ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ
ᠨᠡᠶᠢᠲᠡᠯᠡᠭᠰᠡᠨ ᠴᠠᠭ᠄
2015-04-02
ᠭᠤᠤᠯ ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ ᠤᠨ ᠬᠤᠯᠪᠣᠭᠳᠠᠯ ᠪᠦᠬᠦᠢ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠣᠣᠱᠯᠠᠭᠤᠯᠣᠨ ᠬᠡᠷᠡᠭᠵᠢᠭᠦᠯᠦᠨ᠎ᠡ︔ ᠦᠪᠡᠷᠲᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠲᠥᠷᠦ ᠶᠢᠨ ᠪᠤᠳᠤᠯᠭ᠎ᠠ᠂ ᠬᠠᠤᠯᠢ ᠲᠣᠭᠲᠠᠭᠠᠯ᠂ ᠳᠥᠷᠢᠮ ᠲᠤᠭᠲᠠᠭᠠᠯ ᠢ ᠰᠤᠳᠤᠯᠤᠨ ᠲᠤᠭᠳᠠᠭᠠᠵᠤ ᠶᠢᠨ ᠬᠠᠮᠲᠤ ᠵᠤᠬᠢᠶᠠᠨ ᠪᠠᠶᠢᠭᠤᠯᠵᠤ  ᠬᠡᠷᠡᠭᠵᠢᠭᠦᠯᠦᠨ᠎ᠡ᠃      ︵ᠬᠤᠶᠠᠷ︶ ᠪᠦᠬᠦ ᠤᠷᠥᠨ ᠤ ᠶᠠᠰᠤ ᠴᠢᠨᠠᠷ ᠤᠨ ᠬᠢᠨᠠᠯᠲᠠ ᠲᠠᠯᠪᠢᠬᠤ ᠪᠠ ᠶᠠᠰᠦ ᠴᠢᠨᠠᠷ ᠤᠨ ᠬᠢᠨᠠᠯᠲᠠ ᠲᠠᠯᠪᠢᠬᠤ ᠪᠠᠶᠢᠴᠠᠭᠠᠯᠲᠠ ᠶᠢᠨ ᠠᠵᠢᠯ ᠢ ᠨᠢᠭᠡᠲᠦᠯᠲᠠᠢ ᠬᠠᠮᠢᠶᠠᠷᠤᠨ᠎ᠠ︔ ᠦᠢᠯᠡᠳᠬᠦᠨ ᠤ ᠶᠠᠰᠤ ᠴᠢᠨᠠᠷ ᠤᠨ ᠬᠦᠨᠳᠡᠯᠡᠨ ᠠᠴᠠ ᠲᠠᠰᠤᠯᠠᠬᠤ  ᠎ ᠶᠢ ᠰᠢᠯᠭᠠᠨ ᠪᠠᠶᠢᠴᠠᠭᠠᠬᠤ ᠪᠠ ᠬᠢᠨᠠᠨ ᠲᠤᠭᠲᠠᠭᠠᠬᠤ ᠶᠢ ᠬᠠᠮᠢᠶᠠᠷᠤᠨ᠎ᠠ︔ ᠪᠦᠬᠦ ᠤᠷᠤᠨ ᠤ ᠬᠤᠳᠠᠯ ᠬᠠᠭᠤᠷᠮᠠᠭ ᠴᠢᠨᠠᠷ ᠮᠠᠭᠤᠲᠠᠢ ᠲᠠᠸᠠᠷ ᠢ ᠦᠢᠯᠡᠳᠪᠦᠷᠢᠯᠡᠬᠦ ᠪᠠ ᠪᠣᠷᠤᠯᠠᠭᠤᠯᠤᠨ ᠬᠤᠳᠠᠯᠳᠤᠬᠤ ᠠᠵᠢᠯᠯᠠᠭᠠᠨ ᠳᠤᠮᠳᠠᠬᠢ ᠶᠠᠰᠤ ᠴᠢᠨᠠᠷ ᠤᠨ ᠬᠠᠤᠯᠢ ᠠᠴᠠ ᠵᠦᠷᠢᠴᠡᠭᠰᠡᠨ ᠠᠵᠢᠯᠠᠯᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠠᠬᠦ ᠠᠵᠢᠯ ᠢ ᠵᠤᠬᠢᠶᠠᠨ ᠪᠠᠶᠢᠭᠤᠯᠵᠤ ᠲᠤᠬᠢᠷᠠᠭᠤᠯᠤᠨ᠎ᠠ᠃      ︵ᠭᠤᠷᠪᠠ︶ ᠪᠦᠬᠦ ᠤᠷᠤᠨ ᠤ ᠶᠠᠰᠤ ᠴᠢᠨᠠᠷ ᠤᠨ ᠠᠵᠢᠯ ᠢ ᠬᠤᠷᠸ᠎ᠠ ᠲᠠᠯ᠎ᠠ ᠠᠴᠠ ᠬᠠᠮᠢᠶᠠᠷᠬᠤ ᠪᠠ ᠵᠢᠭᠠᠨ ᠵᠢᠯᠤᠭᠤᠳᠤᠨ᠎ᠠ᠃ ︽ᠶᠠᠰᠤ ᠴᠢᠨᠠᠷ ᠢᠶᠠᠷ ᠬᠥᠭᠵᠢᠭᠦᠯᠬᠦ ᠬᠥᠲᠥᠯᠪᠦᠷᠢ ᠶᠢᠨ ᠲᠤᠪᠴᠢ︾᠎ ᠶᠢ ᠵᠤᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠪᠥᠬᠦ ᠤᠷᠤᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠨᠠᠶᠢᠷᠠᠭᠤᠯᠤᠨ᠎ᠠ︔ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠡᠮᠵᠢᠶ᠎ᠡ ᠶᠢ  ᠳᠡᠯᠭᠡᠷᠡᠭᠦᠯᠦᠨ᠎ᠡ︔ ᠲᠤᠮᠤ ᠴᠢᠬᠤᠯᠠ ᠪᠠᠷᠢᠯᠭ᠎ᠠ ᠶᠢᠨ ᠲᠥᠭᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠠᠬᠤ ᠳᠦᠷᠢᠮ ᠢ ᠵᠣᠬᠢᠴᠠᠭᠤᠯᠤᠨ ᠪᠠᠶᠢᠭᠤᠯᠤᠨ᠎ᠠ︔ ᠬᠥᠨᠳᠣ ᠶᠡᠭᠡ ᠦᠢᠯᠡᠳᠬᠦᠨ ᠤ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠦᠢᠯᠡᠳᠬᠦᠨ ᠤ ᠦᠢᠯᠡᠳᠪᠦᠷᠢᠯᠡᠯ ᠤᠨ ᠵᠦᠪᠰᠢᠶᠡᠷᠡᠯ ᠤᠨ ᠦᠨᠡᠮᠯᠡᠯ ᠤᠨ ᠠᠵᠢᠯ ᠢ ᠬᠠᠮᠢᠶᠠᠷᠤᠨ᠎ᠠ᠃      ︵ᠳᠦᠷᠪᠡ︶ ᠪᠦᠬᠦ ᠤᠷᠤᠨ ᠤ ᠪᠠᠷᠢᠮᠵᠢᠶᠠᠵᠢᠭᠤᠯᠬᠤ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠤᠯᠤᠰ ᠎ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠪᠠ ᠳᠡᠯᠡᠬᠡᠢ ᠶᠢᠨ ᠪᠠᠷᠢᠮᠵᠢᠶ᠎ᠠ ᠶᠢ ᠬᠡᠷᠡᠭᠯᠡᠬᠦ ᠠᠵᠢᠯ ᠢ ᠳᠡᠯᠭᠡᠷᠡᠬᠦᠯᠵᠦ᠂ ᠠᠵᠢᠯ ᠲᠦᠷᠦᠯ ᠤᠨ ᠪᠠᠷᠢᠮᠵᠢᠶ᠎ᠠ ᠶᠢ ᠬᠡᠷᠡᠭᠵᠢᠬᠦᠯᠬᠦ ᠶᠢ ᠵᠣᠬᠢᠴᠠᠭᠤᠯᠬᠤ ᠪᠠ ᠵᠢᠯᠤᠭᠤᠳᠴᠤ᠂ ᠦᠪᠡᠷᠲᠡᠭᠡᠨ ᠵᠠᠰᠠᠬᠤ ᠣᠷᠣᠨ ᠤ ᠣᠷᠣᠨ ᠨᠣᠲᠤᠭ ᠤᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠲᠠᠭᠠᠬᠤ ᠪᠠ ᠬᠡᠷᠡᠭᠵᠢᠭᠦᠯᠵᠦ᠂ ᠦᠢᠯᠡᠳᠬᠦᠨ ᠤ ᠪᠠᠷᠢᠮᠵᠢᠶ᠎ᠠ ᠶᠢ ᠳᠠᠩᠰᠠᠯᠠᠬᠤ ᠪᠠ ᠠᠵᠤ ᠠᠬᠤᠶᠢᠯᠠᠯ ᠤᠨ ᠦᠯᠡᠳᠭᠦᠨ ᠤ ᠪᠠᠷᠢᠮᠵᠢᠶ᠎ᠠ ᠎ ᠶᠢ ᠳᠠᠩᠰᠠᠨ ᠳᠤ ᠲᠡᠮᠲᠡᠭᠯᠡᠬᠦ ᠠᠵᠢᠯ ᠢ ᠬᠠᠷᠢᠭᠤᠴᠠᠨ ᠬᠠᠮᠢᠶᠠᠷᠤᠨ᠎ᠠ︔ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠎ ᠳᠤ ᠬᠢᠨᠠᠯᠲᠠ ᠲᠠᠯᠪᠢᠨ᠎ᠠ︔ ᠪᠦᠬᠦ ᠤᠷᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠥᠯᠦᠭᠡᠯᠡᠬᠦ ᠲᠡᠮᠲᠡᠭ ᠲᠤ ᠦᠨᠡᠮᠯᠡᠯ ᠣᠯᠭᠤᠬᠤ ᠪᠠ ᠲᠠᠸᠠᠷ ᠤᠨ ᠵᠢᠷᠤᠭᠠᠰᠤᠨ ᠲᠡᠮᠳᠡᠭ ᠤᠨ ᠠᠵᠢᠯ ᠢ ᠬᠠᠷᠢᠭᠤᠴᠠᠨ᠎ᠠ᠃      ︵ᠲᠠᠪᠤ︶ ᠪᠦᠬᠦ ᠤᠷᠤᠨ ᠤ ᠲᠤᠭ᠎ᠠ ᠬᠡᠮᠵᠢᠭᠦᠷ ᠤᠨ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠬᠠᠤᠯᠢ ᠪᠠᠷ ᠲᠤᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠬᠦ ᠎ ᠶᠢ ᠬᠠᠷᠢᠭᠤᠴᠠᠨ᠎ᠠ︔ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠤᠨ ᠲᠣᠭᠲᠠᠭᠠᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠵᠣ᠂ ᠦᠪᠡᠷᠲᠡᠭᠡᠨ ᠵᠠᠰᠠᠬᠤ ᠤᠷᠤᠨ ᠤ ᠣᠷᠣᠨ ᠨᠤᠲᠤᠭ ᠤᠨ ᠬᠡᠮᠵᠢᠯᠲᠡ ᠶᠢᠨ ᠰᠢᠯᠭᠠᠨ ᠲᠤᠭᠳᠠᠭᠠᠬᠤ ᠳᠥᠷᠢᠮ ᠪᠠ ᠮᠡᠷᠭᠡᠵᠢᠯ ᠤᠨ ᠲᠦᠷᠢᠮᠵᠢᠯ ᠢ ᠲᠤᠭᠲᠠᠭᠠᠨ᠎ᠠ︔ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠤᠭᠳᠠᠭᠠᠬᠤ ᠶᠢ ᠬᠠᠷᠢᠭᠤᠴᠠᠵᠤ᠂ ᠬᠡᠮᠵᠢᠯᠲᠡ ᠶᠢᠨ ᠥᠷᠲᠡᠭ ᠢ ᠳᠠᠮᠵᠢᠭᠤᠯᠬᠤ ᠶᠢ ᠵᠤᠬᠢᠶᠠᠨ ᠪᠠᠶᠢᠭᠤᠯᠵᠤ᠂ ᠬᠡᠮᠵᠢᠯᠲᠡ ᠶᠢᠨ ᠥᠷᠲᠡᠭ ᠤᠨ ᠤᠨᠤᠪᠴᠢᠲᠠᠢ ᠨᠢᠭᠡᠲᠦᠯᠲᠠᠢ ᠪᠠᠶᠢᠬᠤ ᠶᠢ ᠪᠠᠲᠤᠯᠠᠨ᠎ᠠ︔ ᠲᠠᠸᠠᠷ ᠤᠨ ᠬᠡᠮᠵᠢᠶᠡᠨ ᠤ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠨ᠎ᠠ︔ ᠬᠠᠤᠯᠢ ᠳᠤ ᠲᠤᠭᠲᠠᠭᠠᠭᠰᠠᠨ᠂ ᠡᠷᠬᠡ ᠤᠯᠭᠤᠭᠰᠠᠨ ᠬᠡᠮᠵᠢᠯᠲᠡ ᠶᠢᠨ ᠰᠢᠯᠭᠠᠨ ᠲᠤᠭᠳᠠᠭᠠᠬᠤ ᠪᠠᠶᠢᠭᠤᠯᠤᠮᠵᠢ ᠪᠠ ᠬᠡᠮᠵᠢᠯᠲᠡ ᠶᠢᠨ ᠠᠯᠪᠠᠨ ᠬᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠨ ᠬᠠᠮᠢᠶᠠᠷᠤᠨ᠎ᠠ᠃      ︵ᠵᠢᠷᠭᠤᠭ᠎ᠠ︶ ᠪᠦᠬᠦ ᠤᠷᠤᠨ ᠤ ᠭᠡᠷᠡᠴᠢᠯᠡᠬᠦ ᠪᠣᠶᠤ ᠵᠦᠪᠰᠢᠶᠡᠷᠡᠬᠦ ᠠᠵᠢᠯ ᠢ ᠨᠢᠭᠡᠲᠦᠯᠲᠠᠢ ᠬᠠᠮᠢᠶᠠᠷᠠᠬᠤ ᠪᠠ ᠬᠢᠨᠠᠯᠲᠠ ᠲᠠᠯᠪᠢᠵᠤ᠂ ᠤᠯᠤᠰ ᠤᠨ ᠬᠤᠯᠪᠣᠭᠳᠠᠯ ᠪᠦᠬᠦᠢ ᠭᠡᠷᠡᠴᠢᠯᠡᠬᠦ ᠪᠠ ᠵᠦᠪᠰᠢᠶᠡᠷᠡᠬᠦ ᠠᠵᠢᠯ ᠎ ᠤᠨ ᠳᠥᠷᠢᠮ ᠳᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠠᠯᠪᠠᠳᠠᠯᠭ᠎ᠠ ᠶᠢᠨ ᠴᠢᠨᠠᠷᠲᠠᠢ ᠬᠠᠮᠢᠶᠠᠷᠤᠯᠲᠠ ᠶᠢᠨ ᠠᠶᠤᠯ ᠦᠭᠡᠢ ᠶᠢᠨ ᠭᠡᠷᠡᠴᠢᠯᠡᠭᠡ ᠬᠢᠬᠦ ᠶᠢ ᠵᠣᠬᠢᠴᠠᠭᠤᠯᠬᠤ ᠪᠠ ᠬᠢᠨᠠᠯᠲᠠ ᠲᠠᠯᠪᠢᠨ᠎ᠠ︔ ᠶᠠᠰᠤ ᠴᠢᠨᠠᠷ ᠤᠨ ᠭᠡᠷᠡᠴᠢᠯᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ︔ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠠᠤᠯᠢ ᠶᠤᠰᠤᠭᠠᠷ ᠡᠷᠬᠡ ᠤᠯᠭᠤᠬᠤ ᠪᠠ ᠬᠢᠨᠠᠨ ᠬᠠᠮᠢᠶᠠᠷᠴᠤ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠳᠤ ᠬᠤᠯᠪᠤᠭᠳᠠᠯ ᠲᠠᠢ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠣᠯᠲᠠ ᠳᠤ ᠬᠢᠷᠢ ᠬᠡᠮ ᠤᠨ ᠮᠡᠳᠡᠷᠡᠨ ᠵᠦᠪᠰᠢᠶᠡᠷᠡᠬᠦ ᠪᠠ ᠬᠢᠨᠠᠵᠦ ᠬᠠᠮᠢᠶᠠᠷᠬᠤ ᠶᠢ ᠬᠡᠷᠡᠭᠵᠢᠭᠦᠯᠦᠨ᠎ᠡ      ︵ᠳᠤᠯᠤᠭ᠎ᠠ︶ ᠵᠣᠤᠬ᠎ᠠ᠂ ᠳᠠᠷᠤᠯᠲᠠᠲᠤ ᠰᠠᠪᠠ᠂ ᠴᠠᠬᠢᠯᠭᠠᠨ ᠱᠠᠲᠤ᠂ ᠳᠡᠯᠪᠡᠷᠡᠯᠲᠡ ᠶᠢ ᠰᠡᠷᠭᠡᠶᠢᠯᠡᠬᠦ ᠴᠠᠬᠢᠯᠭᠠᠨ ᠬᠡᠷᠡᠭᠰᠡᠯ ᠵᠡᠷᠭᠡ ᠤᠨᠴᠠᠭᠠᠢ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠬᠠᠮᠢᠶ᠎ᠠ ᠪᠦᠬᠦᠢ ᠳᠦᠷᠢᠮ ᠲᠤᠭᠲᠠᠭᠠᠯ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠣᠤᠬ᠎ᠠ᠂ ᠳᠠᠷᠤᠯᠲᠠᠲᠤ ᠰᠠᠪᠠ ᠶᠢ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠳᠤ ᠬᠢᠨᠠᠨ ᠪᠠᠶᠢᠴᠠᠭᠠᠯᠲᠠ ᠬᠢᠨ᠎ᠡ᠃      ︵ᠨᠠᠢᠮᠠ︶ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠤᠬᠢᠶᠠᠨ ᠪᠠᠶᠢᠭᠤᠯᠤᠨ ᠲᠤᠭᠳᠠᠭᠠᠨ᠎ᠠ︔ ᠠᠵᠢᠯ ᠲᠥᠷᠥᠯ ᠪᠣᠯᠣᠨ ᠲᠣᠰᠬᠠᠢ ᠮᠡᠷᠭᠡᠵᠢᠯ ᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠤᠨ᠎ᠠ︔ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠮᠢᠶᠠᠷᠤᠨ ᠵᠢᠯᠤᠭᠤᠳᠤᠨ᠎ᠠ︔ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠯᠲᠠ ᠶᠢᠨ ᠤᠬᠠᠭᠤᠯᠬᠤ᠂ ᠬᠦᠮᠦᠵᠢᠭᠦᠯᠬᠦ᠂ ᠪᠤᠯᠪᠠᠰᠤᠷᠠᠭᠤᠯᠬᠤ ᠪᠠ ᠮᠡᠳᠡᠭᠡ ᠵᠠᠩᠬᠢ ᠶᠢᠨ ᠠᠵᠢᠯ ᠢ ᠵᠤᠬᠢᠶᠠᠨ ᠪᠠᠶᠢᠭᠤᠯᠵᠤ ᠬᠠᠮᠢᠶᠠᠷᠤᠨ᠎ᠠ︔ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠠᠵᠢᠯ ᠢ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠦᠰᠢᠭᠯᠡᠭᠰᠡᠨ ᠰᠢᠨᠵᠢᠯᠡᠭᠡᠨ ᠤ ᠨᠡᠶᠢᠭᠡᠮᠯᠢᠭ ᠪᠠ ᠡᠪᠯᠡᠯ ᠤᠨ ᠠᠵᠢᠯ ᠢ ᠵᠢᠭᠠᠨ ᠵᠢᠯᠤᠭᠤᠳᠤᠨ᠎ᠠ᠃      ︵ᠶᠢᠰᠦ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠣᠯᠣᠨ ᠤᠯᠤᠰ ᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠶᠢᠨ ᠭᠦᠢᠴᠡᠳᠭᠡᠯᠭᠡᠬᠦ ᠪᠠᠷ ᠲᠣᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号