ᠲᠤᠭ᠎ᠠ ᠪᠦᠷᠢᠳᠭᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2015-04-02
ᠭᠤᠤᠯ ᠡᠭᠦᠷᠭᠡ ᠴᠢᠳᠠᠪᠤᠷᠢ ᠪᠠ ᠡᠭᠦᠷᠭᠡ ᠬᠠᠷᠢᠭᠤᠴᠠᠯᠭ᠎ᠠ᠄       ︵ᠨᠢᠭᠡ︶ ᠤᠯᠤᠰ ᠤᠨ ᠲᠤᠭ᠎ᠠ ᠪᠦᠷᠢᠳᠭᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠤᠯᠤᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠲᠤᠤᠱᠯᠠᠭᠤᠯᠤᠨ᠂ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠦᠭᠡᠷᠡᠴᠢᠯᠡᠯᠲᠡ᠂ ᠲᠤᠭ᠎ᠠ ᠪᠦᠷᠢᠳᠭᠡᠯ ᠤᠨ ᠪᠠᠶᠢᠭᠤᠯᠤᠯᠲᠠ ᠶᠢᠨ  ᠲᠦᠯᠦᠪᠵᠢᠭᠦᠯᠭᠡ ᠬᠢᠭᠡᠳ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠯᠦᠪᠯᠡᠭᠡ ᠶᠢ ᠲᠤᠭᠲᠠᠭᠠᠵᠤ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠪᠤᠯᠤᠨ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠬᠢᠨᠠᠯᠲᠠ ᠲᠠᠯᠪᠢᠨ ᠪᠠᠶᠢᠴᠠᠭᠠᠵᠤ᠂ ᠲᠤᠭ᠎ᠠ ᠪᠦᠷᠢᠳᠭᠡᠯ ᠤᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃       ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠰᠢᠰᠲ᠋ᠧᠮᠵᠢ ᠪᠤᠯᠤᠨ ᠲᠤᠭ᠎ᠠ ᠪᠦᠷᠢᠳᠭᠡᠯ ᠤᠨ ᠬᠦᠢᠴᠡᠳᠭᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠪᠦᠬᠦ ᠤᠯᠤᠰ ᠤᠨ ᠨᠢᠭᠡᠳᠤᠯᠲᠠᠢ ᠦᠨᠳᠦᠰᠦᠨ ᠲᠤᠭ᠎ᠠ ᠪᠦᠷᠢᠳᠭᠡᠯ ᠤᠨ ᠳᠦᠷᠢᠮ ᠢ ᠲᠤᠤᠱᠯᠠᠭᠤᠯᠵᠤ᠂ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠦᠷᠢᠮ ᠢ ᠲᠤᠭᠲᠠᠭᠠᠨ᠎ᠠ᠃ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠪᠠᠷᠢᠮᠵᠢᠶ᠎ᠠ ᠶᠢ ᠲᠤᠭᠲᠠᠭᠠᠨ᠂ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠪᠠᠷᠢᠮᠵᠢᠶ᠎ᠠ ᠶᠢ ᠬᠢᠨᠠᠨ ᠲᠤᠭᠲᠠᠭᠠᠨ᠎ᠠ᠃ ᠪᠦᠬᠦ ᠤᠷᠤᠨ ᠤ ᠲᠤᠭ᠎ᠠ ᠪᠦᠷᠢᠳᠭᠡᠯ ᠤᠨ ᠲᠦᠷᠦᠯ ᠵᠦᠢᠯ ᠢ ᠵᠤᠬᠢᠶᠠᠨ ᠪᠠᠶᠢᠭᠤᠯᠤᠨ ᠬᠠᠮᠢᠶᠠᠷᠴᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠯᠦᠪᠯᠡᠭᠡ᠂ ᠪᠠᠶᠢᠴᠠᠭᠠᠯᠲᠠ ᠶᠢᠨ ᠲᠦᠰᠦᠯ ᠢ ᠬᠢᠨᠠᠨ ᠵᠦᠪᠰᠢᠶᠡᠷᠡᠨ᠎ᠡ᠃       ︵ᠭᠤᠷᠪᠠ︶ ᠤᠯᠤᠰ ᠤᠨ ᠨᠡᠶᠢᠳᠡᠮ ᠪᠠᠶᠢᠴᠠᠭᠠᠯᠲᠠ ᠶᠢᠨ ᠲᠦᠰᠦᠯ ᠤᠨ ᠶᠤᠰᠤᠭᠠᠷ᠂ ᠤᠷᠤᠨ ᠤ ᠴᠢᠬᠤᠯᠠ ᠶᠡᠭᠡ ᠪᠠᠶᠢᠳᠠᠯ ᠪᠠ ᠬᠦᠴᠦᠨ ᠤ ᠨᠡᠶᠢᠳᠡᠮ ᠪᠠᠶᠢᠴᠠᠭᠠᠯᠲᠠ ᠶᠢᠨ ᠲᠦᠯᠦᠪᠯᠡᠭᠡ ᠶᠢ ᠰᠤᠳᠤᠯᠤᠨ ᠳᠤᠷᠠᠳᠴᠤ᠂ ᠵᠦᠪᠰᠢᠶᠡᠷᠡᠭᠦᠯᠦᠭᠡᠳ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠦᠴᠢᠷ ᠤᠨ ᠨᠡᠶᠢᠭᠡᠮ ᠠᠵᠤ ᠠᠬᠤᠢ ᠶᠢᠨ ᠪᠠᠶᠢᠴᠠᠭᠠᠯᠲᠠ ᠶᠢ ᠨᠢᠭᠡᠳᠤᠯᠲᠠᠢ ᠵᠤᠬᠢᠶᠠᠨ ᠪᠠᠶᠢᠭᠤᠯᠵᠤ᠂ ᠪᠦᠬᠦ ᠤᠷᠤᠨ ᠤ ᠦᠨᠳᠤᠰᠦᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠬᠤᠷᠢᠶᠠᠩᠭᠤᠶᠢᠯᠠᠵᠤ᠂ ᠡᠮᠬᠢᠳᠭᠡᠨ᠎ᠡ᠃ ᠤᠯᠤᠰ ᠠᠷᠠᠳ ᠤᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠤᠯᠤᠨ ᠨᠡᠶᠢᠭᠡᠮ ᠤᠨ ᠬᠦᠭᠵᠢᠯᠲᠡ ᠵᠡᠷᠭᠡ ᠪᠠᠶᠢᠳᠠᠯ ᠳᠤ ᠲᠤᠭ᠎ᠠ ᠪᠦᠷᠢᠳᠭᠡᠯ ᠤᠨ ᠵᠠᠳᠠᠯᠤᠯᠲᠠ ᠬᠢᠵᠤ᠂ ᠲᠤᠭ᠎ᠠ ᠪᠦᠷᠢᠳᠭᠡᠯ ᠤᠨ ᠲᠦᠰᠦᠭᠡᠯᠡᠯᠲᠡ ᠬᠢᠬᠦ ᠪᠠ ᠲᠤᠭ᠎ᠠ ᠪᠦᠷᠢᠳᠭᠡᠯ ᠳᠤ ᠬᠢᠨᠠᠯᠲᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠬᠤᠷᠢᠶ᠎ᠠ᠂ ᠵᠠᠰᠠᠭ ᠤᠨ ᠤᠷᠳᠤᠨ ᠬᠢᠭᠡᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠭ᠎ᠠ ᠪᠦᠷᠢᠳᠭᠡᠯ ᠤᠨ ᠮᠡᠳᠡᠭᠡ ᠵᠠᠩᠬᠢ ᠪᠠ ᠯᠠᠪᠯᠠᠯᠭ᠎ᠠ ᠶᠢᠨ ᠰᠠᠨᠠᠭᠤᠯᠭ᠎ᠠ ᠬᠠᠨᠭ᠍ᠭᠠᠨ᠎ᠠ᠃       ︵ᠳᠦᠷᠪᠡ︶ ᠪᠦᠬᠦ ᠤᠷᠤᠨ ᠤ ᠴᠢᠨᠠᠷᠲᠠᠢ ᠦᠨᠳᠦᠰᠦᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠨᠢᠭᠡᠲᠤᠯᠲᠠᠢ ᠬᠠᠮᠢᠶᠠᠷᠴᠤ ᠨᠡᠶᠢᠲᠡᠯᠡᠨ᠂ ᠪᠦᠬᠦ ᠤᠷᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠠ ᠶᠢᠨ ᠪᠠᠶᠢᠳᠠᠯ ᠤᠨ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢ ᠲᠤᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠲᠡᠯᠡᠨ᠎ᠡ᠃       ︵ᠲᠠᠪᠤ︶ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠠᠦ᠋ᠲ᠋ᠤᠴᠢᠯᠠᠬᠤ ᠰᠢᠰᠲ᠋ᠧᠮ ᠪᠤᠯᠤᠨ ᠲᠤᠭ᠎ᠠ ᠪᠦᠷᠢᠳᠭᠡᠯ ᠤᠨ ᠬᠦᠮᠦᠷᠭᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠪᠠ ᠬᠠᠮᠢᠶᠠᠷᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠬᠦᠮᠦᠷᠭᠡ ᠶᠢᠨ ᠲᠤᠤᠷ ᠰᠦᠯᠵᠢᠶᠡᠨ ᠤ ᠦᠨᠳᠦᠰᠦᠨ ᠪᠠᠷᠢᠮᠵᠢᠶ᠎ᠡ ᠪᠠ ᠠᠵᠢᠯᠯᠠᠭᠤᠯᠬᠤ ᠳᠦᠷᠢᠮ ᠢ ᠲᠤᠭᠲᠠᠭᠠᠨ᠎ᠠ᠃       ︵ᠵᠢᠷᠭᠤᠭ᠎ᠠ︶ ᠬᠤᠰᠢᠭᠤ ᠰᠢᠶᠠᠨ ᠠᠴᠠ ᠳᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠠᠵᠢᠯ ᠦᠢᠯᠡᠰ ᠤᠨ ᠵᠠᠷᠤᠳᠠᠯ ᠢ ᠲᠤᠭᠲᠠᠭᠠᠯ ᠶᠤᠰᠤᠭᠠᠷ ᠬᠠᠮᠢᠶᠠᠷᠤᠨ᠎ᠠ᠃ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢ ᠬᠠᠪᠰᠤᠷᠤᠨ ᠦᠪᠡᠷᠲᠡᠭᠡᠨ ᠵᠠᠰᠠᠬᠤ ᠤᠷᠤᠨ ᠳᠤ ᠲᠤᠬᠢᠷᠠᠭᠤᠯᠤᠭᠰᠠᠨ ᠡᠯ᠎ᠡ ᠱᠠᠲᠤᠨ ᠤ  ᠪᠠᠶᠢᠴᠠᠭᠠᠯᠲᠠ ᠶᠢᠨ ᠳᠤᠭᠤᠶᠢᠯᠠᠩ ᠢ ᠬᠠᠮᠢᠶᠠᠷᠤᠨ᠎ᠠ᠃ ᠠᠶᠢᠮᠠᠭ ᠬᠤᠲᠠ ᠶᠢ ᠬᠠᠪᠰᠤᠷᠤᠨ ᠠᠶᠢᠮᠠᠭ ᠬᠤᠲᠠ ᠶᠢᠨ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠤᠨ ᠭᠤᠤᠯ ᠬᠠᠷᠢᠭᠤᠴᠠᠵᠤ ᠪᠠᠶᠢᠭ᠎ᠠ ᠺᠠᠲᠠᠷ ᠢ ᠬᠠᠮᠢᠶᠠᠷᠤᠨ᠎ᠠ᠃ ᠪᠦᠬᠦ ᠤᠷᠤᠨ ᠤ ᠲᠤᠭ᠎ᠠ ᠪᠦᠷᠢᠳᠭᠡᠯ ᠤᠨ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠪᠠ ᠲᠤᠰᠢᠶᠠᠯ ᠳᠤ ᠲᠤᠭᠲᠠᠭᠠᠬᠤ ᠤᠷᠢᠬᠤ ᠠᠵᠢᠯ ᠢ ᠵᠤᠬᠢᠶᠠᠨ ᠪᠠᠶᠢᠭᠤᠯᠤᠨ ᠬᠠᠮᠢᠶᠠᠷᠤᠨ᠎ᠠ᠃       ︵ᠳᠤᠯᠤᠭ᠎ᠠ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ  ᠳᠠᠭᠠᠭᠠᠨ ᠬᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号