᠩᠭᠠᠷᠠᠭᠤᠯᠤᠨ᠂ ᠬᠠᠤᠯᠢ ᠠᠴᠠ ᠵᠥᠷᠢᠴᠡᠨ ᠲᠣᠭᠤᠭᠠᠨ ᠭᠡᠷ ᠤᠨ ᠬᠠᠶᠠᠭᠳᠠᠮᠠᠯ | ᠪᠣᠳᠠᠰ ᠢ ᠴᠤᠭᠯᠠᠭᠤᠯᠬᠤ᠂ ᠵᠦᠭᠡᠭᠡᠪᠦᠷᠢᠯᠡᠬᠦ᠂ ᠡᠳ᠋ᠰᠢᠬᠦᠯᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠵᠤ᠂ ᠬᠤᠭᠤᠯᠠᠨ ᠤ ᠬᠠᠶᠠᠭᠳᠠᠮᠠᠯ ᠲᠣᠰᠤ ᠶᠢ ᠠᠰᠢᠭᠯᠠᠨ ᠢᠳᠡᠭᠡᠨ ᠤ ᠲᠣᠰᠦ ᠦᠢᠯᠡᠳᠪᠦᠷᠢᠯᠡᠬᠦ | ᠬᠠᠤᠯᠢ ᠠᠴᠠ ᠵᠥᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠠᠢ᠃ | ᠵᠢᠷᠭᠤᠭ᠎ᠠ᠂ ᠢᠳᠡᠭᠡᠨ ᠤ ᠪᠦᠷᠢᠯᠭᠡᠯ ᠢ ᠡᠰᠡᠷᠭᠦᠴᠡᠬᠦ ᠲᠤᠬᠠᠢ ᠤᠬᠠᠭᠤᠯᠬ᠎ᠠ ᠬᠦᠮᠦᠵᠢᠯ ᠤᠨ | ᠡᠷᠴᠢᠮ ᠢᠶᠠᠨ ᠴᠢᠩᠭᠠᠷᠠᠭᠤᠯᠬᠤ ᠬᠡᠷᠡᠭᠲᠠᠢ | ︵ᠠᠷᠪᠠᠨ ᠭᠤᠷᠪᠠ︶ ᠢᠳᠡᠭᠡᠨ ᠤ ᠪᠦᠷᠢᠯᠭᠡᠯ ᠢ ᠡᠰᠡᠷᠭᠦᠴᠡᠬᠦ ᠶᠠᠷᠢᠶ᠎ᠠ ᠬᠡᠯᠡᠯᠴᠡᠭᠡᠨ ᠤ ᠤᠬᠠᠭᠤᠯᠵᠤ | ᠬᠥᠲᠦᠯᠦᠨ ᠵᠢᠯᠤᠭᠤᠳᠬᠤ ᠶᠢ ᠴᠢᠩᠭᠠᠳᠬᠠᠵᠤ᠂ ᠠᠷᠠᠳ ᠢᠷᠭᠡᠳ ᠤᠨ ᠠᠷᠪᠢᠯᠠᠨ ᠭᠠᠮᠨᠠᠬᠤ ᠰᠠᠶᠢᠨ ᠰᠠᠶᠢᠬᠠᠨ ᠵᠠᠩ | ᠰᠤᠷᠲᠠᠯ ᠢ ᠰᠠᠨᠠᠭᠠᠴᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ᠂ ᠪᠦᠷᠢᠯᠭᠡᠨ ᠰᠦᠢᠳᠬᠡᠬᠦ | ᠦᠵᠡᠭᠳᠡᠯ ᠢ ᠢᠯᠡᠴᠢᠯᠡᠵᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠬᠠᠭᠤᠯᠭ᠎ᠠ ᠶᠢ ᠴᠢᠩᠭᠠᠳᠬᠠᠬᠤ | ᠬᠡᠷᠡᠭᠲᠠᠢ᠃ ᠤᠯᠤᠰ ᠤᠨ ᠪᠠᠶᠢᠳᠠᠯ ᠤᠨ ᠬᠦᠮᠦᠵᠢᠯ ᠢ ᠣᠯᠠᠨ ᠵᠦᠢᠯ ᠤᠨ ᠬᠡᠯᠪᠡᠷᠢ ᠪᠠᠷ ᠦᠷᠨᠢᠭᠦᠯᠵᠦ᠂ ᠵᠦᠢ | ᠵᠣᠬᠢᠰᠲᠠᠢ ᠪᠦᠭᠡᠳ ᠡᠷᠡᠭᠦᠯ ᠮᠡᠨᠳᠦ ᠢᠳᠡᠭᠡᠨ ᠤᠮᠳᠠᠭᠠᠨ ᠤ ᠰᠤᠶᠤᠯ ᠢ ᠢᠳᠡᠪᠬᠢᠲᠠᠢ ᠰᠠᠨᠠᠭᠠᠴᠢᠯᠠᠨ᠂ ᠶᠠᠩᠪᠠᠯᠠᠵᠤ | ᠰᠤᠷᠲᠤᠭᠤᠯᠠᠬᠤ᠂ ᠪᠠᠶᠠᠨ ᠬᠡᠬᠡᠨᠴᠢᠷ ᠢᠶᠠᠨ ᠠᠳᠠᠯᠢᠳᠬᠠᠬᠤ ᠵᠡᠷᠭᠡ ᠮᠠᠭᠤ ᠵᠠᠩᠰᠢᠯ ᠢ ᠬᠦᠴᠦᠯᠠᠨ ᠠᠷᠢᠯᠭᠠᠬᠤ ᠬᠡᠷᠡᠭᠲᠠᠢ᠃ | ᠡᠯ᠎ᠡ ᠱᠠᠲᠤᠨ ᠤ ᠬᠡᠷᠡᠭᠯᠡᠭᠴᠢᠳ ᠤᠨ ᠨᠡᠶᠢᠬᠡᠮᠯᠢᠭ ᠢ ᠵᠤᠷᠢᠬᠵᠢᠭᠤᠯᠵᠤ ᠪᠤᠬᠢᠷᠳᠤᠯ ᠦᠭᠡᠢ ᠬᠡᠷᠡᠭᠯᠡᠭᠡ ᠶᠢᠨ | ᠬᠦᠮᠦᠵᠢᠯ ᠢ ᠴᠢᠩᠭᠠᠳᠬᠠᠨ ᠂ ᠪᠣᠯᠪᠠᠰᠤᠨ ᠪᠦᠭᠡᠳ ᠠᠷᠪᠢᠴᠢ ᠭᠠᠮᠳᠠᠢ ᠬᠡᠷᠡᠭᠯᠡᠭᠡ ᠶᠢᠨ ᠵᠠᠩ | ᠳᠠᠳᠬᠠᠯ ᠢ ᠰᠠᠨᠠᠭᠠᠴᠢᠯᠠᠬᠤ ᠬᠡᠷᠡᠭᠲᠠᠢ᠃ | ︵ᠠᠷᠪᠠᠨ ᠳᠦᠷᠪᠡ︶ ᠢᠳᠡᠭᠡᠨ ᠤ ᠪᠦᠷᠢᠯᠭᠡᠯ ᠢ ᠡᠰᠡᠷᠭᠦᠴᠡᠬᠦ ᠠᠵᠢᠯ ᠢ ᠡᠨᠧᠷᠭᠢ ᠠᠷᠪᠢᠯᠠᠬᠤ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠴᠢᠬᠤᠯᠠ ᠤᠬᠠᠭᠤᠯᠬᠤ ᠠᠭᠤᠯᠭ᠎ᠠ ᠪᠣᠯᠭᠠᠬᠤ ᠬᠡᠷᠡᠭᠲᠠᠢ᠃ ᠵᠢᠯ | ᠪᠦᠷᠢ ᠶᠢᠨ ᠳᠡᠯᠡᠬᠡᠢ ᠶᠢᠨ ᠠᠮᠤ ᠪᠤᠳᠠᠭᠠᠨ ᠤ ᠡᠳᠦᠷ ᠪᠠ ᠪᠦᠬᠦ ᠤᠯᠤᠰ ᠤᠨ ᠠᠮᠤ ᠪᠤᠳᠠᠭ᠎ᠠ ᠶᠢ ᠬᠠᠶᠢᠷᠠᠯᠠᠬᠤ ᠠᠮᠤ | ᠪᠤᠳᠠᠭ᠎ᠠ ᠶᠢ ᠭᠠᠮᠨᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠠᠮᠤ | ᠪᠤᠳᠠᠭ᠎ᠠ ᠶᠢ ᠬᠠᠶᠢᠷᠠᠯᠠᠨ ᠭᠠᠮᠨᠠᠬᠤ ᠶᠢᠨ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠤᠩᠰᠢᠬᠤ ᠪᠢᠴᠢᠭ ᠢ | ᠨᠠᠶᠢᠷᠠᠭᠤᠯᠤᠨ ᠬᠡᠪᠯᠡᠬᠦ ᠬᠡᠷᠡᠭᠲᠠᠢ᠃ ᠨᠡᠶᠢᠬᠡᠮ ᠳᠠᠶᠠᠭᠠᠷ ᠲᠤ ︽ᠫᠢᠯᠠ ᠬᠤᠭᠤᠰᠤᠯᠠᠬᠤ ᠠᠵᠢᠯᠯᠠᠭ᠎ᠠ︾ ᠶᠢ ᠦᠷᠨᠢᠭᠦᠯᠬᠦ | ᠬᠡᠷᠡᠭᠲᠠᠢ᠃ ︽ᠠᠷᠪᠢᠯᠠᠬᠤ ᠮᠠᠶ᠋ᠢᠬ ᠤᠨ ᠰᠤᠷᠭᠠᠭᠤᠯᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠦ᠂ | ᠢᠳᠡᠭᠡᠨ ᠤ ᠪᠦᠷᠢᠯᠭᠡᠯ ᠢ ᠡᠰᠡᠷᠭᠦᠴᠡᠬᠦ ᠰᠠᠶᠢᠨ ᠳᠤᠷ᠎ᠠ ᠶᠢᠨ ᠠᠵᠢᠯᠯᠠᠭ᠎ᠠ ᠪᠠ ᠤᠬᠠᠭᠤᠯᠭ᠎ᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠦᠷᠨᠢᠭᠦᠯᠵᠤ᠂ ᠳᠤᠮᠳᠠᠲᠦ ᠰᠤᠷᠭᠠᠭᠤᠯᠢ᠂ ᠪᠠᠭ᠎ᠠ ᠰᠤᠷᠭᠠᠭᠤᠯᠢ ᠳᠤ ᠠᠮᠤ ᠪᠤᠳᠠᠭ᠎ᠠ ᠠᠷᠪᠢᠯᠠᠨ | ᠭᠠᠮᠨᠠᠬᠤ ᠶᠢ ᠪᠡᠶ᠎ᠡ ᠪᠠᠷ ᠢᠶᠠᠨ ᠥᠩᠭᠡᠷᠡᠭᠡᠬᠦ ᠠᠵᠢᠯᠯᠠᠭ᠎ᠠ ᠶᠢ ᠦᠷᠨᠢᠭᠦᠯᠭᠦ ᠬᠡᠷᠡᠭᠲᠠᠢ᠃ | ︵ᠠᠷᠪᠠᠨ ᠲᠠᠪᠤ︶ ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠠᠶᠢᠴᠤᠳ ᠤᠨ ᠬᠤᠯᠪᠤᠭᠠᠲᠤ ᠬᠤᠷᠠᠯ ᠵᠡᠷᠭᠡ ᠠᠷᠠᠳ ᠤᠨ ᠪᠦᠯᠬᠦᠮ ᠤᠳ ᠤᠨ ᠦᠢᠯᠡᠳᠦᠯ ᠢ ᠬᠦᠢᠴᠡᠳ | ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ᠂ ᠵᠠᠯᠠᠭᠤᠴᠤᠳ ᠪᠠᠭᠠᠴᠤᠳ᠂ ᠡᠮᠡᠭᠲᠠᠶᠢᠴᠤᠳ ᠢ | ᠬᠥᠲᠦᠯᠦᠨ ᠵᠢᠯᠦᠭᠤᠳᠴᠤ ᠤᠬᠠᠮᠰᠠᠷ ᠠᠴᠠ ᠨᠢ ᠢᠳᠡᠭᠡᠨ ᠤ ᠪᠦᠷᠢᠯᠭᠡᠯ ᠢ ᠡᠰᠡᠷᠭᠦᠴᠡᠭᠦᠯᠬᠦ ᠬᠡᠷᠡᠭᠲᠠᠢ᠃ ᠵᠡᠭᠡᠯᠢ | ᠭᠤᠳᠤᠮᠵᠢ᠂ ᠨᠡᠶᠢᠬᠡᠮ ᠲᠣᠭᠤᠷᠢᠭ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠭᠡᠷ | ᠪᠦᠯᠢ ᠶᠢᠨ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠭᠡᠷ | ᠪᠦᠯᠢ ᠶᠢᠨ ᠪᠣᠲᠠᠲᠠᠢ ᠬᠡᠷᠡᠭᠴᠡᠭᠡ ᠪᠠᠨ ᠦᠨᠳᠦᠰᠦᠯᠡᠨ ᠢᠳᠡᠭᠡᠨ ᠬᠤᠳᠠᠯᠳᠦᠨ ᠠᠪᠬᠤ ᠶᠢ ᠰᠠᠨᠠᠭᠠᠴᠢᠯᠠᠵᠤ᠂ ᠠᠵᠢᠯᠴᠢ | ᠠᠷᠪᠢᠴᠢ ᠪᠠᠷ ᠠᠵᠤ ᠲᠥᠷᠦᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠠᠢ᠃ | ᠳᠣᠯᠤᠭ᠎ᠠ᠂ ᠤᠷᠲᠤ ᠬᠤᠭᠤᠴᠠᠭᠠᠨ ᠤ ᠪᠦᠲᠦᠮᠵᠢᠲᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠠᠢ | ︵ᠠᠷᠪᠠᠨ ᠵᠢᠷᠭᠤᠭ᠎ᠠ︶ ᠢᠳᠡᠭᠡᠨ ᠤ ᠪᠦᠷᠢᠯᠭᠡᠯ ᠢ ᠡᠰᠡᠷᠭᠦᠴᠡᠬᠦ ᠠᠵᠢᠯ ᠤᠨ ᠬᠠᠤᠯᠢ ᠳᠦᠷᠢᠮᠵᠢᠭᠦᠯᠬᠦ | ᠠᠬᠢᠴᠠ ᠶᠢ ᠢᠳᠡᠪᠬᠢᠲᠠᠢ ᠲᠦᠯᠬᠢᠨ ᠠᠬᠢᠭᠤᠯᠵᠤ᠂ ᠢᠳᠡᠭᠡᠨ ᠤ ᠪᠦᠷᠢᠯᠭᠡᠯ ᠢ ᠡᠰᠡᠷᠭᠦᠴᠡᠬᠦ ᠣᠷᠦᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠪᠤᠶᠤ ᠵᠠᠰᠠᠭ ᠤᠨ ᠣᠷᠳᠤᠨ ᠤ ᠳᠦᠷᠢᠮ ᠲᠣᠭᠲᠠᠭᠠᠯ ᠢ ᠴᠠᠭ ᠲᠤᠨᠢ ᠲᠣᠬᠢᠷᠠᠭᠤᠯᠤᠨ | ᠰᠤᠳᠤᠯᠤᠨ ᠲᠣᠭᠲᠠᠭᠠᠬᠤ ᠬᠡᠷᠡᠭᠲᠠᠢ᠃ | ︵ᠠᠷᠪᠠᠨ ᠳᠣᠯᠤᠭ᠎ᠠ︶ ᠢᠳᠡᠭᠡᠨ ᠤ ᠪᠦᠷᠢᠯᠭᠡᠯ ᠢ ᠡᠰᠡᠷᠭᠦᠴᠡᠬᠦ ᠠᠵᠢᠯ ᠳᠠᠬᠢ ᠬᠢᠨᠠᠯᠲᠠ | ᠪᠠᠶᠢᠴᠠᠭᠠᠯᠲᠠ ᠪᠠᠨ ᠴᠢᠩᠭᠠᠳᠬᠠᠵᠤ᠂ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠢ ᠴᠠᠭ ᠲᠣᠬᠠᠢ ᠳᠤᠨᠢ | ᠰᠢᠮᠳᠠᠭᠤᠯᠤᠨ ᠴᠡᠭᠴᠡᠯᠡᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠠᠢ ᠤᠬᠠᠭᠤᠯᠤᠨ ᠳᠡᠯᠭᠡᠷᠡᠭᠦᠯᠬᠦ | ᠬᠡᠷᠡᠭᠲᠠᠢ᠃ | ︵ᠠᠷᠪᠠᠨ ᠨᠠᠢᠮᠠ︶ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠵᠢᠯᠤᠭᠤᠳᠤᠨ ᠡᠳ᠋ ᠤᠨ | ᠶᠠᠪᠤᠳᠠᠯ ᠤᠨ ᠨᠢᠭᠲᠠᠯᠠᠨ ᠪᠣᠳᠤᠬᠤ ᠬᠠᠮᠢᠶᠠᠷᠤᠯᠲᠠ ᠶᠢ ᠨᠢ ᠴᠢᠩᠭᠠᠳᠬᠠᠵᠤ᠂ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠬᠤᠭᠤᠯᠠ ᠤᠮᠳᠠ ᠶᠢᠨ ᠵᠠᠷᠤᠳᠠᠯ ᠤᠨ ᠳᠠᠩᠰᠠ ᠴᠠᠶᠢᠯᠭᠠᠬᠤ ᠠᠵᠢᠯᠯᠠᠭ᠎ᠠ ᠶᠢ ᠤᠯᠠᠮ ᠴᠢᠨᠠᠭᠰᠢᠳᠠ | ᠵᠢᠷᠤᠮᠵᠢᠭᠤᠯᠬᠤ ᠬᠡᠷᠡᠭᠲᠠᠢ᠃ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠠᠷᠢᠮᠲᠠ ᠪᠢᠴᠢᠵᠣ ᠬᠡᠷᠡᠭᠯᠡᠬᠦ | ᠪᠠᠶᠢᠳᠠᠯ ᠳᠤ ᠪᠠᠶᠢᠴᠠᠭᠠᠯᠲᠠ ᠬᠢᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠬᠤᠭᠤᠯᠠᠨ ᠤ ᠰᠦᠢᠳᠬᠡᠯ ᠢ | ᠬᠤᠭᠤᠯᠠᠨ ᠤ ᠪᠤᠰᠤ ᠰᠦᠢᠳᠬᠡᠯ ᠢᠶᠠᠷ ᠪᠢᠴᠢᠬᠦ ᠪᠤᠶᠤ ᠶᠡᠭᠡ ᠲᠣᠭᠠᠨ ᠤ ᠬᠤᠭᠤᠯᠠ ᠤᠮᠳᠠᠭᠠᠨ ᠤ ᠰᠦᠢᠳᠬᠡᠯ ᠢ ᠪᠠᠭ᠎ᠠ | ᠲᠣᠭᠠᠨ ᠤ ᠪᠠᠷᠢᠮᠲᠠ ᠪᠠᠷ ᠬᠡᠰᠡᠭᠯᠡᠨ ᠪᠢᠴᠢᠬᠦ ᠵᠡᠷᠭᠡ ᠠᠵᠢᠯᠯᠠᠭ᠎ᠠ ᠶᠢ ᠬᠠᠤᠯᠢ ᠶᠣᠰᠤᠭᠠᠷ ᠪᠠᠶᠢᠴᠠᠭᠠᠨ ᠰᠢᠢᠳᠪᠦᠷᠢᠯᠡᠬᠦ | ᠬᠡᠷᠡᠭᠲᠠᠢ︔ ᠵᠠᠰᠠᠭ ᠤᠨ ᠣᠷᠳᠤᠨ ᠤ ᠬᠤᠳᠠᠯᠳᠤᠨ ᠠᠪᠴᠤ ᠴᠢᠬ ᠲᠣᠭᠲᠠᠭᠠᠬᠰᠠᠨ ᠬᠤᠭᠤᠯᠠᠨ ᠭᠡᠷ ᠤᠳ ᠲᠤ | ᠲᠣᠭᠲᠠᠭᠠᠯ ᠠᠴᠠ ᠵᠦᠷᠢᠴᠡᠭᠰᠡᠨ ᠠᠰᠠᠭᠤᠳᠠᠯ ᠣᠷᠤᠰᠢᠵᠤ ᠪᠠᠶᠢᠭ᠎ᠠ ᠶᠢ ᠢᠯᠡᠷᠡᠭᠦᠯᠪᠡᠯ ᠴᠢᠬ ᠲᠣᠭᠲᠠᠬᠤ ᠬᠢᠷᠢ | ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠠᠢ᠃ ᠠᠮᠤ ᠪᠤᠲᠠᠭ᠎ᠠ ᠬᠤᠳᠠᠯᠳᠤᠨ ᠠᠪᠬᠤ᠂ ᠨᠥᠭᠡᠴᠡᠯᠡᠬᠦ᠂ | ᠵᠦᠭᠡᠭᠡᠪᠦᠷᠢᠯᠡᠬᠦ ᠵᠡᠷᠭᠡ ᠵᠠᠩᠭᠢᠯᠠᠭ᠎ᠠ ᠳᠠᠬᠢ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠣᠰᠤᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠠᠢ᠃ | ︵ᠠᠷᠪᠠ ᠶᠢᠰᠦ︶ ᠠᠯᠪᠠᠨ ᠵᠣᠴᠢᠯᠠᠯᠭ᠎ᠠ ᠶᠢᠨ ᠠᠵᠢᠯ ᠳᠠᠬᠢ ᠬᠤᠭᠤᠯᠠ ᠤᠮᠳᠠ ᠶᠢᠨ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠪᠠᠭᠤᠳᠠᠯ ᠬᠤᠭᠤᠯᠠᠨ ᠭᠡᠷ | ᠵᠡᠷᠭᠡ ᠳᠤ ᠳᠠᠯᠳᠠᠭᠤᠷ ᠰᠤᠷᠪᠤᠯᠵᠢᠯᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠂ ᠠᠯᠪᠠᠨ ᠤ ᠵᠣᠭᠤᠰ ᠢ ᠪᠦᠷᠢᠯᠭᠡᠭᠰᠡᠨ | ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠠᠢ᠃ ᠠᠯᠪᠠᠨ ᠵᠣᠴᠢᠯᠠᠯᠭ᠎ᠠ ᠶᠢᠨ ᠬᠠᠮᠢᠶᠠᠷᠤᠯᠲᠠ ᠶᠢᠨ | ᠲᠣᠭᠲᠠᠭᠠᠯ ᠠᠴᠠ ᠵᠦᠷᠢᠴᠡᠭᠰᠡᠨ ᠪᠠ ᠠᠯᠪᠠᠨ ᠤ ᠵᠣᠭᠤᠰ ᠢᠶᠠᠷ ᠬᠠᠷᠢᠯᠴᠠᠨ ᠳᠠᠶᠢᠯᠠᠯᠭ᠎ᠠ ᠬᠢᠭᠰᠡᠨ ᠵᠡᠷᠭᠡ | ᠠᠵᠢᠯᠯᠠᠭ᠎ᠠ ᠳᠠᠬᠢ ᠬᠠᠮᠢᠶ᠎ᠠ ᠪᠦᠬᠦᠢ ᠬᠦᠮᠦᠰ ᠤᠨ ᠬᠠᠷᠢᠭᠤᠴᠠᠯᠭ᠎ᠠ ᠶᠢ ᠬᠠᠤᠯᠢ ᠰᠠᠬᠢᠯᠭ᠎ᠠ ᠶᠣᠰᠤᠭᠠᠷ ᠨᠡᠬᠡᠮᠵᠢᠯᠡᠬᠦ | ᠬᠡᠷᠡᠭᠲᠠᠢ᠃ ᠠᠯᠪᠡᠨ ᠵᠣᠴᠢᠯᠠᠯᠭ᠎ᠠ ᠶᠢᠨ ᠵᠠᠷᠤᠳᠠᠯ ᠤᠨ ᠬᠢᠨᠠᠨ ᠪᠣᠳᠤᠯᠲᠠ ᠶᠢ ᠴᠢᠩᠭᠠᠳᠬᠠᠵᠤ᠂ ᠰᠠᠬᠢᠯᠭ᠎ᠠ | ᠳᠦᠷᠢᠮ ᠠᠴᠠ ᠵᠦᠷᠢᠴᠡᠭᠰᠡᠨ ᠠᠰᠠᠭᠤᠳᠠᠯ ᠢ ᠬᠠᠤᠯᠢ ᠶᠣᠰᠤᠭᠠᠷ ᠰᠢᠢᠳᠪᠦᠷᠢᠯᠡᠬᠦ ᠬᠡᠷᠡᠭᠲᠠᠢ᠃ | ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠠᠷᠪᠢᠯᠠᠨ ᠭᠠᠮᠨᠠᠬᠤ ᠶᠢ | ᠡᠷᠬᠢᠮᠯᠡᠨ ᠢᠳᠡᠭᠡᠨ ᠤ ᠪᠦᠷᠢᠯᠭᠡᠯ ᠢ ᠡᠰᠡᠷᠭᠦᠴᠡᠬᠦ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠨ | ᠲᠣᠳᠤᠷᠬᠠᠶᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠭᠦᠷ | ᠳᠦᠷᠢᠮ ᠢ ᠪᠦᠷᠢᠨᠰᠢᠭᠦᠯᠦᠨ᠂ ᠢᠳᠡᠭᠡᠨ ᠤ ᠪᠦᠷᠢᠯᠭᠡᠯ ᠢ ᠡᠰᠡᠷᠭᠦᠴᠡᠬᠦ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ | ᠪᠣᠲᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠥᠪᠡᠷᠲᠡᠭᠡᠨ ᠵᠠᠰᠠᠬᠤ ᠤᠷᠤᠨ ᠤ | ᠬᠥᠭᠵᠢᠭᠦᠯᠦᠯᠲᠡ ᠥᠭᠡᠷᠡᠴᠢᠯᠡᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠠᠴᠠ ᠨᠢᠭᠡᠳᠦᠯᠲᠠᠢ ᠲᠥᠯᠦᠪᠯᠡᠨ | ᠵᠢᠯᠤᠭᠤᠳᠬᠤ ᠪᠠ ᠵᠣᠬᠢᠴᠠᠭᠤᠯᠤᠨ ᠠᠬᠢᠭᠤᠯᠬᠤ ᠪᠠᠨ ᠴᠢᠩᠭᠠᠳᠬᠠᠵᠤ᠂ ᠡᠯ᠎ᠡ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠳ ᠢᠳᠡᠪᠬᠢᠲᠠᠢ ᠬᠠᠮᠵᠢᠯᠴᠠᠨ᠂ ᠢᠳᠡᠭᠡᠨ ᠤ ᠪᠦᠷᠢᠯᠭᠡᠯ ᠢ ᠡᠰᠡᠷᠭᠦᠴᠡᠬᠦ ᠠᠵᠢᠯ ᠢ ᠬᠠᠮᠲᠤᠪᠡᠷ ᠲᠦᠯᠬᠢᠨ | ᠠᠬᠢᠭᠤᠯᠵᠤ᠂ ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠨᠡᠶᠢᠬᠡᠮ ᠳᠠᠶᠠᠭᠠᠷ ᠲᠤ | ᠳᠡᠯᠭᠡᠷᠡᠭᠦᠯᠵᠦ ᠬᠡᠪᠰᠢᠯ ᠪᠣᠯᠭᠠᠬᠤ ᠪᠠᠷ ᠴᠢᠷᠮᠠᠶᠢᠬᠤ ᠬᠡᠷᠡᠭᠲᠠᠢ᠃ | | |