ᠬᠠᠣᠯᠢ ᠴᠠᠭᠠᠵᠠ ᠶᠢᠨ ᠲᠢᠩᠬᠢᠮ
ᠨᠡᠶᠢᠲᠡᠯᠡᠭᠰᠡᠨ ᠴᠠᠭ᠄
2015-04-02
ᠭᠤᠤᠯ ᠡᠭᠦᠷᠭᠡ ᠬᠠᠷᠢᠭᠤᠴᠠᠯᠭ᠎ᠠ᠄      ᠨᠢᠭᠡ᠂ ᠣᠯᠣᠰ ᠤᠨ ᠬᠤᠯᠪᠣᠭᠳᠠᠯ ᠪᠦᠬᠦᠢ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠠᠣᠯᠢ ᠴᠠᠭᠠᠵᠠ ᠬᠠᠣᠯᠢ ᠲᠣᠭᠲᠠᠭᠠᠯ ᠪᠣᠯᠣᠨ ᠴᠢᠭᠯᠡᠯᠳᠡ ᠲᠦᠷᠦ ᠶᠢᠨ ᠪᠣᠳᠣᠯᠭ᠎ᠠ ᠶᠢ ᠲᠣᠣᠱᠯᠠᠭᠤᠯᠤᠨ ᠬᠡᠷᠡᠭᠵᠢᠭᠦᠯᠵᠤ᠂ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠷᠣᠨ ᠨᠤᠲᠤᠭ ᠤᠨ ᠴᠢᠨᠠᠷᠲᠠᠢ ᠬᠠᠣᠯᠢ ᠲᠣᠭᠲᠠᠭᠠᠯ ᠪᠣᠯᠣᠨ ᠲᠦᠷᠢᠮ ᠲᠣᠭᠳᠠᠭᠠᠯ ᠤᠨ ᠲᠦᠰᠦᠯ ᠢ ᠰᠣᠳᠣᠯᠣᠨ ᠲᠤᠭᠤᠷᠪᠢᠨ᠎ᠠ︔ ᠦᠪᠡᠷᠳᠡᠭᠡᠨ ᠵᠠᠰᠠᠬᠤ ᠣᠷᠣᠨ ᠤ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠦᠯᠦᠪᠵᠢᠭᠦᠯᠭᠡ ᠶᠢ ᠰᠣᠳᠣᠯᠣᠨ ᠲᠣᠭᠳᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠬᠤᠶᠠᠷ᠂ ᠪᠦᠬᠦ ᠣᠷᠣᠨ ᠤ ᠬᠢᠨᠳᠠᠨ ᠤ ᠬᠠᠮᠢᠶᠠᠷᠣᠯᠳᠠ ᠶᠢᠨ ᠠᠵᠢᠯ ᠢ ᠬᠠᠷᠢᠭᠤᠴᠠᠬᠤ ᠶᠢᠨ ᠬᠠᠮᠲᠦ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠂ ᠡᠷᠡᠭᠦᠦ ᠰᠢᠳᠭᠡᠯ ᠤᠨ ᠬᠡᠷᠡᠭᠵᠢᠭᠦᠯᠦᠯᠳᠡ᠂ ᠶᠠᠯᠠᠳᠠᠨ ᠢ ᠦᠭᠡᠷᠡᠴᠢᠯᠡᠬᠦ ᠠᠵᠢᠯ ᠳᠤ ᠬᠢᠨᠠᠯᠳᠠ ᠲᠠᠯᠪᠢᠵᠦ ᠬᠠᠮᠢᠶᠠᠷᠣᠨ᠎ᠠ᠃      ᠭᠤᠷᠪᠠ᠂ ᠪᠦᠬᠦ ᠣᠷᠣᠨ ᠤ ᠬᠦᠳᠡᠯᠮᠦᠷᠢ ᠪᠠᠷ ᠵᠠᠰᠠᠨ ᠬᠦᠮᠦᠵᠢᠭᠦᠯᠬᠦ ᠬᠠᠮᠢᠶᠠᠷᠣᠯᠳᠠ ᠶᠢᠨ ᠠᠵᠢᠯ ᠢ ᠬᠠᠷᠢᠭᠤᠴᠠᠬᠤ ᠶᠢᠨ ᠬᠠᠮᠲᠦ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠂ ᠬᠦᠳᠡᠯᠮᠦᠷᠢ ᠪᠠᠷ ᠵᠠᠰᠠᠨ ᠬᠦᠮᠦᠵᠢᠭᠦᠯᠬᠦ ᠶᠢᠨ ᠬᠡᠷᠡᠭᠵᠢᠭᠦᠯᠬᠦ ᠠᠵᠢᠯ ᠢ ᠵᠢᠯᠣᠭᠤᠳᠴᠦ ᠬᠢᠨᠠᠯᠳᠠ ᠲᠠᠯᠪᠢᠨ᠎ᠠ︔ ᠪᠦᠬᠦ ᠣᠷᠣᠨ ᠤ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠣᠷ ᠲᠠᠳᠠᠬᠤ ᠶᠢ ᠵᠣᠭᠰᠣᠭᠠᠬᠤ ᠭᠠᠵᠠᠷ ᠤᠨ ᠬᠠᠮᠢᠶᠠᠷᠣᠯᠳᠠ ᠶᠢᠨ ᠠᠵᠢᠯ ᠢ ᠵᠢᠯᠣᠭᠤᠳᠴᠦ ᠬᠢᠨᠠᠯᠳᠠ ᠲᠠᠯᠪᠢᠨ᠎ᠠ᠃      ᠲᠦᠷᠪᠡ᠂ ᠪᠦᠬᠦ ᠣᠷᠣᠨ ᠤ ᠬᠠᠣᠯᠢ ᠲᠦᠷᠢᠮ ᠤᠨ ᠣᠬᠠᠭᠤᠯᠭ᠎ᠠ ᠪᠤᠯᠤᠨ ᠬᠠᠣᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠦᠯᠦᠪᠵᠢᠭᠦᠯᠭᠡ ᠶᠢ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠭᠠᠵᠠᠷ ᠣᠷᠣᠨ᠂ ᠠᠵᠢᠯ ᠲᠦᠷᠦᠯ᠂ ᠦᠨᠳᠦᠰᠦᠨ ᠱᠠᠳᠣᠨ ᠤ ᠬᠠᠣᠯᠢ ᠲᠦᠷᠢᠮ ᠤᠨ ᠣᠬᠠᠭᠤᠯᠭ᠎ᠠ ᠪᠤᠯᠤᠨ ᠬᠠᠣᠯᠢ ᠪᠠᠷ ᠵᠠᠰᠠᠬᠤ ᠠᠵᠢᠯ ᠢ ᠵᠢᠯᠣᠭᠤᠳᠣᠨ᠎ᠠ᠃      ᠲᠠᠪᠤ᠂ ᠪᠦᠬᠦ ᠣᠷᠣᠨ ᠤ ᠬᠠᠣᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠬᠠᠷᠢᠭᠤᠴᠠᠬᠤ ᠶᠢᠨ ᠬᠠᠮᠲᠦ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃      ᠵᠢᠷᠭᠤᠭ᠎ᠠ᠂ ᠪᠦᠬᠦ ᠣᠷᠣᠨ ᠤ ᠬᠠᠣᠯᠢ ᠴᠠᠭᠠᠵᠠ ᠶᠢᠨ ᠲᠠᠯ᠎ᠠ ᠪᠠᠷ ᠲᠣᠰᠠᠯᠠᠮᠵᠢ ᠦᠵᠡᠭᠦᠯᠬᠦ ᠠᠵᠢᠯ ᠳᠤ ᠬᠢᠨᠠᠯᠳᠠ ᠲᠠᠯᠪᠢᠵᠦ ᠬᠠᠮᠢᠶᠠᠷᠣᠨ᠎ᠠ᠃      ᠲᠣᠯᠤᠭ᠎ᠠ᠂ ᠪᠦᠬᠦ ᠣᠷᠣᠨ ᠤ ᠦᠨᠳᠦᠰᠦᠨ ᠱᠠᠳᠣᠨ ᠤ ᠬᠠᠣᠯᠢ ᠴᠠᠭᠠᠵᠠ ᠶᠢᠨ ᠭᠠᠵᠠᠷ ᠤᠨ ᠪᠠᠶᠢᠭᠤᠯᠤᠯᠳᠠ ᠪᠤᠯᠤᠨ ᠠᠷᠠᠳ ᠤᠨ ᠡᠶᠡᠳᠡᠭᠦᠯᠭᠡ᠂ ᠨᠡᠶᠢᠭᠡᠮ ᠲᠤᠭᠤᠷᠢᠭ ᠤᠨ ᠵᠠᠯᠠᠷᠠᠭᠤᠯᠭ᠎ᠠ᠂ ᠦᠨᠳᠦᠰᠦᠨ ᠱᠠᠳᠣᠨ ᠤ ᠬᠠᠣᠯᠢ ᠴᠠᠭᠠᠵᠠ ᠶᠢᠨ ᠦᠢᠯᠡᠴᠢᠯᠡᠭᠡ ᠪᠤᠯᠤᠨ ᠳᠦᠪᠬᠢᠨᠡᠭᠦᠯᠵᠦ ᠬᠠᠪᠰᠣᠷᠣᠨ ᠬᠦᠮᠦᠵᠢᠭᠦᠯᠬᠦ ᠠᠵᠢᠯ ᠢ ᠵᠢᠯᠣᠭᠤᠳᠴᠦ ᠬᠢᠨᠠᠯᠳᠠ ᠲᠠᠯᠪᠢᠨ᠂ ᠠᠷᠠᠳ ᠤᠨ ᠬᠠᠪᠰᠣᠷᠣᠨ ᠰᠢᠭᠦᠭᠴᠢ ᠰᠣᠩᠭᠤᠨ ᠲᠣᠮᠢᠯᠠᠬᠤ᠂ ᠪᠤᠯᠪᠠᠰᠣᠷᠠᠭᠤᠯᠬᠤ ᠪᠠ ᠬᠢᠨᠠᠨ ᠰᠢᠯᠭᠠᠬᠤ ᠠᠵᠢᠯ ᠳᠤ ᠣᠷᠣᠯᠴᠠᠨ᠎ᠠ᠃      ᠨᠠᠢᠮᠠ᠂ ᠪᠦᠬᠦ ᠣᠷᠣᠨ ᠤ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠶᠢᠨ ᠰᠢᠯᠭᠠᠬᠤ ᠶᠠᠪᠣᠳᠠᠯ ᠤᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠦ ᠬᠢᠨᠠᠯᠲᠠ ᠲᠠᠯᠪᠢᠨ᠎ᠠ᠃      ᠶᠢᠰᠦ᠂ ᠪᠦᠬᠦ ᠣᠷᠣᠨ ᠤ ᠬᠠᠣᠯᠢ ᠴᠠᠭᠠᠵᠠ ᠶᠢᠨ ᠬᠢᠨᠠᠨ ᠲᠣᠭᠳᠠᠭᠠᠭᠴᠢ ᠪᠤᠯᠤᠨ ᠬᠠᠣᠯᠢ ᠴᠠᠭᠠᠵᠠ ᠶᠢᠨ ᠬᠢᠨᠠᠨ ᠲᠣᠭᠳᠠᠭᠠᠬᠤ ᠪᠠᠶᠢᠭᠤᠯᠤᠮᠵᠢ ᠶᠢ ᠪᠦᠷᠢᠳᠭᠡᠨ ᠬᠠᠮᠢᠶᠠᠷᠬᠤ ᠠᠵᠢᠯ ᠢ ᠬᠠᠷᠢᠭᠤᠴᠠᠨ᠎ᠠ᠃      ᠠᠷᠪᠠ᠂ ᠪᠦᠬᠦ ᠣᠷᠣᠨ ᠤ ᠬᠠᠣᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠤᠨ ᠫᠣᠣ ᠵᠡᠪᠰᠡᠭ᠂ ᠰᠣᠮᠣ ᠲᠠᠷᠢ᠂ ᠬᠤᠪᠴᠠᠰᠦ ᠬᠤᠨᠠᠷ ᠪᠤᠯᠤᠨ ᠴᠠᠭᠳᠠᠭᠠᠨ ᠲᠡᠷᠭᠡᠨ ᠤ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠂ ᠪᠦᠬᠦ ᠣᠷᠣᠨ ᠤ ᠬᠠᠣᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠤᠨ ᠲᠦᠯᠦᠪᠯᠡᠭᠡ ᠡᠳ᠋ ᠤᠨ ᠶᠠᠪᠣᠳᠠᠯ ᠤᠨ ᠠᠵᠢᠯ ᠢ ᠵᠢᠯᠣᠭᠤᠳᠣᠨ᠎ᠠ᠃      ᠠᠷᠪᠠᠨ ᠨᠢᠭᠡ᠂ ᠪᠦᠬᠦ ᠣᠷᠣᠨ ᠤ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠳᠠ ᠪᠤᠯᠤᠨ ᠦᠵᠡᠯ ᠰᠠᠨᠠᠭ᠎ᠠ ᠰᠣᠷᠳᠠᠯ᠂ ᠠᠵᠢᠯ ᠤᠨ ᠰᠣᠷᠳᠠᠯ ᠤᠨ ᠪᠠᠶᠢᠭᠤᠯᠤᠯᠳᠠ ᠶᠢ ᠵᠢᠯᠣᠭᠤᠳᠣᠨ᠎ᠠ︔ ᠪᠦᠬᠦ ᠣᠷᠣᠨ ᠤ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠣᠳᠠᠯ ᠤᠨ ᠬᠠᠮᠢᠶᠠᠷᠣᠯᠳᠠ ᠪᠤᠯᠤᠨ ᠴᠠᠭᠳᠠᠭᠠᠨ ᠤ ᠶᠠᠪᠣᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠶᠢᠮᠠᠭ ᠬᠤᠳᠠ ᠶᠢ ᠬᠠᠪᠰᠣᠷᠣᠨ ᠬᠠᠣᠯᠢ ᠴᠠᠭᠠᠵᠠ ᠶᠢᠨ ᠲᠣᠪᠴᠢᠶ᠎ᠠ ᠶᠢᠨ ᠣᠳᠣᠷᠢᠳᠬᠤ ᠺᠠᠳ᠋ᠷ ᠢ ᠬᠠᠮᠢᠶᠠᠷᠣᠨ᠎ᠠ᠃      ᠠᠷᠪᠠᠨ ᠬᠤᠶᠠᠷ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠰᠢᠶᠠᠭᠰᠠᠨ ᠪᠣᠰᠣᠳ ᠵᠦᠢᠯ ᠤᠨ ᠠᠵᠢᠯ ᠢ ᠳᠠᠭᠠᠭᠠᠨ ᠭᠦᠢᠴᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号