ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2015/4/2

    ᠭᠤᠤᠯ ᠡᠬᠦᠷᠭᠡ ᠬᠠᠷᠢᠭᠤᠴᠠᠯᠭ᠎ᠠ᠄
     ︵ᠨᠢᠭᠡ︶ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠬᠠᠢ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠪᠠ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠵᠤ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠪᠠ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠬᠦᠯᠬᠦ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠤᠷᠤᠨ ᠨᠤᠳᠤᠭ ᠤᠨ ᠴᠢᠨᠠᠷᠲᠠᠢ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠤᠯᠢ ᠲᠤᠭᠳᠠᠭᠠᠯ ᠲᠦᠷᠢᠮ ᠲᠤᠭᠳᠠᠭᠠᠯ ᠤᠨ ᠲᠦᠰᠦᠯ ᠪᠠ ᠲᠦᠯᠦᠪᠵᠢᠬᠦᠯᠭᠡ ᠲᠦᠯᠦᠪᠯᠡᠭᠡ ᠶᠢ ᠰᠤᠳᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃
     ︵ᠬᠤᠶᠠᠷ︶ ᠡᠯ᠎ᠡ ᠲᠦᠷᠦᠯ ᠤᠨ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠠ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠨᠢᠭᠡᠴᠡ᠂ ᠬᠤᠪᠢ ᠬᠦᠮᠦᠨ ᠪᠠ ᠡᠷᠭᠡ ᠤᠯᠭᠤᠭᠰᠠᠨ ᠬᠡᠪᠴᠢᠶᠠᠨ ᠲᠤᠳᠤᠷᠠᠬᠢ ᠭᠠᠳᠠᠭᠠᠳᠤ ᠤᠯᠤᠰ ︵ᠭᠠᠵᠠᠷ ᠤᠷᠤᠨ︶  ᠤᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠦᠯᠦᠭᠡᠯᠡᠭᠴᠢ ᠪᠠᠶᠢᠭᠤᠯᠤᠮᠵᠢ ᠵᠡᠷᠭᠡ ᠵᠠᠬ᠎ᠠ ᠲᠡᠯᠭᠡᠬᠦᠷ ᠤᠨ ᠭᠤᠤᠯ ᠴᠤᠭᠴᠠ ᠶᠢ ᠪᠦᠷᠢᠳᠭᠡᠨ ᠲᠠᠩᠰᠠᠯᠠᠬᠤ ᠠᠵᠢᠯ ᠢ ᠬᠠᠷᠢᠭᠤᠴᠠᠬᠤ ᠶᠢᠨ ᠬᠠᠮᠳᠤ ᠬᠢᠨᠠᠨ  ᠬᠠᠮᠢᠶᠠᠷᠴᠤ  ᠂ ᠦᠨᠡᠮᠯᠡᠯ ᠦᠭᠡᠢ ᠡᠵᠡᠩᠨᠡᠯᠳᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠤ ᠬᠦᠴᠦᠨ ᠦᠭᠡᠢ ᠪᠤᠯᠭᠠᠬᠤ ᠬᠠᠷᠢᠭᠤᠴᠠᠯᠭ᠎ᠠ ᠶᠢ ᠡᠬᠦᠷᠭᠡᠯᠡᠨ᠎ᠡ᠃
     ︵ᠭᠤᠷᠪᠠ︶ ᠡᠯ᠎ᠡ ᠲᠦᠷᠦᠯ ᠤᠨ ᠵᠠᠬ᠎ᠠ ᠲᠡᠯᠭᠡᠬᠦᠷ ᠤᠨ ᠡᠵᠡᠩᠨᠡᠯᠳᠡ ᠶᠢᠨ ᠡᠮᠬᠢ ᠲᠢᠭᠯᠢᠮ ᠢ ᠬᠠᠤᠯᠢ ᠶᠤᠰᠤᠭᠠᠷ ᠲᠦᠷᠢᠮᠵᠢᠬᠦᠯᠬᠦ ᠪᠠ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠵᠤ᠂ ᠵᠠᠬ᠎ᠠ ᠲᠡᠯᠭᠡᠬᠦᠷ ᠤᠨ ᠰᠤᠯᠢᠯᠴᠠᠭᠠᠨ ᠤ ᠠᠵᠢᠯᠯᠠᠭ᠎ᠠ ᠪᠠ ᠲᠤᠤᠷ ᠰᠦᠯᠵᠢᠶᠠᠨ ᠤ ᠲᠠᠸᠠᠷ ᠤᠨ ᠰᠤᠯᠢᠯᠴᠠᠭ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯᠯᠠᠭ᠎ᠠ ᠳᠤ  ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃
     ︵ᠲᠦᠷᠪᠡ︶ ᠬᠦᠢᠯᠭᠡᠭᠡᠨ ᠤ ᠬᠦᠷᠢᠶᠡᠨ ᠳᠠᠬᠢ ᠲᠠᠸᠠᠷ ᠤᠨ ᠶᠠᠰᠤ ᠴᠢᠨᠠᠷ ᠲᠤ  ᠬᠢᠨᠠᠯᠳᠠ ᠲᠠᠯᠪᠢᠨ ᠬᠠᠮᠢᠶᠠᠷᠬᠤ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠨ᠎ᠡ︔ ᠦᠢᠯᠡᠴᠢᠯᠡᠭᠡᠨ ᠤ ᠬᠦᠷᠢᠶᠡᠨ ᠳᠤ ᠬᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠬᠤᠳᠠᠯ ᠬᠠᠭᠤᠷᠮᠠᠭ ᠮᠠᠭᠤ ᠪᠦᠳᠦᠭᠡᠭᠳᠡᠬᠦᠨ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠠᠵᠢᠯ ᠤᠨ ᠬᠤᠪᠢᠶᠠᠷᠢᠯᠠᠯ ᠢᠶᠠᠷ ᠪᠠᠶᠢᠴᠠᠭᠠᠨ ᠰᠢᠢᠳᠪᠦᠷᠢᠯᠡᠨ᠎ᠡ︔ ᠬᠡᠷᠡᠭᠯᠡᠭᠴᠢᠳ ᠤᠨ ᠠᠰᠠᠭᠤᠨ ᠯᠠᠪᠯᠠᠬᠤ᠂ ᠭᠤᠮᠤᠳᠠᠯ ᠲᠤᠭᠠᠴᠢᠬᠤ᠂ ᠢᠯᠡᠴᠢᠯᠡᠨ ᠮᠡᠳᠡᠬᠦᠯᠬᠦ ᠶᠢ ᠬᠦᠯᠢᠶᠡᠨ ᠠᠪᠬᠤ᠂ ᠰᠢᠢᠳᠪᠦᠷᠢᠯᠡᠬᠦ ᠪᠠ ᠲᠤᠤᠷ ᠰᠦᠯᠵᠢᠶᠡᠨ ᠤ ᠰᠢᠰᠲ᠋ᠧᠮᠵᠢ ᠶᠢᠨ  ᠪᠠᠶᠢᠭᠤᠯᠤᠯᠳᠠ ᠵᠡᠷᠭᠡ ᠠᠵᠢᠯ ᠢ ᠵᠢᠯᠤᠭᠤᠳᠤᠨ᠂ ᠡᠵᠡᠩᠨᠡᠭᠴᠢᠳ᠂  ᠬᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃
     ︵ᠲᠠᠪᠤ︶ ᠬᠠᠤᠯᠢ ᠠᠴᠠ ᠵᠦᠷᠢᠴᠡᠵᠤ ᠰᠢᠭᠤᠳ ᠪᠤᠷᠤᠯᠠᠭᠤᠯᠬᠤ ᠪᠠ ᠲᠠᠮᠵᠢᠭᠤᠯᠤᠨ ᠪᠤᠷᠤᠯᠠᠭᠤᠯᠬᠤ ᠭᠡᠷᠡᠭ ᠢ ᠪᠠᠶᠢᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠡᠬᠦᠷᠭᠡᠯᠡᠵᠤ᠂ ᠰᠢᠭᠤᠳ ᠪᠤᠷᠤᠯᠠᠭᠤᠯᠬᠤ ᠠᠵᠤ ᠠᠬᠤᠶᠢᠯᠠᠯ᠂ ᠰᠢᠭᠤᠳ ᠪᠤᠷᠤᠯᠠᠭᠤᠯᠤᠭᠴᠢ ᠵᠢᠴᠢ ᠰᠢᠭᠤᠳ ᠪᠤᠷᠤᠯᠠᠭᠤᠯᠬᠤ ᠠᠵᠢᠯᠯᠠᠭ᠎ᠠ  ᠳᠤ ᠬᠠᠤᠯᠢ ᠶᠤᠰᠤᠭᠠᠷ ᠬᠢᠨᠠᠯᠳᠠ ᠲᠠᠯᠪᠢᠵᠤ ᠬᠠᠮᠢᠶᠠᠷᠤᠨ᠎ᠠ᠃              

     ︵ᠵᠢᠷᠭᠤᠭ᠎ᠠ︶ ᠭᠠᠭᠴᠠᠭᠠᠷ ᠡᠵᠡᠮᠰᠢᠯ ᠤᠨ ᠬᠡᠯᠡᠯᠴᠡᠭᠡᠷ ᠬᠢᠬᠦ᠂ ᠵᠠᠬ᠎ᠠ ᠲᠡᠯᠭᠡᠬᠦᠷ  ᠢ ᠵᠠᠬᠢᠷᠬᠤ ᠪᠠᠶᠢᠷᠢ ᠰᠠᠭᠤᠷᠢ ᠶᠢ ᠲᠤᠷ᠎ᠠ ᠪᠠᠷ ᠢᠶᠠᠨ ᠡᠵᠡᠯᠡᠬᠦ᠂ ᠵᠠᠰᠠᠭ ᠵᠠᠬᠢᠷᠭᠠᠨ ᠤ ᠡᠷᠭᠡ ᠶᠢ ᠲᠤᠷ᠎ᠠ ᠪᠠᠷ ᠬᠡᠷᠡᠭᠯᠡᠵᠤ ᠦᠷᠢᠰᠦᠯᠳᠦᠭᠴᠢ ᠲᠠᠯ᠎ᠠ ᠶᠢ ᠠᠷᠢᠯᠭᠠᠬᠤ ᠪᠤᠶᠤ ᠬᠢᠵᠠᠭᠠᠷᠯᠠᠬᠤ ᠲᠠᠯ᠎ᠠ  ᠪᠠᠷ ᠭᠠᠭᠴᠠᠭᠠᠷ ᠡᠵᠡᠮᠰᠢᠯ ᠢ ᠡᠰᠡᠷᠬᠦᠴᠡᠬᠦ ᠬᠠᠤᠯᠢ ᠬᠡᠷᠡᠭᠵᠢᠬᠦᠯᠬᠦ ᠠᠵᠢᠯ ᠢ ᠬᠠᠷᠢᠭᠤᠴᠠᠨ᠎ᠠ ︵ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠠᠴᠠ ᠪᠤᠰᠤᠳ︶︔  ᠭᠠᠭᠴᠠᠭᠠᠷ ᠡᠵᠡᠮᠰᠢᠬᠦ᠂  ᠶᠤᠰᠤ ᠪᠤᠰᠤ ᠪᠠᠷ ᠦᠷᠢᠰᠦᠯᠳᠦᠬᠦ᠂ ᠬᠤᠳᠠᠯᠳᠤᠭᠠᠨ ᠤ ᠬᠡᠬᠡᠯᠢ ᠬᠠᠭ᠋ᠤᠤᠯᠢ ᠲᠦᠯᠬᠢᠬᠦ᠂ ᠭᠤᠶᠠᠴᠢᠯᠠᠨ ᠫᠠᠨᠽᠠᠯᠠᠬᠤ ᠵᠡᠷᠭᠡ ᠠᠵᠤ ᠠᠬᠤᠢ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃
     ︵ᠲᠤᠯᠤᠭ᠎ᠠ︶ ᠵᠠᠭᠤᠴᠢᠯᠠᠭᠴᠢ᠂ ᠵᠠᠭᠤᠴᠢᠯᠠᠬᠤ ᠪᠠᠶᠢᠭᠤᠯᠤᠮᠵᠢ ᠵᠢᠴᠢ ᠵᠠᠭᠤᠴᠢᠯᠠᠬᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃
     ︵ᠨᠠᠢᠮᠠ︶  ᠬᠡᠷ᠎ᠡ ᠶᠢᠨ ᠵᠠᠰᠠᠭ ᠵᠠᠬᠢᠷᠭᠠᠨ ᠤ ᠬᠢᠨᠠᠯᠳᠠ ᠬᠠᠮᠢᠶᠠᠷᠤᠯᠳᠠ ᠶᠢ ᠬᠠᠤᠯᠢ ᠶᠤᠰᠤᠭᠠᠷ ᠬᠡᠷᠡᠭᠵᠢᠬᠦᠯᠬᠦ ᠶᠢ ᠬᠠᠷᠢᠭᠤᠴᠠᠵᠤ᠂ ᠬᠦᠳᠡᠯᠤᠩᠬᠦᠢ ᠬᠦᠷᠦᠩᠭᠡ ᠶᠢᠨ ᠪᠠᠷᠢᠴᠠᠭᠠᠯᠠᠬᠤ ᠡᠳ᠋ ᠢ ᠲᠠᠩᠰᠠᠯᠠᠬᠤ ᠳᠤ ᠬᠢᠨᠠᠯᠳᠠ ᠲᠠᠯᠪᠢᠨ ᠬᠠᠮᠢᠶᠠᠷᠬᠤ ᠠᠵᠢᠯ ᠢ ᠬᠠᠷᠢᠭᠤᠴᠠᠵᠤ᠂ ᠦᠨ᠎ᠡ ᠬᠠᠶᠠᠨ ᠬᠤᠳᠠᠯᠳᠤᠬᠤ ᠠᠵᠢᠯᠯᠠᠭ᠎ᠠ ᠶᠢ ᠬᠢᠨᠠᠨ ᠬᠠᠮᠢᠶᠠᠷᠴᠤ᠂ ᠭᠡᠷ᠎ᠡ ᠪᠠᠷ ᠬᠢᠬᠠᠨ ᠮᠡᠭᠡᠯᠡᠬᠦ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠰᠢᠢᠳᠪᠦᠷᠢᠯᠡᠬᠦ ᠶᠢ ᠬᠠᠷᠢᠭᠤᠴᠠᠨ᠎ᠠ᠃
     ︵ᠶᠢᠰᠦ︶ ᠵᠠᠷ ᠮᠡᠳᠡᠭᠡᠨ ᠤ ᠦᠢᠯᠡᠰ ᠤᠨ ᠬᠦᠭᠵᠢᠯᠳᠡ ᠶᠢ ᠵᠢᠯᠤᠭᠤᠳᠴᠤ᠂ ᠡᠯ᠎ᠡ ᠲᠦᠷᠦᠯ ᠤᠨ ᠵᠠᠷ ᠮᠡᠳᠡᠭᠡᠨ ᠤ ᠠᠵᠢᠯᠯᠠᠭ᠎ᠠ ᠳᠤ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃
     ︵ᠠᠷᠪᠠ︶ ᠲᠠᠸᠠᠷ ᠤᠨ ᠲᠡᠮᠳᠡᠭ ᠢ ᠲᠠᠩᠰᠠᠯᠠᠬᠤ ᠶᠢ ᠬᠠᠮᠢᠶᠠᠷᠬᠤ ᠠᠵᠢᠯ ᠢ ᠬᠠᠷᠢᠭᠤᠴᠠᠵᠤ᠂ ᠦᠪᠡᠷᠳᠡᠭᠡᠨ ᠵᠠᠰᠠᠬᠤ ᠤᠷᠤᠨ ᠤ ᠠᠯᠳᠠᠷᠳᠤ ᠲᠠᠸᠠᠷ ᠤᠨ ᠲᠡᠮᠳᠡᠭ ᠢ ᠮᠠᠭᠠᠳᠯᠠᠨ ᠲᠤᠭᠳᠠᠭᠠᠬᠤ᠂  ᠨᠡᠷᠡᠳᠤ ᠲᠠᠸᠠᠷ ᠤᠨ ᠲᠡᠮᠳᠡᠭ  ᠢ ᠭᠤᠶᠤᠴᠢᠯᠠᠨ ᠮᠡᠳᠡᠬᠦᠯᠬᠦ᠂ ᠲᠠᠩᠰᠠᠯᠠᠭᠤᠯᠤᠭᠰᠠᠨ ᠲᠠᠸᠠᠷ ᠤᠨ ᠲᠡᠮᠳᠡᠭ ᠵᠢᠴᠢ ᠲᠠᠸᠠᠷ ᠤᠨ ᠲᠡᠮᠳᠡᠭ ᠲᠠᠷᠤᠮᠠᠯᠯᠠᠬᠤ ᠨᠢᠭᠡᠴᠡ ᠳᠤ ᠬᠢᠨᠠᠯᠳᠠ ᠲᠠᠯᠪᠢᠨ ᠬᠠᠮᠢᠶᠠᠷᠬᠤ ᠶᠢ ᠬᠠᠤᠯᠢ ᠶᠤᠰᠤᠭᠠᠷ ᠦᠷᠨᠢᠬᠦᠯᠦᠨ᠎ᠡ︔ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠭᠡ ᠶᠢ ᠬᠠᠤᠯᠢ ᠶᠤᠰᠤᠭᠠᠷ ᠬᠠᠮᠠᠭᠠᠯᠠᠬᠤ ᠪᠠ ᠲᠠᠸᠠᠷ ᠤᠨ ᠲᠡᠮᠳᠡᠭ ᠤᠨ ᠡᠷᠭᠡ ᠳᠤ ᠬᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠤᠨᠴᠠᠭᠠᠢ ᠲᠡᠮᠳᠡᠭ᠂ ᠠᠯᠪᠠᠨ ᠤ ᠲᠡᠮᠳᠡᠭ ᠢ ᠬᠠᠤᠯᠢ ᠶᠤᠰᠤᠭᠠᠷ ᠬᠠᠮᠠᠭᠠᠯᠠᠬᠤ ᠪᠠ ᠡᠷᠭᠡ ᠳᠤ ᠬᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃
     ︵ᠠᠷᠪᠠᠨ ᠨᠢᠭᠡ︶  ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠲᠠᠸᠠᠷ ᠤᠨ  ᠰᠤᠯᠢᠯᠴᠠᠭᠠᠨ ᠤ ᠵᠠᠬ᠎ᠠ ᠲᠡᠯᠭᠡᠬᠦᠷ ᠤᠨ ᠢᠳᠡᠭᠡᠮᠵᠢ ᠶᠢᠨ ᠲᠦᠷᠦᠯ ᠬᠤᠪᠢᠶᠠᠨ ᠬᠠᠮᠢᠶᠠᠷᠬᠤ ᠶᠢ ᠵᠤᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠵᠤ᠂ ᠪᠦᠬᠦ ᠤᠷᠤᠨ ᠤ ᠵᠠᠬ᠎ᠠ ᠲᠡᠯᠭᠡᠬᠦᠷ ᠤᠨ ᠭᠤᠤᠯ ᠴᠤᠭᠴᠠ ᠶᠢ ᠪᠦᠷᠢᠳᠭᠡᠨ ᠲᠠᠩᠰᠠᠯᠠᠭᠰᠠᠨ ᠰᠠᠭᠤᠷᠢ ᠮᠡᠳᠡᠭᠡ ᠵᠠᠩᠬᠢ᠂ ᠲᠠᠸᠠᠷ ᠤᠨ ᠲᠡᠮᠳᠡᠭ ᠢ ᠲᠠᠩᠰᠠᠯᠠᠭᠰᠠᠨ ᠮᠡᠳᠡᠭᠡ ᠵᠠᠩᠬᠢ ᠵᠡᠷᠭᠡ ᠶᠢ ᠰᠤᠳᠤᠯᠤᠨ ᠰᠢᠨᠵᠢᠯᠡᠬᠦ ᠶᠢᠨ ᠬᠠᠮᠳᠤ ᠬᠠᠤᠯᠢ ᠶᠤᠰᠤᠭᠠᠷ ᠨᠡᠶᠢᠳᠡᠯᠡᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠳᠤ ᠪᠠ ᠨᠡᠶᠢᠭᠡᠮ ᠤᠨ ᠤᠯᠠᠨ ᠲᠦᠮᠡᠨ ᠳᠤ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠨ᠎ᠠ᠃        

      ︵ᠠᠷᠪᠠᠨ ᠬᠤᠶᠠᠷ︶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠬᠤᠪᠢ ᠶᠢᠨ ᠡᠵᠡᠩᠨᠠᠯᠳᠠ ᠶᠢᠨ ᠠᠵᠤ ᠠᠬᠤᠶᠢᠯᠠᠯ ᠳᠤ ᠦᠢᠯᠡᠴᠢᠯᠡᠬᠦ ᠶᠢᠨ ᠬᠠᠮᠳᠤ ᠲᠡᠳᠡᠨ ᠤ ᠡᠵᠡᠩᠨᠠᠯᠳᠠ ᠶᠢᠨ ᠠᠵᠢᠯᠯᠠᠭ᠎ᠠ  ᠳᠤ ᠬᠢᠨᠠᠯᠳᠠ ᠲᠠᠯᠪᠢᠨ ᠬᠠᠮᠢᠶᠠᠷᠤᠨ᠎ᠠ᠃      

      ︵ᠠᠷᠪᠠᠨ ᠭᠤᠷᠪᠠ︶ ᠦᠪᠡᠷᠳᠡᠭᠡᠨ ᠵᠠᠰᠠᠬᠤ ᠤᠷᠤᠨ ᠠᠴᠠ ᠲᠤᠷᠤᠭᠰᠢᠬᠢ ᠡᠯ᠎ᠡ ᠱᠠᠳᠤᠨ ᠤ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠪᠠᠶᠢᠭᠤᠯᠤᠮᠵᠢ ᠳᠤ ᠰᠢᠰᠲ᠋ᠧᠮ ᠤᠨ ᠬᠠᠮᠢᠶᠠᠷᠤᠯᠳᠠ ᠶᠢ ᠬᠡᠷᠡᠭᠵᠢᠬᠦᠯᠦᠨ᠎ᠡ᠃                        

     ︵ᠠᠷᠪᠠᠨ ᠲᠦᠷᠪᠡ︶ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ  ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃

ᠭᠤᠤᠯ ᠡᠭᠦᠷᠭᠡ ᠬᠠᠷᠢᠭᠤᠴᠠᠯᠭ᠎ᠠ᠄
     ︵ᠨᠢᠭᠡ︶ ᠤᠯᠤᠰ ᠤᠨ ᠬᠤᠯᠪᠣᠭᠳᠠᠯ ᠪᠦᠬᠦᠢ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠣᠣᠱᠯᠠᠭᠤᠯᠣᠨ ᠬᠡᠷᠡᠭᠵᠢᠭᠦᠯᠦᠨ᠎ᠡ︔ ᠦᠪᠡᠷᠲᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠲᠥᠷᠦ ᠶᠢᠨ ᠪᠤᠳᠤᠯᠭ᠎ᠠ᠂ ᠬᠠᠤᠯᠢ ᠲᠣᠭᠲᠠᠭᠠᠯ᠂ ᠳᠥᠷᠢᠮ ᠲᠤᠭᠲᠠᠭᠠᠯ ᠢ ᠰᠤᠳᠤᠯᠤᠨ ᠲᠤᠭᠳᠠᠭᠠᠵᠤ ᠶᠢᠨ ᠬᠠᠮᠲᠤ ᠵᠤᠬᠢᠶᠠᠨ ᠪᠠᠶᠢᠭᠤᠯᠵᠤ  ᠬᠡᠷᠡᠭᠵᠢᠭᠦᠯᠦᠨ᠎ᠡ᠃
     ︵ᠬᠤᠶᠠᠷ︶ ᠪᠦᠬᠦ ᠤᠷᠥᠨ ᠤ ᠶᠠᠰᠤ ᠴᠢᠨᠠᠷ ᠤᠨ ᠬᠢᠨᠠᠯᠲᠠ ᠲᠠᠯᠪᠢᠬᠤ ᠪᠠ ᠶᠠᠰᠦ ᠴᠢᠨᠠᠷ ᠤᠨ ᠬᠢᠨᠠᠯᠲᠠ ᠲᠠᠯᠪᠢᠬᠤ ᠪᠠᠶᠢᠴᠠᠭᠠᠯᠲᠠ ᠶᠢᠨ ᠠᠵᠢᠯ ᠢ ᠨᠢᠭᠡᠲᠦᠯᠲᠠᠢ ᠬᠠᠮᠢᠶᠠᠷᠤᠨ᠎ᠠ︔ ᠦᠢᠯᠡᠳᠬᠦᠨ ᠤ ᠶᠠᠰᠤ ᠴᠢᠨᠠᠷ ᠤᠨ ᠬᠦᠨᠳᠡᠯᠡᠨ ᠠᠴᠠ ᠲᠠᠰᠤᠯᠠᠬᠤ   ᠶᠢ ᠰᠢᠯᠭᠠᠨ ᠪᠠᠶᠢᠴᠠᠭᠠᠬᠤ ᠪᠠ ᠬᠢᠨᠠᠨ ᠲᠤᠭᠲᠠᠭᠠᠬᠤ ᠶᠢ ᠬᠠᠮᠢᠶᠠᠷᠤᠨ᠎ᠠ︔ ᠪᠦᠬᠦ ᠤᠷᠤᠨ ᠤ ᠬᠤᠳᠠᠯ ᠬᠠᠭᠤᠷᠮᠠᠭ ᠴᠢᠨᠠᠷ ᠮᠠᠭᠤᠲᠠᠢ ᠲᠠᠸᠠᠷ ᠢ ᠦᠢᠯᠡᠳᠪᠦᠷᠢᠯᠡᠬᠦ ᠪᠠ ᠪᠣᠷᠤᠯᠠᠭᠤᠯᠤᠨ ᠬᠤᠳᠠᠯᠳᠤᠬᠤ ᠠᠵᠢᠯᠯᠠᠭᠠᠨ ᠳᠤᠮᠳᠠᠬᠢ ᠶᠠᠰᠤ ᠴᠢᠨᠠᠷ ᠤᠨ ᠬᠠᠤᠯᠢ ᠠᠴᠠ ᠵᠦᠷᠢᠴᠡᠭᠰᠡᠨ ᠠᠵᠢᠯᠠᠯᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠠᠬᠦ ᠠᠵᠢᠯ ᠢ ᠵᠤᠬᠢᠶᠠᠨ ᠪᠠᠶᠢᠭᠤᠯᠵᠤ ᠲᠤᠬᠢᠷᠠᠭᠤᠯᠤᠨ᠎ᠠ᠃
     ︵ᠭᠤᠷᠪᠠ︶ ᠪᠦᠬᠦ ᠤᠷᠤᠨ ᠤ ᠶᠠᠰᠤ ᠴᠢᠨᠠᠷ ᠤᠨ ᠠᠵᠢᠯ ᠢ ᠬᠤᠷᠸ᠎ᠠ ᠲᠠᠯ᠎ᠠ ᠠᠴᠠ ᠬᠠᠮᠢᠶᠠᠷᠬᠤ ᠪᠠ ᠵᠢᠭᠠᠨ ᠵᠢᠯᠤᠭᠤᠳᠤᠨ᠎ᠠ᠃ ︽ᠶᠠᠰᠤ ᠴᠢᠨᠠᠷ ᠢᠶᠠᠷ ᠬᠥᠭᠵᠢᠭᠦᠯᠬᠦ ᠬᠥᠲᠥᠯᠪᠦᠷᠢ ᠶᠢᠨ ᠲᠤᠪᠴᠢ︾ ᠶᠢ ᠵᠤᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠪᠥᠬᠦ ᠤᠷᠤᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠨᠠᠶᠢᠷᠠᠭᠤᠯᠤᠨ᠎ᠠ︔ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠡᠮᠵᠢᠶ᠎ᠡ ᠶᠢ  ᠳᠡᠯᠭᠡᠷᠡᠭᠦᠯᠦᠨ᠎ᠡ︔ ᠲᠤᠮᠤ ᠴᠢᠬᠤᠯᠠ ᠪᠠᠷᠢᠯᠭ᠎ᠠ ᠶᠢᠨ ᠲᠥᠭᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠠᠬᠤ ᠳᠦᠷᠢᠮ ᠢ ᠵᠣᠬᠢᠴᠠᠭᠤᠯᠤᠨ ᠪᠠᠶᠢᠭᠤᠯᠤᠨ᠎ᠠ︔ ᠬᠥᠨᠳᠣ ᠶᠡᠭᠡ ᠦᠢᠯᠡᠳᠬᠦᠨ ᠤ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠦᠢᠯᠡᠳᠬᠦᠨ ᠤ ᠦᠢᠯᠡᠳᠪᠦᠷᠢᠯᠡᠯ ᠤᠨ ᠵᠦᠪᠰᠢᠶᠡᠷᠡᠯ ᠤᠨ ᠦᠨᠡᠮᠯᠡᠯ ᠤᠨ ᠠᠵᠢᠯ ᠢ ᠬᠠᠮᠢᠶᠠᠷᠤᠨ᠎ᠠ᠃
     ︵ᠳᠦᠷᠪᠡ︶ ᠪᠦᠬᠦ ᠤᠷᠤᠨ ᠤ ᠪᠠᠷᠢᠮᠵᠢᠶᠠᠵᠢᠭᠤᠯᠬᠤ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠪᠠ ᠳᠡᠯᠡᠬᠡᠢ ᠶᠢᠨ ᠪᠠᠷᠢᠮᠵᠢᠶ᠎ᠠ ᠶᠢ ᠬᠡᠷᠡᠭᠯᠡᠬᠦ ᠠᠵᠢᠯ ᠢ ᠳᠡᠯᠭᠡᠷᠡᠬᠦᠯᠵᠦ᠂ ᠠᠵᠢᠯ ᠲᠦᠷᠦᠯ ᠤᠨ ᠪᠠᠷᠢᠮᠵᠢᠶ᠎ᠠ ᠶᠢ ᠬᠡᠷᠡᠭᠵᠢᠬᠦᠯᠬᠦ ᠶᠢ ᠵᠣᠬᠢᠴᠠᠭᠤᠯᠬᠤ ᠪᠠ ᠵᠢᠯᠤᠭᠤᠳᠴᠤ᠂ ᠦᠪᠡᠷᠲᠡᠭᠡᠨ ᠵᠠᠰᠠᠬᠤ ᠣᠷᠣᠨ ᠤ ᠣᠷᠣᠨ ᠨᠣᠲᠤᠭ ᠤᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠲᠠᠭᠠᠬᠤ ᠪᠠ ᠬᠡᠷᠡᠭᠵᠢᠭᠦᠯᠵᠦ᠂ ᠦᠢᠯᠡᠳᠬᠦᠨ ᠤ ᠪᠠᠷᠢᠮᠵᠢᠶ᠎ᠠ ᠶᠢ ᠳᠠᠩᠰᠠᠯᠠᠬᠤ ᠪᠠ ᠠᠵᠤ ᠠᠬᠤᠶᠢᠯᠠᠯ ᠤᠨ ᠦᠯᠡᠳᠭᠦᠨ ᠤ ᠪᠠᠷᠢᠮᠵᠢᠶ᠎ᠠ ᠶᠢ ᠳᠠᠩᠰᠠᠨ ᠳᠤ ᠲᠡᠮᠲᠡᠭᠯᠡᠬᠦ ᠠᠵᠢᠯ ᠢ ᠬᠠᠷᠢᠭᠤᠴᠠᠨ ᠬᠠᠮᠢᠶᠠᠷᠤᠨ᠎ᠠ︔ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ︔ ᠪᠦᠬᠦ ᠤᠷᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠥᠯᠦᠭᠡᠯᠡᠬᠦ ᠲᠡᠮᠲᠡᠭ ᠲᠤ ᠦᠨᠡᠮᠯᠡᠯ ᠣᠯᠭᠤᠬᠤ ᠪᠠ ᠲᠠᠸᠠᠷ ᠤᠨ ᠵᠢᠷᠤᠭᠠᠰᠤᠨ ᠲᠡᠮᠳᠡᠭ ᠤᠨ ᠠᠵᠢᠯ ᠢ ᠬᠠᠷᠢᠭᠤᠴᠠᠨ᠎ᠠ᠃
     ︵ᠲᠠᠪᠤ︶ ᠪᠦᠬᠦ ᠤᠷᠤᠨ ᠤ ᠲᠤᠭ᠎ᠠ ᠬᠡᠮᠵᠢᠭᠦᠷ ᠤᠨ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠬᠠᠤᠯᠢ ᠪᠠᠷ ᠲᠤᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ︔ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠤᠨ ᠲᠣᠭᠲᠠᠭᠠᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠵᠣ᠂ ᠦᠪᠡᠷᠲᠡᠭᠡᠨ ᠵᠠᠰᠠᠬᠤ ᠤᠷᠤᠨ ᠤ ᠣᠷᠣᠨ ᠨᠤᠲᠤᠭ ᠤᠨ ᠬᠡᠮᠵᠢᠯᠲᠡ ᠶᠢᠨ ᠰᠢᠯᠭᠠᠨ ᠲᠤᠭᠳᠠᠭᠠᠬᠤ ᠳᠥᠷᠢᠮ ᠪᠠ ᠮᠡᠷᠭᠡᠵᠢᠯ ᠤᠨ ᠲᠦᠷᠢᠮᠵᠢᠯ ᠢ ᠲᠤᠭᠲᠠᠭᠠᠨ᠎ᠠ︔ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠤᠭᠳᠠᠭᠠᠬᠤ ᠶᠢ ᠬᠠᠷᠢᠭᠤᠴᠠᠵᠤ᠂ ᠬᠡᠮᠵᠢᠯᠲᠡ ᠶᠢᠨ ᠥᠷᠲᠡᠭ ᠢ ᠳᠠᠮᠵᠢᠭᠤᠯᠬᠤ ᠶᠢ ᠵᠤᠬᠢᠶᠠᠨ ᠪᠠᠶᠢᠭᠤᠯᠵᠤ᠂ ᠬᠡᠮᠵᠢᠯᠲᠡ ᠶᠢᠨ ᠥᠷᠲᠡᠭ ᠤᠨ ᠤᠨᠤᠪᠴᠢᠲᠠᠢ ᠨᠢᠭᠡᠲᠦᠯᠲᠠᠢ ᠪᠠᠶᠢᠬᠤ ᠶᠢ ᠪᠠᠲᠤᠯᠠᠨ᠎ᠠ︔ ᠲᠠᠸᠠᠷ ᠤᠨ ᠬᠡᠮᠵᠢᠶᠡᠨ ᠤ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠨ᠎ᠠ︔ ᠬᠠᠤᠯᠢ ᠳᠤ ᠲᠤᠭᠲᠠᠭᠠᠭᠰᠠᠨ᠂ ᠡᠷᠬᠡ ᠤᠯᠭᠤᠭᠰᠠᠨ ᠬᠡᠮᠵᠢᠯᠲᠡ ᠶᠢᠨ ᠰᠢᠯᠭᠠᠨ ᠲᠤᠭᠳᠠᠭᠠᠬᠤ ᠪᠠᠶᠢᠭᠤᠯᠤᠮᠵᠢ ᠪᠠ ᠬᠡᠮᠵᠢᠯᠲᠡ ᠶᠢᠨ ᠠᠯᠪᠠᠨ ᠬᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠨ ᠬᠠᠮᠢᠶᠠᠷᠤᠨ᠎ᠠ᠃
     ︵ᠵᠢᠷᠭᠤᠭ᠎ᠠ︶ ᠪᠦᠬᠦ ᠤᠷᠤᠨ ᠤ ᠭᠡᠷᠡᠴᠢᠯᠡᠬᠦ ᠪᠣᠶᠤ ᠵᠦᠪᠰᠢᠶᠡᠷᠡᠬᠦ ᠠᠵᠢᠯ ᠢ ᠨᠢᠭᠡᠲᠦᠯᠲᠠᠢ ᠬᠠᠮᠢᠶᠠᠷᠠᠬᠤ ᠪᠠ ᠬᠢᠨᠠᠯᠲᠠ ᠲᠠᠯᠪᠢᠵᠤ᠂ ᠤᠯᠤᠰ ᠤᠨ ᠬᠤᠯᠪᠣᠭᠳᠠᠯ ᠪᠦᠬᠦᠢ ᠭᠡᠷᠡᠴᠢᠯᠡᠬᠦ ᠪᠠ ᠵᠦᠪᠰᠢᠶᠡᠷᠡᠬᠦ ᠠᠵᠢᠯ ᠤᠨ ᠳᠥᠷᠢᠮ ᠳᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠠᠯᠪᠠᠳᠠᠯᠭ᠎ᠠ ᠶᠢᠨ ᠴᠢᠨᠠᠷᠲᠠᠢ ᠬᠠᠮᠢᠶᠠᠷᠤᠯᠲᠠ ᠶᠢᠨ ᠠᠶᠤᠯ ᠦᠭᠡᠢ ᠶᠢᠨ ᠭᠡᠷᠡᠴᠢᠯᠡᠭᠡ ᠬᠢᠬᠦ ᠶᠢ ᠵᠣᠬᠢᠴᠠᠭᠤᠯᠬᠤ ᠪᠠ ᠬᠢᠨᠠᠯᠲᠠ ᠲᠠᠯᠪᠢᠨ᠎ᠠ︔ ᠶᠠᠰᠤ ᠴᠢᠨᠠᠷ ᠤᠨ ᠭᠡᠷᠡᠴᠢᠯᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ︔ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠠᠤᠯᠢ ᠶᠤᠰᠤᠭᠠᠷ ᠡᠷᠬᠡ ᠤᠯᠭᠤᠬᠤ ᠪᠠ ᠬᠢᠨᠠᠨ ᠬᠠᠮᠢᠶᠠᠷᠴᠤ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠳᠤ ᠬᠤᠯᠪᠤᠭᠳᠠᠯ ᠲᠠᠢ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠣᠯᠲᠠ ᠳᠤ ᠬᠢᠷᠢ ᠬᠡᠮ ᠤᠨ ᠮᠡᠳᠡᠷᠡᠨ ᠵᠦᠪᠰᠢᠶᠡᠷᠡᠬᠦ ᠪᠠ ᠬᠢᠨᠠᠵᠦ ᠬᠠᠮᠢᠶᠠᠷᠬᠤ ᠶᠢ ᠬᠡᠷᠡᠭᠵᠢᠭᠦᠯᠦᠨ᠎ᠡ᠃
     ︵ᠳᠤᠯᠤᠭ᠎ᠠ︶ ᠵᠣᠤᠬ᠎ᠠ᠂ ᠳᠠᠷᠤᠯᠲᠠᠲᠤ ᠰᠠᠪᠠ᠂ ᠴᠠᠬᠢᠯᠭᠠᠨ ᠱᠠᠲᠤ᠂ ᠳᠡᠯᠪᠡᠷᠡᠯᠲᠡ ᠶᠢ ᠰᠡᠷᠭᠡᠶᠢᠯᠡᠬᠦ ᠴᠠᠬᠢᠯᠭᠠᠨ ᠬᠡᠷᠡᠭᠰᠡᠯ ᠵᠡᠷᠭᠡ ᠤᠨᠴᠠᠭᠠᠢ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠬᠠᠮᠢᠶ᠎ᠠ ᠪᠦᠬᠦᠢ ᠳᠦᠷᠢᠮ ᠲᠤᠭᠲᠠᠭᠠᠯ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠣᠤᠬ᠎ᠠ᠂ ᠳᠠᠷᠤᠯᠲᠠᠲᠤ ᠰᠠᠪᠠ ᠶᠢ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠳᠤ ᠬᠢᠨᠠᠨ ᠪᠠᠶᠢᠴᠠᠭᠠᠯᠲᠠ ᠬᠢᠨ᠎ᠡ᠃
     ︵ᠨᠠᠢᠮᠠ︶ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠤᠬᠢᠶᠠᠨ ᠪᠠᠶᠢᠭᠤᠯᠤᠨ ᠲᠤᠭᠳᠠᠭᠠᠨ᠎ᠠ︔ ᠠᠵᠢᠯ ᠲᠥᠷᠥᠯ ᠪᠣᠯᠣᠨ ᠲᠣᠰᠬᠠᠢ ᠮᠡᠷᠭᠡᠵᠢᠯ ᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠤᠨ᠎ᠠ︔ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠮᠢᠶᠠᠷᠤᠨ ᠵᠢᠯᠤᠭᠤᠳᠤᠨ᠎ᠠ︔ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠯᠲᠠ ᠶᠢᠨ ᠤᠬᠠᠭᠤᠯᠬᠤ᠂ ᠬᠦᠮᠦᠵᠢᠭᠦᠯᠬᠦ᠂ ᠪᠤᠯᠪᠠᠰᠤᠷᠠᠭᠤᠯᠬᠤ ᠪᠠ ᠮᠡᠳᠡᠭᠡ ᠵᠠᠩᠬᠢ ᠶᠢᠨ ᠠᠵᠢᠯ ᠢ ᠵᠤᠬᠢᠶᠠᠨ ᠪᠠᠶᠢᠭᠤᠯᠵᠤ ᠬᠠᠮᠢᠶᠠᠷᠤᠨ᠎ᠠ︔ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠠᠵᠢᠯ ᠢ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠦᠰᠢᠭᠯᠡᠭᠰᠡᠨ ᠰᠢᠨᠵᠢᠯᠡᠭᠡᠨ ᠤ ᠨᠡᠶᠢᠭᠡᠮᠯᠢᠭ ᠪᠠ ᠡᠪᠯᠡᠯ ᠤᠨ ᠠᠵᠢᠯ ᠢ ᠵᠢᠭᠠᠨ ᠵᠢᠯᠤᠭᠤᠳᠤᠨ᠎ᠠ᠃
     ︵ᠶᠢᠰᠦ︶ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠣᠯᠣᠨ ᠤᠯᠤᠰ ᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠶᠢᠨ ᠭᠦᠢᠴᠡᠳᠭᠡᠯᠭᠡᠬᠦ ᠪᠠᠷ ᠲᠣᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃


ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ