ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
ᠨᠡᠶᠢᠲᠡᠯᠡᠭᠰᠡᠨ ᠴᠠᠭ᠄
2015-04-02
ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠭᠤᠤᠯ ᠡᠭᠦᠷᠭᠡ ᠬᠠᠷᠢᠭᠤᠴᠠᠯᠭ᠎ᠠ᠄     《〈 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ〉᠎ ᠢ ᠲᠠᠷᠣᠮᠠᠯᠠᠯᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ》 ︵ ᠲᠢᠩᠬᠢᠮ ᠦᠰᠦᠭ〔2009 〕4 ᠳ᠋ᠦ᠋ᠭᠡᠷ ᠲᠣᠭᠠᠲᠦ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠢ ᠪᠠᠶᠢᠭᠤᠯᠤᠨ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠱᠠᠰᠢᠨ ᠰᠣᠷᠳᠠᠬᠤᠨ ᠤ ᠬᠡᠷᠡᠭ ᠡᠷᠬᠢᠯᠡᠬᠦ ᠵᠦᠪᠯᠡᠯ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠤᠨ ᠫᠠᠶᠢᠰᠠ ᠶᠢ ᠡᠯᠭᠦᠵᠤ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠭ ᠤᠨ ᠣᠷᠳᠣᠨ ᠤ ᠪᠦᠷᠢᠯᠳᠣᠭᠦᠨ ᠰᠠᠯᠠᠭ᠎ᠠ ᠮᠦᠴᠢᠷ ᠪᠣᠯᠭᠠᠪᠠ᠃      ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ      ︵ᠨᠢᠭᠡ︶ ᠦᠪᠡᠷᠳᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠤ ᠨᠢᠭᠡᠨᠳᠡ  ᠬᠦᠴᠦᠨ ᠦᠭᠡᠢ ᠪᠣᠯᠭᠠᠬᠤ ᠪᠠᠷ ᠨᠡᠶᠢᠳᠡᠯᠡᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠎ᠠ᠃      ︵ᠬᠤᠶᠠᠷ︶ ᠴᠦᠭᠡᠨ ᠲᠣᠭᠠᠲᠦ ᠦᠨᠳᠦᠰᠦᠳᠡᠨ ᠤ ᠠᠵᠢᠯ ᠦᠢᠯᠡᠰ ᠤᠨ ᠶᠡᠷᠦᠩᠬᠡᠶᠢᠯᠡᠭᠰᠡᠨ ᠵᠢᠱᠢᠨ ᠦᠨᠡᠯᠡᠵᠣ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠬᠤ ᠪᠠ ᠲᠡᠭᠦᠯᠳᠡᠷᠵᠢᠭᠦᠯᠬᠦ ᠶᠢ ᠠᠬᠢᠭᠤᠯᠤᠨ᠂ ᠦᠨᠳᠦᠰᠦᠳᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠳᠡᠨ ᠤ ᠬᠡᠷᠡᠭ ᠡᠷᠬᠢᠯᠡᠬᠦ ᠬᠠᠮᠢᠶᠠᠷᠣᠯᠳᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠳᠠ ᠶᠢ ᠲᠦᠯᠬᠢᠨ ᠠᠬᠢᠭᠤᠯᠬᠤ ᠡᠭᠦᠷᠭᠡ ᠴᠢᠳᠠᠪᠤᠷᠢ ᠶᠢ ᠨᠡᠮᠡᠭᠳᠡᠭᠦᠯᠦᠨ᠎ᠡ᠃      ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠦᠨᠳᠦᠰᠦᠳᠡᠨ ᠱᠠᠰᠢᠨ ᠰᠣᠷᠳᠠᠬᠤᠨ ᠤ ᠠᠵᠢᠯ ᠢ ᠵᠣᠬᠢᠴᠠᠭᠤᠯᠤᠨ ᠠᠬᠢᠭᠤᠯᠬᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠡᠭᠦᠷᠭᠡ ᠴᠢᠳᠠᠪᠤᠷᠢ ᠪᠣᠯᠣᠨ ᠣᠷᠣᠨ ᠨᠣᠳᠤᠭ ᠤᠨ ᠵᠠᠰᠠᠭ ᠤᠨ ᠣᠷᠳᠣᠨ ᠤ ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠰᠠᠯᠠᠭ᠎ᠠ ᠮᠦᠴᠢᠷ ᠢ ᠵᠢᠯᠣᠭᠤᠳᠴᠤ ᠬᠠᠣᠯᠢ ᠶᠣᠰᠣᠭᠠᠷ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠡᠭᠦᠷᠭᠡ ᠴᠢᠳᠠᠪᠤᠷᠢ ᠎ ᠶᠢ ᠴᠢᠩᠭᠠᠳᠬᠠᠨ᠎ᠠ᠃      ︵ᠲᠦᠷᠪᠡ︶ ᠦᠨᠳᠦᠰᠦᠳᠡᠨ ᠱᠠᠰᠢᠨ ᠰᠣᠷᠳᠠᠬᠤᠨ ᠤ ᠬᠠᠣᠯᠢ ᠴᠠᠭᠠᠵᠠ ᠬᠠᠣᠯᠢ ᠲᠣᠭᠲᠠᠭᠠᠯ  ᠂ ᠦᠨᠳᠦᠰᠦᠳᠡᠨ ᠤ ᠲᠦᠷᠦ ᠶᠢᠨ ᠪᠣᠳᠣᠯᠭ᠎ᠠ ᠪᠣᠯᠣᠨ ᠴᠦᠭᠡᠨ ᠲᠣᠭᠠᠲᠦ ᠦᠨᠳᠦᠰᠦᠳᠡᠨ ᠤ ᠬᠦᠭᠵᠢᠯᠳᠡ ᠶᠢᠨ ᠬᠠᠮᠢᠶ᠎ᠠ ᠪᠦᠬᠦᠢ ᠲᠦᠯᠦᠪᠵᠢᠭᠦᠯᠭᠡ ᠶᠢ  ᠲᠤᠤᠱᠯᠠᠭᠤᠯᠤᠨ ᠬᠡᠷᠡᠭᠵᠢᠭᠦᠯᠬᠦ ᠶᠢ ᠰᠢᠮᠳᠠᠭᠤᠯᠣᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠎ᠠ᠃     ᠬᠤᠶᠠᠷ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠦᠨᠳᠦᠰᠦᠳᠡᠨ᠂ ᠱᠠᠰᠢᠨ ᠰᠣᠷᠳᠠᠬᠤᠨ᠂  ᠴᠦᠭᠡᠨ ᠲᠣᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠳᠡ᠂ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠤ᠂ ᠦᠨᠳᠦᠰᠦᠳᠡᠨ᠂ ᠱᠠᠰᠢᠨ ᠰᠣᠷᠳᠠᠬᠤᠨ ᠤ ᠠᠵᠢᠯ ᠤᠨ ᠴᠢᠬᠤᠯᠠ ᠤᠴᠢᠷ ᠤᠨ ᠪᠠᠶᠢᠴᠠᠭᠠᠨ ᠰᠣᠳᠣᠯᠣᠯᠳᠠ ᠶᠢ ᠵᠣᠬᠢᠶᠠᠨ ᠪᠠᠶᠢᠭᠤᠯᠤᠨ ᠦᠷᠨᠢᠭᠦᠯᠵᠤ᠂ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ᠂ ᠱᠠᠰᠢᠨ ᠰᠣᠷᠳᠠᠬᠤᠨ᠂ ᠴᠦᠭᠡᠨ ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠣᠷᠠᠳᠣᠨ᠎ᠠ︔ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ᠂ ᠱᠠᠰᠢᠨ ᠰᠣᠷᠳᠠᠬᠤᠨ᠂ ᠴᠦᠭᠡᠨ ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠡᠷᠬᠢᠯᠡᠬᠦ ᠬᠠᠮᠢᠶᠠᠷᠣᠯᠳᠠ ᠶᠢᠨ ᠬᠤᠯᠪᠣᠭᠳᠠᠯ ᠪᠦᠬᠦᠢ ᠬᠠᠣᠯᠢ ᠴᠠᠭᠠᠵᠠ ᠬᠠᠣᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠲᠣᠭᠲᠠᠭᠠᠬᠤ ᠎ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠣᠨ ᠪᠠᠶᠢᠴᠠᠭᠠᠨ᠎ᠠ︔ ᠦᠨᠳᠦᠰᠦᠳᠡᠨ ︵ᠱᠠᠰᠢᠨ ᠰᠣᠷᠳᠠᠬᠤᠨ︶ ᠎ ᠤ ᠣᠨᠣᠯ᠂ ᠦᠨᠳᠦᠰᠦᠳᠡᠨ ᠤ ᠲᠦᠷᠦ ᠶᠢᠨ ᠪᠣᠳᠣᠯᠭ᠎ᠠ᠂ ᠴᠦᠭᠡᠨ ᠲᠣᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠬᠦᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      ︵ᠬᠤᠶᠠᠷ︶ ᠦᠨᠳᠦᠰᠦᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠤᠨ ᠪᠠᠶᠢᠭᠤᠯᠤᠯᠳᠠ ᠶᠢ ᠬᠢᠨᠠᠯᠳᠠ ᠲᠠᠯᠪᠢᠨ ᠬᠡᠷᠡᠭᠵᠢᠭᠦᠯᠬᠦ ᠪᠠ  ᠲᠡᠭᠦᠯᠳᠡᠷᠵᠢᠭᠦᠯᠵᠤ᠂ ᠴᠦᠭᠡᠨ ᠲᠣᠭᠠᠲᠦ ᠦᠨᠳᠦᠰᠦᠳᠡᠨ ᠤ ᠡᠷᠬᠡ ᠠᠰᠢᠭ ᠤᠨ ᠤᠴᠢᠷ ᠢ ᠬᠢᠨᠠᠯᠳᠠ ᠲᠠᠯᠪᠢᠨ ᠭᠦᠢᠴᠡᠳᠭᠡᠵᠣ᠂ ᠴᠦᠭᠡᠨ ᠲᠤᠭᠠᠲᠦ ᠦᠨᠳᠦᠰᠦᠳᠡᠨ ᠤ ᠬᠠᠣᠯᠢ ᠶᠣᠰᠣᠨ ᠤ ᠡᠷᠬᠡ ᠠᠰᠢᠭ ᠢ ᠪᠠᠲᠤᠯᠠᠨ᠎ᠠ︔ ᠦᠨᠳᠦᠰᠦᠳᠡᠨ ᠤ ᠬᠠᠷᠢᠴᠠᠭ᠎ᠠ ᠶᠢ ᠵᠤᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠣᠳᠣᠯᠣᠨ ᠲᠣᠷᠠᠳᠴᠣ᠂ ᠦᠨᠳᠦᠰᠦᠳᠡᠨ ᠤ  ᠬᠠᠷᠢᠴᠠᠭᠠᠨ ᠳᠠᠬᠢ ᠴᠢᠬᠤᠯᠠ ᠵᠦᠢᠯᠡᠰ ᠢ ᠵᠣᠬᠢᠴᠠᠭᠤᠯᠣᠨ ᠰᠢᠢᠳᠪᠦᠷᠢᠯᠡᠨ᠎ᠡ︔ ᠦᠪᠡᠷᠳᠡᠭᠡᠨ ᠵᠠᠰᠠᠬᠤ ᠣᠷᠣᠨ ᠤ ᠨᠡᠶᠢᠭᠡᠮ ᠤᠨ ᠠᠮᠤᠷ ᠲᠤᠭᠳᠠᠭᠤᠨ ᠤ ᠠᠵᠢᠯ ᠳᠤ ᠣᠷᠣᠯᠴᠠᠨ ᠵᠣᠬᠢᠴᠠᠭᠤᠯᠵᠤ᠂ ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ ᠶᠢ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠣᠯᠣᠰ ᠭᠡᠷ ᠤᠨ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠦᠴᠢᠷ ᠢ  ᠰᠢᠮᠳᠠᠭᠤᠯᠤᠨ ᠦᠨᠳᠦᠰᠦᠳᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠠᠷᠢᠭᠤᠴᠠᠨ ᠵᠣᠬᠢᠴᠠᠭᠤᠯᠵᠣ᠂ ᠠᠵᠣ ᠠᠬᠤᠢ ᠶᠢᠨ ᠬᠦᠭᠵᠢᠯᠳᠡ ᠪᠤᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠳᠡᠨ ᠤ ᠲᠦᠷᠦ ᠶᠢᠨ ᠪᠣᠳᠣᠯᠭ᠎ᠠ ᠶᠢ  ᠬᠡᠷᠡᠭᠵᠢᠭᠦᠯᠬᠦ᠂ ᠵᠣᠯᠭᠠᠭᠤᠯᠬᠤ ᠶᠢ ᠠᠬᠢᠭᠤᠯᠤᠨ᠎ᠠ︔ ᠴᠦᠭᠡᠨ ᠲᠣᠭᠠᠲᠦ ᠦᠨᠳᠦᠰᠦᠳᠡᠨ ᠪᠠ ᠴᠦᠭᠡᠨ ᠲᠣᠭᠠᠲᠦ ᠦᠨᠳᠦᠰᠦᠳᠡᠨ ᠲᠦᠪᠯᠡᠷᠡᠭᠰᠡᠨ ᠭᠠᠵᠠᠷ ᠣᠷᠣᠨ ᠤ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠠᠯ᠎ᠠ ᠶᠢᠨ ᠠᠰᠠᠭᠤᠳᠠᠯ ᠢ ᠰᠣᠳᠣᠯᠣᠨ ᠵᠠᠳᠠᠯᠬᠤ ᠶᠢᠨ ᠬᠠᠮᠲᠤ ᠣᠨᠴᠣᠭᠤᠢ ᠲᠦᠷᠦ ᠶᠢᠨ ᠪᠣᠳᠣᠯᠭ᠎ᠠ ᠰᠠᠨᠠᠭᠤᠯᠭ᠎ᠠ ᠶᠢ ᠲᠣᠷᠠᠳᠣᠨ᠎ᠠ︔  ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠴᠠᠭᠤᠯᠬᠤ ᠪᠤᠶᠤ ᠲᠡᠭᠦᠨ ᠲᠠᠢ ᠬᠠᠮᠵᠢᠯᠴᠠᠨ ᠬᠠᠮᠢᠶ᠎ᠠ ᠪᠦᠬᠦᠢ ᠤᠴᠢᠷ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠣ ᠠᠬᠤᠢ ᠮᠡᠷᠭᠡᠵᠢᠯ ᠤᠨ  ᠬᠤᠷᠰᠢᠯᠴᠠᠭ᠎ᠠ᠂ ᠦᠨᠳᠦᠰᠦᠳᠡᠨ ᠤ ᠠᠷᠠᠯᠵᠢᠶ᠎ᠠ᠂ ᠦᠨᠳᠦᠰᠦᠳᠡᠨ ᠤ ᠣᠨᠴᠣᠭᠤᠢ ᠬᠡᠷᠡᠭᠯᠡᠭᠡᠨ ᠤ ᠬᠡᠷᠡᠭᠰᠡᠯ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ  ᠣᠷᠣᠯᠴᠠᠵᠤ ᠵᠣᠬᠢᠴᠠᠭᠤᠯᠣᠨ᠎ᠠ᠃      ︵ᠲᠦᠷᠪᠡ︶ ᠴᠦᠭᠡᠨ ᠲᠣᠭᠠᠲᠦ ᠦᠨᠳᠦᠰᠦᠳᠡᠨ ᠤ ᠠᠵᠢᠯ ᠦᠢᠯᠡᠰ ᠵᠡᠷᠭᠡ ᠲᠣᠰᠬᠠᠢ ᠵᠦᠢᠯ ᠤᠨ ᠲᠦᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠵᠣ᠂ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠦᠭᠵᠢᠯᠳᠡ ᠶᠢᠨ ᠲᠦᠯᠦᠪᠵᠢᠭᠦᠯᠭᠡ ᠲᠣᠭᠲᠠᠭᠠᠬᠤ ᠳᠤ ᠣᠷᠣᠯᠴᠠᠨ᠂ ᠴᠦᠭᠡᠨ ᠲᠣᠭᠠᠲᠦ ᠦᠨᠳᠦᠰᠦᠳᠡᠨ ᠤ ᠠᠵᠢᠯ ᠦᠢᠯᠡᠰ ᠤᠨ ᠬᠦᠭᠵᠢᠯᠳᠡ ᠶᠢᠨ ᠶᠡᠷᠦᠩᠭᠡᠶᠢᠯᠡᠭᠰᠡᠨ ᠵᠢᠱᠢᠨ ᠦᠨᠡᠯᠡᠵᠣ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ ᠂ ᠦᠨᠳᠦᠰᠦᠳᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠳᠡᠨ ᠤ ᠬᠡᠷᠡᠭ ᠡᠷᠬᠢᠯᠡᠬᠦ ᠬᠠᠮᠢᠶᠠᠷᠣᠯᠳᠠ ᠶᠢᠨ ᠮᠡᠳᠡᠭᠡ ᠵᠠᠩᠬᠢᠴᠢᠯᠠᠬᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃      ︵ᠲᠠᠪᠤ︶ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠢ ᠵᠢᠯᠣᠭᠤᠳᠴᠤ ᠬᠠᠣᠯᠢ ᠶᠣᠰᠣᠭᠠᠷ ᠬᠠᠮᠢᠶᠠᠷᠬᠤ ᠡᠭᠦᠷᠭᠡ ᠴᠢᠳᠠᠪᠤᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠩᠭᠠᠳᠬᠠᠨ᠎ᠠ︔ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠪᠦᠯᠬᠦᠮᠳᠡᠯ ᠤᠨ  ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠨ᠎ᠡ︔ ᠴᠦᠭᠡᠨ ᠲᠣᠭᠠᠲᠦ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠨᠤᠭᠤᠳ ᠲᠠᠢ ᠬᠠᠷᠢᠯᠴᠠᠨ᠂ ᠦᠪᠡᠷᠳᠡᠭᠡᠨ ᠵᠠᠰᠠᠬᠤ ᠬᠤᠰᠢᠭᠤᠨ ᠤ ᠴᠢᠬᠤᠯᠠ ᠶᠡᠭᠡ  ᠪᠡᠯᠡᠭᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠣᠨ᠎ᠠ᠃      ︵ᠵᠢᠷᠭᠤᠭ᠎ᠠ︶ ᠴᠦᠭᠡᠨ ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠢ ᠰᠣᠷᠣᠯᠴᠠᠬᠤ ᠂ ᠬᠡᠷᠡᠭᠯᠡᠬᠦ᠂ ᠰᠣᠳᠣᠯᠬᠤ᠂  ᠬᠦᠭᠵᠢᠭᠦᠯᠬᠦ᠂ ᠠᠪᠦᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠣᠨ᠎ᠠ︔ ᠴᠦᠭᠡᠨ ᠲᠤᠭᠠᠲᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠳᠡᠨ ᠤ ᠰᠣᠷᠭᠠᠨ ᠬᠦᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠭᠦᠯ᠂ ᠷᠠᠳᠢᠣ᠋ ᠺᠢᠨᠣ᠋ ᠲᠧᠯᠸᠢᠰ ᠪᠣᠯᠣᠨ ᠦᠨᠳᠦᠰᠦᠳᠡᠨ ᠤ ᠰᠣᠷᠪᠦᠯᠵᠢ ᠪᠢᠴᠢᠭ ᠢ ᠴᠣᠭᠯᠠᠭᠤᠯᠬᠤ᠂ ᠡᠮᠬᠢᠳᠭᠡᠬᠦ᠂ ᠬᠡᠪᠯᠡᠭᠦᠯᠬᠦ ᠠᠵᠢᠯ ᠢ ᠵᠢᠯᠣᠭᠤᠳᠣᠨ᠎ᠠ᠃      ︵ᠲᠤᠯᠤᠭ᠎ᠠ︶ ᠱᠠᠰᠢᠨ ᠰᠣᠷᠳᠠᠬᠤᠨ ᠤ ᠬᠡᠷᠡᠭ ᠡᠷᠬᠢᠯᠡᠬᠦ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠶᠢ ᠬᠠᠣᠯᠢ ᠶᠣᠰᠣᠭᠠᠷ ᠭᠦᠢᠴᠡᠳᠭᠡᠨ᠂ ᠠᠷᠠᠳ ᠢᠷᠭᠡᠳ ᠤᠨ ᠱᠠᠰᠢᠨ ᠰᠢᠲᠦᠬᠦ ᠡᠷᠬᠡ ᠴᠢᠯᠦᠭᠡ ᠪᠠ ᠬᠡᠪ ᠤᠨ ᠱᠠᠰᠢᠨ ᠰᠣᠷᠳᠠᠬᠤᠨ ᠤ  ᠠᠵᠢᠯᠯᠠᠭ᠎ᠠ ᠶᠢ ᠬᠠᠣᠯᠢ ᠶᠣᠰᠣᠭᠠᠷ ᠬᠠᠮᠠᠭᠠᠯᠠᠵᠤ᠂ ᠱᠠᠰᠢᠨ ᠰᠣᠷᠳᠠᠬᠤᠨ ᠤ ᠡᠲᠡᠭᠡᠳ ᠤᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠱᠠᠰᠢᠨ ᠰᠣᠷᠳᠠᠬᠤᠨ ᠤ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠤᠨ᠎ᠠ᠃       ︵ᠨᠠᠢᠮᠠ︶ ᠱᠠᠰᠢᠨ ᠰᠣᠷᠳᠠᠬᠤᠨ ᠤ ᠪᠦᠯᠬᠦᠮ ᠤᠨ ᠬᠠᠣᠯᠢ ᠶᠣᠰᠣ ᠬᠠᠣᠯᠢ ᠶᠣᠰᠣᠭᠠᠷ ᠠᠵᠢᠯᠯᠠᠭ᠎ᠠ ᠦᠷᠨᠢᠭᠦᠯᠬᠦ ᠶᠢ ᠵᠢᠯᠣᠭᠤᠳᠣᠨ᠂ ᠱᠠᠰᠢᠨ ᠰᠣᠷᠳᠠᠬᠤᠨ ᠤ ᠪᠦᠯᠬᠦᠮ ᠤᠨ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠎ ᠪᠠᠨ ᠴᠢᠩᠭᠠᠳᠬᠠᠬᠤ ᠶᠢ ᠲᠡᠮᠵᠢᠨ᠎ᠡ︔ ᠱᠠᠰᠢᠨ ᠰᠣᠷᠳᠠᠬᠤᠨ ᠤ ᠪᠦᠯᠬᠦᠮ ᠢ ᠬᠠᠪᠰᠤᠷᠤᠨ ᠱᠠᠰᠢᠨ ᠰᠣᠷᠳᠠᠬᠤᠨ ᠤ ᠳᠡᠭᠡᠳᠦ ᠰᠣᠷᠭᠠᠭᠤᠯᠢ ᠶᠢ ᠰᠠᠶᠢᠳᠣᠷ  ᠡᠷᠬᠢᠯᠡᠭᠦᠯᠦᠨ᠂ ᠰᠠᠱᠢᠨ ᠰᠣᠷᠳᠠᠬᠤᠨ ᠤ ᠪᠦᠯᠬᠦᠮ ᠤᠨ ᠬᠢᠨ ᠤ ᠱᠠᠰᠢᠨ ᠰᠣᠷᠳᠠᠬᠤᠨ ᠤ ᠬᠡᠪᠴᠢᠶᠡᠨ ᠳᠡᠭᠡᠨ ᠡᠬᠡ ᠣᠷᠣᠨᠴᠢ ᠦᠵᠡᠯ᠂ ᠨᠡᠶᠢᠭᠡᠮ ᠵᠢᠷᠦᠮ᠂ ᠡᠬᠡ ᠣᠯᠣᠰ ᠤᠨ ᠨᠢᠭᠡᠳᠦᠯ ᠪᠠ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠥᠪᠡᠷ ᠢ ᠪᠠᠨ  ᠬᠥᠮᠥᠵᠢᠭᠦᠯᠬᠦ ᠠᠵᠢᠯ ᠥᠷᠨᠢᠭᠦᠯᠬᠦ ᠶᠢ ᠲᠦᠯᠬᠢᠨ ᠠᠬᠢᠭᠤᠯᠵᠤ᠂ ᠱᠠᠰᠢᠨ ᠰᠣᠷᠳᠠᠬᠤᠨ ᠤ ᠪᠦᠯᠬᠦᠮ ᠤᠨ ᠵᠠᠰᠠᠭ ᠤᠨ ᠣᠷᠳᠣᠨ ᠢᠶᠠᠷ ᠰᠢᠢᠳᠪᠦᠷᠢᠯᠡᠭᠦᠯᠬᠦ ᠪᠤᠶᠤ ᠵᠣᠬᠢᠴᠠᠭᠤᠯᠭ᠎ᠠ ᠬᠢᠯᠭᠡᠬᠦ ᠴᠢᠬᠤᠯᠠᠳᠠᠢ ᠬᠤᠯᠪᠣᠭᠳᠠᠯ ᠪᠦᠬᠦᠢ ᠬᠡᠷᠡᠭ ᠶᠠᠪᠣᠳᠠᠯ ᠢ ᠡᠷᠬᠢᠯᠡᠨ ᠭᠦᠢᠴᠡᠳᠬᠡᠨ᠎ᠡ︔ ᠱᠠᠰᠢᠨ ᠰᠣᠷᠳᠠᠬᠤᠨ ᠤ ᠬᠡᠷᠡᠭ ᠶᠠᠪᠤᠳᠠᠯ ᠤᠨ ᠴᠢᠬᠤᠯᠠ ᠶᠡᠭᠡ ᠬᠡᠷᠡᠭ ᠢ ᠰᠢᠢᠳᠪᠦᠷᠢᠯᠡᠵᠣ᠂ ᠱᠠᠰᠢᠨ ᠰᠣᠷᠳᠠᠬᠤᠨ ᠢ ᠠᠰᠢᠭᠯᠠᠨ ᠬᠠᠣᠯᠢ ᠪᠣᠰᠣ᠂ ᠬᠠᠣᠯᠢ ᠠᠴᠠ ᠵᠦᠷᠢᠴᠡᠭᠰᠡᠨ ᠠᠵᠢᠯᠯᠠᠭ᠎ᠠ ᠬᠢᠬᠦ ᠶᠢ ᠰᠡᠷᠭᠡᠶᠢᠯᠡᠨ᠎ᠡ︔  ᠬᠢᠯᠢ ᠶᠢᠨ  ᠭᠠᠳᠠᠨᠠᠬᠢ ᠶᠢᠨ ᠬᠢᠨ ᠤ ᠱᠠᠰᠢᠨ ᠰᠣᠷᠳᠠᠬᠤᠨ ᠢ ᠠᠰᠢᠭᠯᠠᠨ ᠨᠡᠪᠴᠢᠬᠦ ᠠᠵᠢᠯᠯᠠᠭ᠎ᠠ ᠬᠢᠬᠦ ᠶᠢ ᠡᠰᠡᠷᠭᠦᠴᠡᠨ ᠬᠤᠷᠢᠭᠯᠠᠨ᠎ᠠ᠃      ︵ᠶᠢᠰᠦ︶ ᠣᠷᠣᠨ ᠤ ᠳᠣᠲᠣᠷ᠎ᠠ ᠭᠠᠳᠠᠨᠠᠬᠢ ᠱᠠᠰᠢᠨ ᠰᠣᠷᠳᠠᠬᠤᠨ ᠤ ᠣᠳᠣᠬᠢ ᠪᠠᠶᠢᠳᠠᠯ ᠢ ᠰᠣᠳᠣᠯᠣᠨ᠂ ᠱᠠᠰᠢᠨ ᠰᠣᠷᠳᠠᠬᠤᠨ ᠤ ᠪᠠᠶᠢᠳᠠᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠱᠠᠰᠢᠨ ᠰᠣᠷᠳᠠᠬᠤᠨ ᠤ  ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ ︔ ᠦᠨᠳᠦᠰᠦᠳᠡᠨ ᠤ ᠠᠵᠢᠯ ᠎ ᠤᠨ   ᠬᠦᠷᠢᠶᠡᠨ ᠤ ᠬᠤᠯᠪᠣᠭᠳᠠᠯ ᠪᠦᠬᠦᠢ ᠭᠠᠳᠠᠭᠠᠲᠦ ᠯᠤᠭ᠎ᠠ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ  ᠰᠣᠯᠢᠯᠴᠠᠭ᠎ᠠ ᠬᠢᠵᠦ ᠬᠤᠷᠰᠢᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ︔ ᠱᠠᠰᠢᠨ ᠰᠣᠷᠳᠠᠬᠤᠨ ᠤ ᠲᠠᠯ᠎ᠠ ᠶᠢᠨ ᠬᠠᠮᠢᠶᠠᠳᠠᠭᠰᠠᠨ ᠭᠠᠳᠠᠭᠠᠲᠦ ᠶᠠᠪᠤᠳᠠᠯ ᠤᠨ ᠰᠢᠰᠲ᠋ᠧᠮ ᠢᠶᠠᠷ ᠢᠶᠠᠨ ᠠᠵᠢᠯᠯᠠᠬᠤ ᠠᠵᠢᠯ ᠢ ᠬᠠᠷᠢᠭᠤᠴᠠᠨ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠱᠠᠰᠢᠨ ᠰᠣᠷᠳᠠᠬᠤᠨ ᠤ ᠡᠲᠡᠭᠡᠳ ᠤᠨ ᠬᠢᠨ ᠤ ᠭᠠᠳᠠᠭᠠᠲᠦ ᠳᠤ ᠵᠢᠴᠢ ᠰᠢᠶᠠᠩᠭᠠᠩ ᠣᠣᠮᠧᠨ ᠲᠠᠶᠢᠸᠠᠨ ᠤ ᠱᠠᠰᠢᠨ ᠰᠣᠷᠳᠠᠬᠤᠨ ᠤ ᠬᠢᠨ ᠳᠤ ᠬᠠᠨᠳᠤᠭᠤᠯᠤᠭᠰᠠᠨ ᠰᠣᠯᠢᠯᠴᠠᠭ᠎ᠠ ᠬᠢᠬᠦ  ᠠᠵᠢᠯᠯᠠᠭ᠎ᠠ ᠶᠢ ᠵᠣᠬᠢᠶᠠᠨ ᠪᠠᠶᠢᠭᠤᠯᠤᠨ᠂ ᠵᠢᠯᠣᠭᠤᠳᠴᠣ᠂ ᠦᠨᠳᠦᠰᠦᠳᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ᠂ ᠱᠠᠰᠢᠨ ᠰᠣᠷᠳᠠᠬᠤᠨ ᠤ ᠬᠢᠨ ᠤ ᠭᠠᠳᠠᠭᠠᠲᠦ  ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃      ︵ᠠᠷᠪᠠ︶ ᠴᠦᠭᠡᠨ ᠲᠣᠭᠠᠲᠦ ᠦᠨᠳᠦᠰᠦᠳᠡᠨ ᠤ ᠴᠢᠳᠠᠪᠦᠷᠢᠳᠡᠨ ᠤ ᠡᠩᠨᠡᠭᠡᠨ ᠤ ᠪᠠᠶᠢᠭᠤᠯᠤᠯᠳᠠ ᠶᠢᠨ ᠲᠦᠯᠦᠪᠵᠢᠭᠦᠯᠭᠡ ᠲᠣᠭᠲᠠᠭᠠᠬᠤ ᠳᠤ ᠣᠷᠣᠯᠴᠠᠨ᠂ ᠴᠦᠭᠡᠨ ᠲᠤᠭᠠᠲᠦ ᠦᠨᠳᠦᠰᠦᠳᠡᠨ ᠤ ᠺᠠᠳ᠋ᠷᠴᠤᠳ ᠲᠠᠢ ᠬᠠᠷᠢᠯᠴᠠᠨ᠂  ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠴᠦᠭᠡᠨ ᠲᠣᠭᠠᠲᠦ ᠦᠨᠳᠦᠰᠦᠳᠡᠨ ᠤ ᠺᠠᠳ᠋ᠷ ᠢ ᠬᠥᠮᠥᠵᠢᠭᠦᠯᠬᠦ᠂ ᠰᠣᠷᠭᠠᠨ ᠬᠦᠮᠦᠵᠢᠭᠦᠯᠬᠦ ᠪᠠ ᠬᠡᠷᠡᠭᠯᠡᠬᠦ ᠠᠵᠢᠯ ᠢ  ᠳᠠᠭᠠᠭᠠᠨ ᠬᠢᠨ᠎ᠡ᠃      ︵ᠠᠷᠪᠠᠨ ᠨᠢᠭᠡ︶ ᠨᠠᠢᠮᠠᠨ ᠮᠣᠵᠢ ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠠᠵᠢᠯ ᠢ ᠳᠠᠭᠠᠭᠠᠨ ᠬᠢᠨ᠎ᠡ᠃      ︵ᠠᠷᠪᠠᠨ ᠬᠤᠶᠠᠷ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠰᠢᠶᠠᠭᠰᠠᠨ ᠪᠣᠰᠣᠳ ᠵᠦᠢᠯ ᠤᠨ ᠠᠵᠢᠯ ᠢ ᠳᠠᠭᠠᠭᠠᠨ ᠬᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号