ᠬᠤᠳᠠᠯᠳᠤᠭᠠᠨ ᠤ ᠶᠠᠪᠤᠳᠠᠯ ᠤᠨ ᠲᠢᠩᠬᠢᠮ
ᠨᠡᠶᠢᠲᠡᠯᠡᠭᠰᠡᠨ ᠴᠠᠭ᠄
2015-04-02
     ᠭᠤᠤᠯ ᠡᠬᠦᠷᠭᠡ ᠴᠢᠳᠠᠪᠤᠷᠢ᠄      ︵ᠨᠢᠭᠡ︶ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ᠂ ᠪᠤᠭᠤᠮᠳᠠ ᠶᠢᠨ ᠠᠵᠢᠯ ᠤᠨ ᠲᠤᠬᠠᠢ ᠲᠦᠷᠦ ᠶᠢᠨ ᠴᠢᠭᠯᠡᠯᠳᠡ ᠲᠦᠷᠦ ᠶᠢᠨ ᠪᠤᠳᠤᠯᠭ᠎ᠠ  ᠪᠤᠯᠤᠨ ᠬᠠᠤᠯᠢ ᠴᠠᠭᠠᠵᠠ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠡ᠂ ᠲᠦᠷᠢᠮ ᠲᠤᠭᠳᠠᠭᠠᠯ ᠢ ᠰᠤᠳᠤᠯᠤᠨ ᠲᠤᠷᠠᠳᠤᠨ᠎ᠠ︔ ᠦᠪᠡᠷᠳᠡᠭᠡᠨ ᠵᠠᠰᠠᠬᠤ ᠤᠷᠤᠨ ᠤ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ ᠪᠠ ᠪᠤᠭᠤᠮᠳᠠ ᠶᠢᠨ ᠬᠦᠭᠵᠢᠯᠳᠡ ᠶᠢᠨ ᠲᠦᠯᠦᠪᠵᠢᠬᠦᠯᠭᠡ ᠶᠢ ᠲᠤᠭᠤᠷᠪᠢᠨ ᠲᠤᠭᠳᠠᠭᠠᠨ᠎ᠠ︔ ᠲᠤᠰ ᠭᠠᠵᠠᠷ ᠤᠷᠤᠨ ᠤ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠢ ᠶᠢᠨ ᠬᠤᠷᠰᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠪᠠ ᠪᠤᠭᠤᠮᠳᠠ ᠶᠢᠨ ᠬᠤᠷᠸ᠎ᠠ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠨ᠎ᠠ᠃      ︵ᠬᠤᠶᠠᠷ︶ ᠦᠪᠡᠷᠳᠡᠭᠡᠨ ᠵᠠᠰᠠᠬᠤ ᠤᠷᠤᠨ ᠤ ᠬᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢᠨ ᠰᠠᠨᠠᠯ ᠢ ᠰᠤᠳᠤᠯᠤᠨ ᠲᠤᠷᠠᠳᠬᠤ ᠶᠢᠨ ᠬᠠᠮᠳᠤ᠂ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠬᠤᠳᠠ ᠬᠦᠳᠡᠭᠡ ᠶᠢᠨ ᠵᠠᠬ᠎ᠠ ᠲᠡᠯᠭᠡᠬᠦᠷ ᠢ  ᠲᠤᠷᠨᠢᠭᠤᠯᠤᠨ ᠬᠦᠭᠵᠢᠬᠦᠯᠵᠤ᠂ ᠬᠦᠢᠯᠭᠡᠭᠡᠨ ᠤ ᠠᠵᠤ ᠦᠢᠯᠡᠰ ᠤᠨ ᠪᠦᠳᠦᠴᠡ ᠶᠢ ᠲᠤᠬᠢᠷᠠᠭᠤᠯᠬᠤ ᠪᠠ ᠬᠤᠯᠪᠤᠯᠳᠤᠨ ᠡᠵᠡᠩᠨᠡᠬᠦ᠂ ᠡᠳ᠋ ᠪᠠᠷᠠᠭ᠎ᠠ ᠎ ᠶᠢᠨ ᠬᠦᠢᠯᠭᠡᠭᠡ ᠶᠢ ᠲᠤᠬᠢᠷᠠᠭᠤᠯᠤᠨ ᠬᠦᠷᠭᠡᠬᠦ᠂ ᠴᠠᠬᠢᠮ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠬᠦᠢᠯᠭᠡᠭᠡᠨ ᠤ ᠠᠷᠭ᠎ᠠ ᠪᠠᠷᠢᠯ ᠢ ᠲᠦᠯᠬᠢᠨ ᠠᠬᠢᠭᠤᠯᠤᠨ᠎ᠠ᠃      ︵ᠭᠤᠷᠪᠠ︶ ᠵᠠᠬ᠎ᠠ ᠲᠡᠯᠭᠡᠬᠦᠷ ᠤᠨ ᠠᠵᠢᠯᠯᠠᠭ᠎ᠠ᠂ ᠬᠦᠢᠯᠭᠡᠭᠡᠨ ᠤ ᠡᠮᠬᠢ ᠲᠢᠭᠯᠢᠮ ᠢ ᠵᠢᠷᠤᠮᠵᠢᠭᠤᠯᠬᠤ ᠪᠠ ᠵᠠᠬ᠎ᠠ ᠲᠡᠯᠭᠡᠬᠦᠷ ᠤᠨ ᠭᠠᠭᠴᠠᠭᠠᠷ ᠡᠵᠡᠮᠰᠢᠯ᠂ ᠭᠠᠵᠠᠷ ᠤᠷᠤᠨ ᠤ ᠪᠢᠳᠠᠭᠦᠮᠵᠢᠯᠡᠯ ᠢ ᠡᠪᠳᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ  ᠰᠤᠳᠤᠯᠤᠨ ᠲᠤᠭᠤᠷᠪᠢᠨ ᠲᠤᠭᠳᠠᠭᠠᠨ᠎ᠠ︔ ᠵᠠᠬ᠎ᠠ ᠲᠡᠯᠭᠡᠬᠦᠷ ᠤᠨ ᠠᠵᠢᠯᠯᠠᠭ᠎ᠠ ᠪᠠ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠵᠤ᠂ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠲᠡᠯᠭᠡᠬᠦᠷ ᠢ ᠲᠤᠬᠢᠷᠠᠭᠤᠯᠭ᠎ᠠ ᠡᠵᠡᠮᠰᠢᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠬᠦᠢᠯᠭᠡᠭᠡᠨ ᠤ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ︽ᠬᠤᠯᠢᠰᠢᠨ ᠢᠳᠡᠭᠡ︾᠎ ᠶᠢᠨ ᠪᠦᠳᠦᠭᠡᠭᠳᠡᠬᠦᠨ ᠤ ᠬᠦᠢᠯᠭᠡᠭᠡᠨ ᠤ ᠠᠵᠢᠯ ᠲᠦᠷᠦᠯ ᠤᠨ ᠵᠢᠯᠤᠭᠤᠳᠤᠮᠵᠢ ᠪᠠ ᠬᠠᠮᠢᠶᠠᠷᠤᠯᠳᠠ ᠶᠢ ᠬᠠᠷᠢᠭᠤᠴᠠᠨ᠎ᠠ᠃    ( ᠲᠦᠷᠪᠡ︶ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠳᠤ ᠲᠤᠭ᠎ᠠ ᠶᠢᠨ ᠲᠦᠯᠦᠪᠯᠡᠭᠡ ᠪᠠ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠵᠦᠪᠰᠢᠶᠠᠷᠡᠯ ᠤᠨ ᠦᠨᠡᠮᠯᠡᠯ ᠤᠨ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ︔ ᠤᠯᠤᠰ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠳᠤ ᠲᠤᠭ᠎ᠠ ᠶᠢᠨ ᠲᠠᠭᠠᠭᠠᠴᠢᠯᠠᠯᠳᠠ ᠵᠠᠷᠯᠠᠬᠤ ᠲᠦᠷᠦ ᠶᠢᠨ ᠪᠤᠳᠤᠯᠭ᠎ᠠ ᠎ ᠶᠢ ᠨᠠᠶᠢᠳᠠᠪᠤᠷᠢᠵᠢᠭᠤᠯᠬᠤ ᠠᠷᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃      ︵ᠲᠠᠪᠤ︶ ᠴᠢᠬᠤᠯᠠ ᠠᠵᠤ ᠦᠢᠯᠡᠳᠪᠦᠷᠢ ᠶᠢᠨ ᠦᠢᠯᠡᠳᠭᠦᠨ᠂ ᠲᠠᠷᠢᠶᠠᠯᠠᠩ ᠤᠨ ᠪᠦᠳᠤᠭᠡᠭᠳᠡᠭᠦᠨ᠂ ᠲᠦᠬᠦᠭᠡᠢ ᠮᠠᠲ᠋ᠧᠷᠢᠶᠠᠯ ᠵᠡᠷᠭᠡ ᠭᠠᠳᠠᠭᠠᠳᠤ ᠳᠤ ᠭᠠᠷᠭᠠᠬᠤ ᠪᠦᠳᠦᠭᠡᠭᠳᠡᠬᠦᠨ ᠤ ᠬᠤᠷᠸ᠎ᠠ ᠬᠠᠮᠢᠶᠠᠷᠤᠯᠳᠠ ᠪᠠ ᠬᠢᠨᠠᠨ ᠡᠵᠡᠮᠳᠡᠯ ᠳᠤ ᠵᠠᠳᠠᠯᠤᠯᠳᠠ ᠬᠢᠬᠦ ᠶᠢ ᠬᠠᠷᠢᠭᠤᠴᠠᠨ᠎ᠠ︔ ᠦᠪᠡᠷᠳᠡᠭᠡᠨ ᠵᠠᠰᠠᠬᠤ ᠤᠷᠤᠨ ᠤ ᠬᠢᠯᠢ ᠶᠢᠨ ᠪᠤᠭᠤᠮᠳᠠ ᠶᠢᠨ ᠠᠷᠠᠯᠵᠢᠶ᠎ᠠ᠂ ᠡᠳ᠋ᠰᠢᠬᠦᠯᠭᠡ ᠶᠢᠨ ᠠᠷᠠᠯᠵᠢᠶ᠎ᠠ ᠶᠢ ᠵᠤᠬᠢᠴᠠᠭᠤᠯᠤᠨ ᠬᠠᠮᠢᠶᠠᠷᠤᠨ᠎ᠠ︔ ᠲᠤᠮᠳᠠ ᠪᠠᠭ᠎ᠠ ᠠᠵᠤ ᠠᠬᠤᠶᠢᠯᠠᠯ ᠎ ᠤᠳ ᠤᠯᠠᠨ ᠤᠯᠤᠰ ᠤᠨ ᠵᠠᠬ᠎ᠠ ᠲᠡᠯᠭᠡᠬᠦᠷ ᠢ ᠦᠷᠭᠡᠳᠭᠡᠬᠦ ᠪᠡᠯᠡ ᠮᠦᠩᠬᠦ ᠶᠢᠨ ᠲᠦᠷᠦᠯ ᠵᠦᠢᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ︔ ᠭᠠᠳᠠᠭᠠᠳᠤ ᠳᠤ ᠠᠵᠤ ᠠᠬᠤᠢ ᠬᠤᠷᠰᠢᠨ ᠡᠵᠡᠩᠨᠡᠬᠦ ᠬᠢᠷᠢ ᠬᠡᠮ ᠪᠠ ᠤᠯᠠᠨ ᠤᠯᠤᠰ ᠤᠨ ᠪᠠᠷᠠᠭ᠎ᠠ ᠲᠡᠭᠡᠭᠡᠪᠤᠷᠢ ᠶᠢ ᠤᠷᠤᠯᠠᠨ ᠭᠦᠢᠴᠡᠳᠭᠡᠬᠦ ᠬᠢᠷᠢ ᠬᠡᠮ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠠᠴᠠ ᠮᠡᠷᠭᠡᠵᠢᠯ ᠤᠷᠤᠭᠤᠯᠵᠤ ᠭᠠᠷᠭᠠᠬᠤ ᠵᠢᠴᠢ ᠬᠡᠷᠡᠴᠢᠯᠡᠬᠦ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ︔  ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠯᠵᠢᠶ᠎ᠠ  ᠶᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠰᠤᠳᠤᠯᠬᠤ ᠪᠠ ᠠᠬᠢᠭᠤᠯᠤᠨ᠎ᠠ︔      ︵ᠲᠤᠯᠤᠭ᠎ᠠ︶ ᠮᠠᠨ ᠤ ᠤᠯᠤᠰ ᠤᠨ ᠲᠡᠯᠡᠭᠡᠢ ᠶᠢᠨ ᠠᠷᠠᠯᠵᠢᠶ᠎ᠠ ᠶᠢᠨ ᠵᠤᠬᠢᠶᠠᠨ ᠪᠠᠶᠢᠭᠤᠯᠤᠯᠳᠠ ᠳᠤ ᠤᠷᠤᠯᠴᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠤᠭᠳᠠᠭᠠᠯ ᠂ ᠪᠤᠭᠤᠮᠳᠠ ᠶᠢᠨ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠤᠭᠳᠠᠭᠠᠯ ᠤᠨ ᠠᠷᠭ᠎ᠠ ᠬᠡᠮᠵᠢᠶ᠎ᠡ᠂ ᠲᠦᠷᠢᠮ ᠲᠤᠭᠳᠠᠭᠠᠯ ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠦᠪᠡᠷᠳᠡᠭᠡᠨ ᠵᠠᠰᠠᠬᠤ ᠤᠷᠤᠨ ᠤ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ ᠪᠠ ᠪᠤᠭᠤᠮᠳᠠ ᠶᠢᠨ ᠬᠦᠭᠵᠢᠯᠳᠡ ᠶᠢᠨ ᠲᠦᠯᠦᠪᠵᠢᠬᠦᠯᠭᠡ ᠢ ᠲᠤᠭᠤᠷᠪᠢᠨ ᠲᠤᠭᠳᠠᠭᠠᠨ᠎ᠠ  ᠃      ︵ᠨᠠᠢᠮᠠ︶  ᠤᠯᠭᠤᠭᠰᠠᠨ ᠡᠷᠬᠡ ᠪᠠᠨ ᠦᠨᠳᠦᠰᠦᠯᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠭᠠᠳᠠᠭᠠᠳᠤ ᠯᠤᠭ᠎ᠠ ᠠᠷᠠᠯᠵᠢᠶᠠᠨ ᠤ ᠬᠡᠯᠡᠯᠴᠡᠭᠡᠷ ᠬᠢᠬᠦ  ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠲᠤ ᠭᠠᠷ ᠤᠨ ᠦᠰᠦᠭ ᠵᠢᠷᠦᠵᠤ᠂ ᠤᠯᠤᠰ ᠤᠨ ᠢᠯᠭᠠᠯ ︵ᠤᠷᠤᠨ ᠲᠤᠭᠤᠷᠢᠭ︶᠎ ᠤᠨ ᠠᠷᠠᠯᠵᠢᠶᠠᠨ ᠤ ᠬᠠᠷᠢᠴᠠᠭᠠᠨ ᠤ  ᠳᠤᠮᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ︔ ᠲᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ ᠵᠢᠴᠢ ᠮᠠᠨ ᠤ ᠤᠷᠤᠨ ᠳᠤ ᠰᠠᠭᠤᠭ᠎ᠠ ᠭᠠᠳᠠᠭᠠᠳᠤ ᠬᠤᠳᠠᠯᠳᠤᠭᠠᠴᠢᠨ ᠤ ᠲᠦᠯᠦᠭᠡᠯᠡᠭᠴᠢ  ᠪᠠᠶᠢᠭᠤᠯᠤᠮᠵᠢ ᠲᠠᠢ ᠬᠠᠷᠢᠴᠠᠵᠤ᠂ ᠭᠠᠳᠠᠭᠠᠳᠤ ᠤᠯᠤᠰ ᠲᠤ ᠰᠠᠭᠤᠭ᠎ᠠ ᠮᠠᠨ ᠤ ᠤᠯᠤᠰ ᠤᠨ ᠡᠯᠴᠢᠨ ᠰᠠᠶᠢᠳ  ︵ᠺᠤᠨᠰᠦ᠋ᠯ︶  ᠎ ᠤᠨ ᠶᠠᠮᠤᠨ ᠤ ᠠᠷᠠᠯᠵᠢᠶ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃      ︵ᠶᠢᠰᠦ︶ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢ  ᠰᠢᠩᠭᠡᠭᠡᠨ ᠠᠪᠬᠤ ᠠᠵᠢᠯ ᠢ ᠬᠤᠷᠸ᠎ᠠ ᠲᠠᠯ᠎ᠠ ᠪᠠᠷ ᠵᠢᠯᠤᠭᠤᠳᠬᠤ ᠪᠠ ᠶᠡᠷᠦᠩᠬᠡᠶᠢᠯᠡᠨ ᠬᠠᠮᠢᠶᠠᠷᠤᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢ ᠰᠢᠩᠭᠡᠭᠡᠨ ᠠᠪᠬᠤ ᠤᠯᠤᠰ ᠤᠨ ᠲᠦᠷᠦ ᠶᠢᠨ ᠪᠤᠳᠤᠯᠭ᠎ᠠ᠂ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠠ ᠪᠠ ᠠᠷᠭ᠎ᠠ ᠪᠠᠷᠢᠯ ᠎ ᠢ ᠲᠤᠷᠠᠳᠴᠤ᠂ ᠭᠠᠳᠠᠭᠠᠳᠤ ᠪᠡᠯᠡ ᠤᠷᠤᠭᠤᠯᠤᠯᠳᠠ ᠶᠢ  ᠠᠰᠢᠭᠯᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠬᠦᠯᠭᠡ ᠶᠢ ᠲᠤᠭᠳᠠᠭᠠᠬᠤ ᠳᠤ ᠤᠷᠤᠯᠴᠠᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠬᠦ᠂ ᠳᠠᠩᠰᠠᠯᠠᠨ ᠲᠡᠮᠳᠡᠭᠯᠡᠬᠦ ᠨᠤᠳᠠᠯᠠᠬᠤ ᠵᠢᠴᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠳᠤ ᠲᠤᠭ᠎ᠠ᠂ ᠵᠦᠪᠰᠢᠶᠡᠷᠡᠯ ᠤᠨ ᠦᠨᠡᠮᠯᠡᠯ᠂  ᠭᠠᠳᠠᠭᠠᠳᠤ ᠠᠴᠠ ᠤᠷᠤᠭᠤᠯᠤᠭᠰᠠᠨ ᠲᠠᠸᠠᠷ ‍ᠣᠨ‌ᠠᠦ᠋ᠲ᠋ᠤ᠋ ᠲᠠᠩᠰᠠᠯᠠᠬᠤ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ᠃      ︵ᠠᠷᠪᠠ︶ ᠲᠤᠰ ᠭᠠᠵᠠᠷ ᠤᠷᠤᠨ ᠤ ᠭᠠᠳᠠᠭᠠᠳᠤ ᠯᠤᠭ᠎ᠠ ᠠᠵᠤ ᠠᠬᠤᠢ ᠶᠢᠨ ᠲᠠᠯ᠎ᠠ ᠪᠠᠷ ᠬᠤᠷᠰᠢᠯᠴᠠᠬᠤ ᠠᠵᠢᠯ ᠢ ᠬᠠᠷᠢᠭᠤᠴᠠᠨ᠎ᠠ︔ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠬᠦᠳᠡᠯᠮᠦᠷᠢ ᠶᠢᠨ ᠦᠢᠯᠡᠴᠢᠯᠡᠭᠡᠨ ᠤ ᠬᠤᠷᠰᠢᠯᠴᠠᠭ᠎ᠠ ᠬᠢᠬᠦ᠂ ᠵᠢᠷᠤᠵᠤ ᠲᠦᠯᠦᠪᠯᠡᠨ ᠵᠦᠪᠳᠡᠬᠦ ᠵᠡᠷᠭᠡ ᠠᠵᠢᠯ ᠢ ᠬᠠᠤᠯᠢ ᠶᠤᠰᠤᠭᠠᠷ ᠬᠢᠨᠠᠨ ᠵᠦᠪᠰᠢᠶᠡᠷᠡᠬᠦ ᠪᠠ ᠬᠢᠨᠠᠯᠳᠠ ᠲᠠᠯᠪᠢᠨ᠎ᠠ︔ ᠠᠵᠤ ᠠᠬᠤᠶᠢᠯᠠᠯ ᠭᠠᠳᠠᠭᠠᠳᠤ ᠳᠤ ᠪᠡᠯᠡ ᠤᠷᠤᠭᠤᠯᠤᠨ ᠠᠵᠤ ᠠᠬᠤᠶᠢᠯᠠᠯ ︵ᠮᠦᠩᠬᠦᠨ ᠬᠦᠢᠯᠭᠡᠭᠡᠨ ᠤ ᠠᠵᠤ ᠠᠬᠤᠶᠢᠯᠠᠯ ᠠᠴᠠ ᠪᠤᠰᠤᠳ︶ ᠡᠷᠬᠢᠯᠡᠬᠦ ᠪᠠ ᠬᠢᠯᠢ ᠶᠢᠨ ᠭᠠᠳᠠᠨ᠎ᠠ ᠬᠡᠷᠡᠭ ᠡᠷᠬᠢᠯᠡᠬᠦ ᠪᠠᠶᠢᠭᠤᠯᠤᠮᠵᠢ ᠭᠠᠷᠭᠠᠬᠤ ᠶᠢ ᠬᠢᠨᠠᠨ ᠬᠠᠷᠭᠤᠭᠤᠯᠬᠤ ᠶᠢᠨ ᠬᠠᠮᠳᠤ ᠬᠢᠨᠠᠯᠳᠠ ᠲᠠᠯᠪᠢᠵᠤ ᠬᠠᠮᠢᠶᠠᠷᠤᠨ᠎ᠠ᠃      ︵ᠠᠷᠪᠠᠨ ᠨᠢᠭᠡ︶ ᠠᠵᠤ ᠠᠬᠤᠶᠢᠯᠠᠯ ᠭᠠᠳᠠᠭᠠᠳᠤ ᠎ ᠳᠤ ᠲᠤᠰᠠᠯᠠᠬᠤ ᠲᠦᠷᠦᠯ ᠵᠦᠢᠯ ᠤᠨ ᠲᠠᠭᠠᠭᠠᠴᠢᠯᠠᠯᠳᠠ ᠵᠠᠷᠯᠠᠬᠤ ᠳᠤ ᠤᠷᠤᠯᠴᠠᠬᠤ ᠶᠢ ᠵᠢᠯᠤᠭᠤᠳᠴᠤ᠂ ᠠᠵᠤ ᠠᠬᠤᠶᠢᠯᠠᠯ ᠤᠳ ᠭᠠᠳᠠᠭᠠᠳᠤ ᠳᠤ ᠲᠤᠰᠠᠯᠠᠬᠤ ᠲᠦᠷᠦᠯ ᠵᠦᠢᠯ ᠢ  ᠬᠡᠷᠡᠭᠵᠢᠬᠦᠯᠬᠦ ᠶᠢ ᠬᠢᠨᠠᠨ ᠪᠠᠶᠢᠴᠠᠭᠠᠨ᠎ᠠ︔ ᠤᠯᠠᠨ ᠤᠯᠤᠰ ᠠᠴᠠ ᠦᠪᠡᠷᠳᠡᠭᠡᠨ ᠵᠠᠰᠠᠬᠤ ᠤᠷᠤᠨ ᠳᠤ ᠦᠨ᠎ᠡ ᠲᠦᠯᠦᠪᠦᠷᠢ ᠦᠭᠡᠢ ᠲᠤᠰᠠᠯᠠᠬᠤ ᠲᠦᠷᠦᠯ ᠵᠦᠢᠯ ᠢ ᠲᠡᠮᠡᠴᠡᠨ ᠤᠯᠬᠤ ᠪᠠ ᠬᠠᠮᠢᠶᠠᠷᠴᠤ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠠᠴᠠ ᠲᠤᠰ ᠭᠠᠵᠠᠷ ᠤᠷᠤᠨ ᠤ ᠠᠵᠤ ᠠᠬᠤᠢ ᠮᠡᠷᠭᠡᠵᠢᠯ ᠤᠨ ᠬᠤᠷᠰᠢᠯᠴᠠᠭ᠎ᠠ ᠬᠢᠬᠦ ᠶᠠᠪᠤᠳᠠᠯ ᠢ ᠬᠠᠮᠢᠶᠠᠷᠤᠨ᠎ᠠ᠃            ︵ᠠᠷᠪᠠᠨ ᠬᠤᠶᠠᠷ︶ ᠪᠤᠭᠤᠮᠳᠠ ᠶᠢᠨ ᠲᠦᠯᠤᠪᠵᠢᠬᠦᠯᠤᠨ ᠪᠦᠳᠦᠭᠡᠨ ᠪᠠᠶᠢᠭᠤᠯᠬᠤ᠂  ᠵᠤᠬᠢᠴᠠᠭᠤᠯᠤᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ ᠬᠤᠳᠠᠯᠳᠤᠭᠠᠨ ᠤ ᠶᠠᠪᠤᠳᠠᠯ ᠤᠨ  ᠶᠠᠮᠤᠨ ᠠᠴᠠ ᠲᠤᠰᠢᠶᠠᠨ ᠰᠢᠢᠳᠪᠦᠷᠢᠯᠡᠬᠦᠯᠬᠦ ᠪᠠᠷ ᠲᠤᠰᠢᠶᠠᠭᠰᠠᠨ ᠪᠤᠰᠤᠳ ᠶᠠᠪᠤᠳᠠᠯ ᠢ ᠲᠠᠭᠠᠭᠠᠴᠢᠯᠠᠨ  ᠭᠦᠢᠴᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号