ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
ᠨᠡᠶᠢᠲᠡᠯᠡᠭᠰᠡᠨ ᠴᠠᠭ᠄
2015/4/2

     ᠡᠬᠦᠷᠭᠡ ᠬᠠᠷᠢᠭᠤᠴᠠᠯᠭ᠎ᠠ᠄
     ᠨᠢᠭᠡ᠂ ᠠᠶᠤᠯ ᠦᠭᠡᠢ ᠦᠢᠯᠡᠳᠪᠦᠷᠢᠯᠡᠯ ᠤᠨ ᠲᠤᠬᠠᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠦᠰᠦᠭᠡᠯᠡᠵᠤ᠂ ᠠᠶᠤᠯ ᠦᠭᠡᠢ ᠦᠢᠯᠡᠳᠪᠦᠷᠢᠯᠡᠯ ᠤᠨ ᠲᠤᠮᠳᠠᠬᠢ ᠴᠢᠬᠤᠯᠠ ᠲᠤᠮᠤ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃
     ᠬᠤᠶᠠᠷ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠶᠡᠷᠦᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠡᠬᠦᠷᠭᠡᠯᠡᠵᠤ᠂ ᠶᠡᠷᠦᠩᠬᠡᠶᠢᠯᠡᠨ ᠬᠢᠨᠠᠵᠦ ᠬᠠᠮᠢᠶᠠᠷᠬᠤ ᠡᠷᠭᠡ ᠮᠡᠳᠡᠯ ᠢ ᠬᠠᠤᠯᠢ ᠶᠤᠰᠤᠭᠠᠷ ᠬᠡᠷᠡᠭᠵᠢᠬᠦᠯᠦᠨ᠎ᠡ︔ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠢᠨᠠᠬᠤ᠂ ᠪᠠᠶᠢᠴᠠᠭᠠᠬᠤ ᠪᠠ ᠵᠢᠯᠤᠭᠤᠳᠤᠨ ᠵᠤᠬᠢᠴᠠᠭᠤᠯᠤᠨ᠎ᠠ︔ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠡᠵᠡᠮᠳᠡᠬᠦ ᠬᠢᠨᠠᠨ ᠰᠢᠯᠭᠠᠬᠤ ᠬᠠᠷᠠᠯᠳᠠ ᠶᠢ ᠲᠤᠭᠳᠠᠭᠠᠬᠤ ᠪᠠ  ᠵᠠᠳᠠᠯᠤᠨ ᠨᠠᠶᠢᠳᠠᠪᠤᠷᠢᠵᠢᠭᠤᠯᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ᠃
     ᠭᠤᠷᠪᠠ᠂ ᠠᠶᠤᠯ ᠦᠭᠡᠢ ᠦᠢᠯᠡᠳᠪᠤᠷᠢᠯᠡᠯ ᠤᠨ ᠮᠡᠳᠡᠭᠡ ᠵᠠᠩᠬᠢ ᠨᠡᠶᠢᠳᠡᠯᠡᠬᠦ ᠶᠢ ᠬᠠᠷᠢᠭᠤᠴᠠᠵᠤ᠂ ᠦᠢᠯᠡᠳᠪᠦᠷᠢᠯᠡᠯ ᠤᠨ  ᠠᠳᠡᠯ ᠢ ᠲᠤᠬᠢᠷᠠᠭᠤᠯᠬᠤ ᠶᠢ ᠪᠦᠷᠢᠳᠭᠡᠨ ᠵᠠᠳᠠᠯᠬᠤ ᠪᠠ ᠠᠶᠤᠯ ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ ᠶᠡᠷᠦᠩᠭᠡᠶᠢᠯᠡᠨ ᠬᠠᠮᠢᠶᠠᠷᠤᠨ᠎ᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠭᠤᠭᠰᠠᠨ ᠡᠷᠭᠡ ᠶᠢ ᠦᠨᠳᠦᠰᠦᠯᠡᠨ᠂ ᠬᠦᠨᠳᠤ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠡᠷᠡᠭ ᠢ ᠲᠠᠭᠤᠰᠬᠠᠬᠤ  ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ᠎ᠠ︔ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠭᠰᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠴᠤᠬᠤᠯᠠᠪᠤᠷᠢᠭᠤᠯᠬᠤ ᠴᠢᠬᠤᠯᠠᠳᠠᠢ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ  ᠪᠠᠶᠢᠴᠠᠭᠠᠯᠳᠠ ᠶᠢᠨ ᠮᠡᠳᠡᠬᠦᠯᠦᠯᠳᠡ ᠳᠤ ᠬᠢᠨᠠᠨ ᠪᠠᠶᠢᠴᠠᠭᠠᠬᠤ ᠰᠠᠨᠠᠯ ᠲᠤᠷᠠᠳᠤᠨ᠎ᠠ︔ ᠠᠳᠡᠯ ᠪᠠ ᠬᠠᠷᠢᠭᠤᠴᠠᠯᠭ᠎ᠠ ᠨᠡᠭᠡᠮᠵᠢᠯᠡᠬᠦ ᠶᠢ  ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠵᠤ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠬᠤ ᠠᠵᠢᠯ ᠢ ᠵᠢᠯᠤᠭᠤᠳᠤᠨ᠎ᠠ︔ ᠬᠦᠨᠳᠤ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠵᠤᠬᠢᠴᠠᠭᠤᠯᠤᠨ᠎ᠠ᠃
     ᠲᠦᠷᠪᠡ᠂ ᠨᠡᠬᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠵᠤ ᠠᠬᠤᠶᠢᠯᠠᠯ ᠪᠠ ᠠᠶᠤᠯᠳᠠᠢ ᠬᠢᠮᠢ ᠶᠢᠨ ᠪᠤᠳᠠᠰ᠂ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠢ ᠨᠢ ᠵᠦᠪᠰᠢᠶᠡᠷᠡᠬᠦ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ︔ ᠠᠶᠤᠯᠳᠠᠢ ᠬᠢᠮᠢ ᠶᠢᠨ ᠪᠤᠳᠠᠰ᠂ ᠬᠤᠸᠠᠷ ᠫᠤᠤᠵᠢᠩ ᠪᠠ ᠨᠡᠬᠦᠷᠡᠰᠦᠨ ᠠᠭᠤᠷᠬᠠᠢ ᠪᠤᠰᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠢ ᠶᠡᠷᠦᠩᠭᠡᠶᠢᠯᠡᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ︔
     ᠲᠠᠪᠤ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠦᠮᠤᠵᠢᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠤ᠂ ᠠᠶᠤᠯ ᠦᠭᠡᠢ ᠦᠢᠯᠡᠳᠪᠦᠷᠢᠯᠡᠯ  ᠤᠨ ᠬᠢᠨᠠᠨ ᠬᠠᠮᠢᠶᠠᠷᠬᠤ ᠬᠦᠮᠤᠰ ᠲᠤ ᠠᠶᠤᠯ ᠦᠭᠡᠢ ᠶᠢᠨ ᠪᠤᠯᠪᠠᠰᠤᠷᠠᠭᠤᠯᠤᠯ  ᠬᠢᠬᠦ᠂  ᠬᠢᠨᠠᠨ ᠰᠢᠯᠭᠠᠬᠤ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠤᠨᠴᠠᠭᠠᠢ ᠠᠵᠢᠯ ᠲᠦᠷᠦᠯ ᠤᠨ ᠬᠦᠮᠤᠰ  ︵ᠨᠡᠬᠦᠷᠡᠰᠦᠨ ᠠᠭᠤᠷᠬᠠᠢ ᠶᠢᠨ ᠤᠨᠴᠠᠭᠠᠢ ᠠᠵᠢᠯ ᠲᠦᠷᠦᠯ ᠤᠨ ᠬᠦᠮᠤᠰ᠂  ᠤᠨᠴᠠᠭᠠᠢ ᠠᠵᠢᠯ ᠲᠦᠷᠦᠯ ᠤᠨ ᠲᠤᠨᠤᠭ ᠲᠦᠬᠦᠭᠡᠷᠦᠮᠵᠢ ᠶᠢᠨ ᠬᠦᠮᠤᠰ ᠠᠴᠠ ᠭᠠᠳᠠᠨᠠᠬᠢ︶ ᠢ ᠬᠢᠨᠠᠨ ᠰᠢᠯᠭᠠᠬᠤ ᠠᠵᠢᠯ ᠪᠠ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢᠨ ᠭᠤᠤᠯ ᠡᠵᠡᠩᠨᠡᠨ ᠬᠠᠮᠢᠶᠠᠷᠤᠭᠴᠢ᠂ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠬᠦᠮᠤᠰ ᠤᠨ ᠠᠶᠤᠯ ᠦᠭᠡᠢ ᠶᠢᠨ ᠬᠢᠷᠢ ᠬᠡᠮ  ︵ᠨᠡᠬᠦᠷᠡᠰᠦᠨ ᠠᠭᠤᠷᠬᠠᠢ ᠶᠢᠨ ᠲᠠᠷᠤᠭ᠎ᠠ ᠶᠢᠨ ᠠᠶᠤᠯ ᠦᠭᠡᠢ ᠶᠢᠨ ᠬᠢᠷᠢ ᠬᠡᠮ ᠠᠴᠠ ᠭᠠᠳᠠᠨᠠᠬᠢ︶ ᠢ ᠰᠢᠯᠭᠠᠨ ᠬᠢᠨᠠᠬᠤ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠳᠤ ᠬᠢᠨᠠᠯᠳᠠ ᠲᠠᠯᠪᠢᠨ᠎ᠠ᠃
     ᠵᠢᠷᠭᠤᠭ᠎ᠠ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠳᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠱᠠᠳᠤ ᠬᠤᠪᠢᠶᠠᠷᠢᠯᠠᠬᠤ᠂ ᠬᠠᠷᠢᠶᠠᠳᠤ ᠭᠠᠵᠠᠷ ᠤᠨ ᠵᠠᠷᠴᠢᠮ ᠤᠨ ᠶᠤᠰᠤᠭᠠᠷ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠬᠦ ᠨᠦᠬᠦᠴᠡᠯ ᠪᠠ ᠬᠤᠯᠪᠤᠭᠳᠠᠯ ᠪᠦᠬᠦᠢ ᠲᠦᠬᠦᠭᠡᠷᠦᠮᠵᠢ ︵ ᠤᠨᠴᠠᠭᠠᠢ ᠲᠦᠷᠦᠯ ᠤᠨ ᠲᠤᠨᠤᠭ ᠲᠦᠬᠦᠭᠡᠷᠦᠮᠵᠢ ᠠᠴᠠ ᠭᠠᠳᠠᠨᠠᠬᠢ︶᠂ ᠮᠠᠲ᠋ᠧᠷᠢᠶᠠᠯ᠂ ᠬᠦᠳᠡᠯᠮᠦᠷᠢ ᠶᠢᠨ ᠰᠡᠷᠭᠡᠶᠢᠯᠡᠨ ᠬᠠᠮᠠᠭᠠᠯᠠᠯᠳᠠ ᠶᠢᠨ ᠡᠳ᠋ ᠬᠡᠷᠡᠭᠰᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠳᠠ ᠶᠢᠨ ᠠᠵᠢᠯ ᠳᠤ ᠬᠠᠤᠯᠢ ᠶᠤᠰᠤᠭᠠᠷ ᠬᠢᠨᠠᠯᠳᠠ ᠲᠠᠯᠪᠢᠨ᠎ᠠ᠃
     ᠲᠤᠯᠤᠭ᠎ᠠ᠂ ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠠᠶᠤᠯ ᠦᠬᠡᠢ ᠶᠢᠨ ᠪᠡᠯᠡᠳᠬᠡᠮᠵᠢ ᠶᠢ ᠭᠤᠤᠯ ᠴᠤᠭᠴᠠᠳᠤ ᠪᠠᠷᠢᠯᠭ᠎ᠠ ᠲᠠᠢ ᠴᠤᠭ ᠲᠤᠨᠢ ᠲᠦᠯᠦᠪᠯᠡᠵᠤ᠂ ᠴᠤᠭ ᠲᠤᠨᠢ ᠪᠠᠷᠢᠵᠤ᠂ ᠴᠤᠭ ᠲᠤᠨᠢ ᠠᠰᠢᠭᠯᠠᠯᠳᠠ ᠳᠤ ᠤᠷᠤᠭᠤᠯᠵᠤ ᠬᠡᠷᠡᠭᠯᠡᠭᠰᠡᠨ ᠪᠠᠶᠢᠳᠠᠯ ᠳᠤ ᠬᠠᠤᠯᠢ ᠶᠤᠰᠤᠭᠠᠷ   ᠬᠢᠨᠠᠯᠳᠠ ᠲᠠᠯᠪᠢᠨ ᠪᠠᠶᠢᠴᠠᠭᠠᠨ᠎ᠠ︔ ᠬᠦᠨᠳᠤ ᠶᠡᠭᠡ ᠠᠶᠤᠯ ᠤᠨ ᠰᠤᠷᠪᠤᠯᠵᠢ ᠶᠢ ᠬᠢᠨᠠᠨ ᠡᠵᠡᠮᠳᠡᠵᠤ᠂ ᠬᠦᠨᠳᠤ ᠶᠡᠭᠡ ᠠᠳᠡᠯ ᠤᠨ ᠲᠠᠯᠳᠠ  ᠭᠡᠮ ᠢ ᠴᠡᠭᠴᠡᠯᠡᠨ ᠦᠭᠡᠷᠡᠴᠢᠯᠡᠬᠦ ᠠᠵᠢᠯ ᠢ ᠬᠢᠨᠠᠨ ᠪᠠᠶᠢᠴᠠᠭᠠᠨ᠎ᠠ᠃
     ᠨᠠᠢᠮᠠ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ ᠲᠠᠯᠠᠪᠤᠷ ︵ᠨᠡᠬᠦᠷᠡᠰᠦᠨ ᠠᠭᠤᠷᠬᠠᠢ ᠶᠢᠨ ᠠᠵᠢᠯᠯᠠᠭᠠᠨ ᠤ ᠲᠠᠯᠠᠪᠤᠷ ᠠᠴᠠ ᠭᠠᠳᠠᠨᠠᠬᠢ︶ ‍ᠤᠨ‌ᠠᠵᠢᠯ ᠮᠡᠷᠭᠡᠵᠢᠯ ᠤᠨ ᠡᠷᠡᠬᠦᠯ ᠬᠠᠮᠠᠭᠠᠯᠠᠯ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠡᠬᠦᠷᠭᠡᠯᠡᠵᠤ᠂ ᠠᠵᠢᠯ ᠮᠡᠷᠭᠡᠵᠢᠯ ᠤᠨ ᠬᠤᠤᠷ ᠬᠦᠨᠦᠭᠡᠯᠳᠤ ᠠᠳᠡᠯ ᠪᠠ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ︔ ᠠᠶᠤᠯ ᠦᠭᠡᠢ ᠦᠢᠯᠡᠳᠪᠦᠷᠢᠯᠡᠯ ᠤᠨ ᠨᠦᠬᠦᠴᠡᠯ ᠢ ᠪᠦᠷᠢᠳᠦᠬᠦᠯᠦᠭᠰᠡᠨ ᠦᠭᠡᠢ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃       ᠶᠢᠰᠦ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠵᠢᠬᠦᠯᠭᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠢᠭᠡᠴᠡ ᠶᠢ ᠵᠤᠬᠢᠶᠠᠨ ᠪᠠᠶᠢᠭᠤᠯᠬᠤ᠂ ᠵᠢᠯᠤᠭᠤᠳᠬᠤ ᠪᠠ ᠵᠤᠬᠢᠴᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠵᠢᠱᠢᠶ᠎ᠡ ᠦᠵᠡᠬᠦᠯᠬᠦ ᠠᠵᠢᠯ ᠢ  ᠦᠷᠨᠢᠬᠦᠯᠦᠨ᠎ᠡ᠃       ᠠᠷᠪᠠ᠂ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠨ ᠬᠡᠮᠵᠢᠵᠤ ᠪᠠᠶᠢᠴᠠᠭᠠᠨ ᠰᠢᠯᠭᠠᠬᠤ ᠠᠵᠢᠯ ᠢ ᠵᠢᠯᠤᠭᠤᠳᠤᠨ ᠵᠤᠬᠢᠴᠠᠭᠤᠯᠵᠤ᠂ ᠨᠡᠶᠢᠭᠡᠮ ᠤᠨ ᠠᠶᠤᠯ ᠦᠭᠡᠢ ᠦᠢᠯᠡᠳᠪᠦᠷᠢᠯᠡᠯ ᠤᠨ ᠵᠠᠭᠤᠴᠢ ᠪᠠᠶᠢᠭᠤᠯᠤᠮᠵᠢ ᠪᠠ ᠠᠮᠤᠷ ᠲᠦᠪᠰᠢᠨ ᠤ ᠦᠨᠡᠯᠡᠯᠳᠡ ᠶᠢᠨ ᠠᠵᠢᠯ ᠢ ᠬᠢᠨᠠᠨ ᠬᠠᠮᠢᠶᠠᠷᠤᠨ᠎ᠠ︔ ᠳᠠᠩᠰᠠᠭᠤᠯᠤᠭᠰᠠᠨ ᠠᠮᠤᠷ ᠲᠦᠪᠰᠢᠨ ᠤ ᠢᠨᠵᠧᠨᠧᠷ ᠤᠨ ᠠᠵᠢᠯ ᠡᠷᠬᠢᠯᠡᠬᠦ ᠬᠢᠷᠢ ᠭᠡᠮ ᠤᠨ ᠰᠢᠯᠭᠠᠯᠳᠠ ᠪᠠ ᠲᠠᠩᠰᠠᠯᠠᠬᠤ ᠠᠵᠢᠯ  ᠳᠤ ᠬᠢᠨᠠᠯᠳᠠ ᠲᠠᠯᠪᠢᠬᠤ ᠪᠠ ᠵᠢᠯᠤᠭᠤᠳᠤᠨ᠎ᠠ᠃
     ᠠᠷᠪᠠᠨ ᠨᠢᠭᠡ᠂ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠬᠡᠷ ᠤᠨ ᠡᠳᠦᠷ ᠲᠤᠳᠤᠮ ᠤᠨ ᠠᠵᠢᠯ ᠢ ᠡᠬᠦᠷᠭᠡᠯᠡᠨ᠎ᠡ᠃
     ᠠᠷᠪᠠᠨ ᠬᠤᠶᠠᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ