ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2015-04-02
 ᠭᠤᠤᠯ ᠡᠭᠦᠷᠭᠡ ᠬᠠᠷᠢᠭᠤᠴᠠᠯᠭ᠎ᠠ᠄         ︵ᠨᠢᠭᠡ︶ ᠭᠠᠶᠢᠯᠢ ᠲᠠᠲᠠᠪᠤᠷᠢ ᠶᠢᠨ ᠲᠤᠬᠠᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠬᠠᠤᠯᠢ ᠲᠤᠭᠲᠠᠭᠠᠯ᠂ ᠳᠦᠷᠢᠮ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠵᠤ᠂ ᠪᠤᠳᠠᠲᠠᠢ ᠬᠡᠷᠡᠭᠵᠢᠭᠦᠯᠬᠦ ᠠᠷᠭ᠎ᠠ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠭᠠᠶᠢᠯᠢ ᠲᠠᠲᠠᠪᠤᠷᠢ ᠶᠢᠨ ᠬᠦᠭᠵᠢᠯᠲᠠ ᠶᠢᠨ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃       ︵ᠬᠤᠶᠠᠷ︶ ᠤᠷᠤᠨ ᠨᠤᠲᠤᠭ ᠤᠨ ᠭᠠᠶᠢᠯᠢ ᠪᠠ ᠬᠠᠮᠲᠤ ᠪᠠᠷ ᠡᠳ᠋ᠯᠡᠬᠦ ᠭᠠᠶᠢᠯᠢ ᠶᠢᠨ ᠲᠠᠲᠠᠪᠤᠷᠢ ᠶᠢ ᠬᠠᠮᠢᠶᠠᠷᠬᠤ᠂ ᠭᠠᠶᠢᠯᠢ ᠶᠢᠨ ᠢᠷᠡᠯᠲᠡ ᠶᠢ ᠬᠠᠮᠢᠶᠠᠷᠬᠤ᠂ ᠭᠠᠶᠢᠯᠢ ᠲᠤᠰᠢᠶᠠᠯᠲᠠ ᠶᠢ ᠦᠨᠡᠯᠡᠬᠦ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ᠃ ᠵᠠᠰᠠᠭ ᠤᠨ ᠤᠷᠳᠤᠨ ᠤ ᠰᠠᠭᠤᠷᠢ ᠮᠦᠡᠭᠭᠦ  ︵ᠲᠤᠭᠲᠠᠭᠠᠯᠲᠤ ᠵᠠᠷᠤᠳᠠᠯ︶᠎ ᠶᠢᠨ ᠲᠠᠲᠠᠪᠤᠷᠢᠯᠠᠵᠤ ᠬᠠᠮᠢᠶᠠᠷᠬᠤ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠡ᠃ ᠶᠠᠷᠤ ᠶᠢᠨ ᠪᠠᠷᠢᠮᠲᠠ ᠪᠠ ᠭᠠᠶᠢᠯᠢ ᠳᠠᠳᠠᠪᠤᠷᠢ ᠶᠢᠨ ᠪᠠᠷᠢᠮᠲᠠ ᠶᠢ ᠬᠠᠮᠢᠶᠠᠷᠬᠤ ᠠᠵᠢᠯ ᠢ ᠬᠠᠷᠢᠭᠤᠴᠠᠨ᠎ᠠ       ︵ᠭᠤᠷᠪᠠ︶ ᠲᠠᠲᠠᠪᠤᠷᠢᠯᠠᠯᠲᠠ ᠬᠠᠮᠢᠶᠠᠷᠤᠯᠲᠠ ᠶᠢ ᠪᠠᠶᠢᠴᠠᠭᠠᠬᠤ ᠠᠵᠢᠯ ᠢ ᠬᠠᠷᠢᠭᠤᠴᠠᠨ᠂ ᠭᠠᠶᠢᠯᠢ  ᠳᠠᠲᠠᠪᠤᠷᠢ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠳᠤᠲᠤᠭᠠᠲᠤ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠯᠠᠭ᠎ᠠ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠬᠤ ᠶᠢᠨ ᠬᠠᠮᠲᠤ ᠬᠢᠨᠠᠨ ᠪᠠᠶᠢᠴᠠᠭᠠᠨ᠎ᠠ︔ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ  ᠰᠢᠳᠭᠡᠯ ‍ᠤᠨ‌‍ᠬᠡᠷᠡᠴᠢᠯᠡᠯᠲᠡ ᠰᠤᠨᠤᠰᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃       ︵ᠳᠦᠷᠪᠡ︶ ᠲᠤᠰ ᠰᠢᠰᠲ᠋ᠧᠮ ᠤᠨ ᠭᠠᠶᠢᠯᠢ ᠲᠤᠰᠢᠶᠠᠭᠴᠢ ᠳᠤ ᠦᠢᠯᠡᠴᠢᠯᠡᠬᠦ ᠰᠢᠰᠲ᠋ᠧᠮ ᠤᠨ  ᠪᠠᠶᠢᠭᠤᠯᠤᠯᠲᠠ ᠶᠢ ᠲᠦᠯᠦᠪᠵᠢᠬᠦᠯᠬᠦ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃ ᠭᠠᠶᠢᠯᠢ  ᠲᠤᠰᠢᠶᠠᠭᠴᠢ ᠳᠤ ᠦᠢᠯᠡᠴᠢᠯᠡᠬᠦ ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ ᠪᠠ ᠬᠢᠨᠠᠨ ᠬᠡᠷᠡᠭᠵᠢᠭᠦᠯᠵᠤ᠂ ᠭᠠᠶᠢᠯᠢ ᠲᠤᠰᠢᠶᠠᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠨ᠎ᠠ︔ ᠳᠠᠩᠰᠠᠯᠠᠭᠤᠯᠤᠭᠰᠠᠨ ᠭᠠᠶᠢᠯᠢ ᠪᠠᠶᠢᠴᠠᠭᠠᠭᠴᠢ ᠶᠢᠨ ᠬᠠᠮᠢᠶᠠᠷᠤᠯᠲᠠ ᠶᠢᠨ ᠳᠦᠷᠢᠮ ᠢ ᠬᠢᠨᠠᠨ ᠬᠡᠷᠡᠭᠵᠢᠭᠦᠯᠦᠨ᠎ᠡ᠃       ︵ᠲᠠᠪᠤ︶ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠡᠯᠲᠠ ᠶᠢᠨ ᠪᠦᠲᠦᠭᠡᠨ ᠪᠠᠶᠢᠭᠤᠯᠤᠯᠲᠠ᠂ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠬᠦ ᠶᠢ ᠲᠦᠯᠦᠪᠵᠢᠬᠦᠯᠬᠦ  ᠂ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃       ︵ᠵᠢᠷᠭᠤᠭ᠎ᠠ︶ ᠤᠷᠤᠨ ᠨᠤᠲᠤᠭ ᠤᠨ ᠭᠠᠶᠢᠯᠢ ᠶᠢᠨ ᠢᠷᠡᠯᠲᠡ ᠶᠢ ᠲᠦᠰᠦᠪᠯᠡᠨ ᠲᠦᠯᠦᠪᠯᠡᠵᠤ᠂  ᠤᠷᠤᠨ ᠨᠤᠲᠤᠭ ᠤᠨ ᠭᠠᠶᠢᠯᠢ ᠲᠠᠲᠠᠪᠤᠷᠢ ᠪᠠ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠭᠤᠷᠢ ᠮᠦᠡᠭᠭᠦ ︵ᠲᠤᠭᠲᠠᠭᠠᠯᠲᠤ ᠵᠠᠷᠤᠳᠠᠯ︶᠎ ᠶᠢᠨ ᠤᠨ ᠤ ᠲᠦᠯᠦᠪᠯᠡᠭᠡ ᠶᠢ ᠵᠤᠬᠢᠶᠠᠨ᠎ᠠ᠃       ︵ᠳᠤᠯᠤᠭ᠎ᠠ︶ ᠦᠪᠡᠷᠲᠡᠭᠡᠨ ᠵᠠᠰᠠᠬᠤ ᠤᠷᠤᠨ ᠤ ᠱᠠᠳᠤᠨ ᠠᠴᠠ ᠳᠤᠷᠤᠭᠰᠢᠬᠢ ᠡᠯ᠎ᠡ ᠱᠠᠲᠤᠨ ᠤ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠳᠤ ᠰᠢᠰᠲ᠋ᠧᠮ ᠤᠨ ᠬᠠᠮᠢᠶᠠᠷᠤᠯᠲᠠ ᠶᠠᠪᠤᠭᠤᠯᠤᠨ᠎ᠠ᠃       ︵ᠨᠠᠢᠮᠠ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠭᠡᠢ ᠲᠤᠪᠴᠢᠶᠠᠨ ᠎ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠬᠦᠢᠴᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号