ᠭᠠᠳᠠᠭᠠᠳᠤ ᠶᠠᠪᠤᠳᠠᠯ ᠤᠨ ᠠᠯᠪᠠᠨ ᠭᠡᠷ
ᠨᠡᠶᠢᠲᠡᠯᠡᠭᠰᠡᠨ ᠴᠠᠭ᠄
2015/4/2

ᠡᠭᠦᠷᠭᠡ ᠬᠠᠷᠢᠭᠤᠴᠠᠯᠭ᠎ᠠ᠄
     ᠨᠢᠭᠡ᠂ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠨᠠᠮ ᠪᠠ ᠲᠦᠷᠤ ᠶᠢᠨ ᠴᠢᠭᠯᠡᠯᠲᠡ᠂ ᠲᠥᠷᠥ ᠶᠢᠨ ᠪᠣᠳᠤᠯᠭ᠎ᠠ ᠪᠣᠯᠣᠨ ᠭᠠᠳᠠᠭᠠᠳᠤ ᠳᠤ ᠬᠤᠯᠪᠣᠭᠳᠠᠬᠤ ᠬᠠᠦᠯᠢ ᠴᠠᠭᠠᠵᠠ᠂ ᠬᠠᠦᠯᠢ ᠳᠦᠷᠢᠮ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠲᠣᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠵᠢᠭᠠᠪᠤᠷᠢ ᠪᠠ ᠲᠣᠭᠲᠠᠭᠠᠯ ᠢ ᠲᠣᠣᠱᠯᠠᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠪᠣᠯᠣᠨ ᠠᠵᠢᠯ ᠤᠨ ᠲᠥᠯᠥᠪᠵᠢᠭᠦᠯᠭᠡ ᠶᠢ ᠰᠣᠳᠤᠯᠤᠨ ᠲᠤᠭᠳᠠᠭᠠᠨ᠎ᠠ᠃ ᠪᠥᠬᠦ ᠣᠷᠣᠨ ᠤ ᠭᠠᠳᠠᠭᠠᠳᠤ ᠶᠠᠪᠤᠳᠠᠯ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃
     ᠬᠤᠶᠠᠷ᠂ ᠪᠥᠬᠦ ᠣᠷᠣᠨ ᠤ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠤᠯᠭ᠎ᠠ ᠪᠠ ᠬᠤᠯᠪᠤᠭᠳᠠᠯ ᠪᠥᠬᠦᠢ ᠬᠠᠦᠯᠢ ᠴᠠᠭᠠᠵᠠ᠂ ᠬᠠᠦᠯᠢ ᠳᠦᠷᠢᠮ ᠢ ᠲᠣᠣᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠣ᠂ ᠬᠡᠷᠡᠭᠵᠢᠭᠦᠯᠬᠦ ᠳᠤᠮᠳᠠ ᠢᠯᠡᠷᠡᠭᠰᠡᠨ ᠠᠰᠠᠭᠤᠳᠠᠯ ᠵᠢᠴᠢ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠠᠴᠠ ᠵᠦᠷᠢᠴᠡᠭᠰᠡᠨ ᠬᠥᠨᠳᠣ ᠶᠡᠭᠡ ᠬᠡᠷᠡᠭ ᠶᠠᠪᠤᠳᠠᠯ ᠳᠤ ᠰᠢᠢᠳᠪᠦᠷᠢᠯᠡᠬᠦ ᠰᠠᠨᠠᠯ ᠳᠤᠷᠠᠳᠤᠨ᠎ᠠ᠃ ᠪᠥᠬᠦ ᠣᠷᠣᠨ ᠤ ᠭᠠᠳᠠᠭᠠᠳᠤ ᠲᠠᠢ ᠬᠤᠯᠪᠤᠭᠳᠠᠭᠰᠠᠨ ᠴᠢᠬᠤᠯᠠ ᠲᠣᠮᠤ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠣᠶᠤ ᠬᠠᠮᠵᠢᠨ ᠰᠢᠢᠳᠪᠦᠷᠢᠯᠡᠨ᠎ᠡ᠃
     ᠭᠤᠷᠪᠠ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠦᠴᠢᠷ ᠪᠣᠯᠣᠨ ᠨᠢᠭᠡᠴᠡ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠳᠤ ᠮᠡᠳᠡᠭᠦᠯᠦᠨ ᠬᠦᠷᠭᠡᠭᠰᠡᠨ ᠴᠢᠬᠤᠯᠠ ᠪᠥᠬᠦᠢ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠣᠬᠠᠢ ᠵᠢᠭᠠᠪᠤᠷᠢ ᠠᠪᠬᠤ ᠪᠣᠯᠣᠨ ᠮᠡᠳᠡᠭᠦᠯᠦᠯᠲᠡ ᠶᠢ ᠭᠠᠷᠳᠠᠨ ᠭᠦᠢᠴᠡᠳᠬᠡᠨ᠎ᠡ᠃
    ᠳᠥᠷᠪᠡ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠠᠳᠠᠭᠠᠳᠤ ᠶᠠᠪᠤᠳᠠᠯ ᠤᠨ ᠠᠵᠢᠯ ᠪᠠ ᠭᠠᠳᠠᠭᠠᠳᠤ ᠳᠤ  ᠬᠤᠯᠪᠣᠭᠳᠠᠬᠤ ᠠᠵᠢᠯᠯᠠᠭ᠎ᠠ ᠨᠤᠭᠤᠳ ᠢ ᠵᠣᠬᠢᠴᠠᠭᠤᠯᠣᠨ᠎ᠠ︔ ᠥᠪᠡᠷᠲᠡᠭᠡᠨ ᠵᠠᠰᠠᠬᠤ ᠣᠷᠣᠨ ᠳᠤ ᠠᠶᠢᠯᠴᠢᠯᠠᠬᠤ ᠪᠠᠷ ᠢᠷᠡᠭᠰᠡᠨ ᠴᠢᠬᠤᠯᠠ ᠭᠠᠳᠠᠭᠠᠳᠤ ᠶᠢᠨ ᠵᠣᠴᠢᠳ ᠢ ᠵᠣᠬᠢᠶᠠᠨ ᠪᠠᠶᠢᠭᠤᠯᠵᠤ ᠲᠤᠰᠴᠤ ᠠᠪᠤᠨ᠎ᠠ᠃ ᠪᠥᠬᠦ ᠣᠷᠣᠨ ᠤ ᠭᠠᠳᠠᠭᠠᠳᠤ ᠳᠤ ᠬᠤᠯᠪᠤᠭᠳᠠᠬᠤ ᠵᠣᠴᠢᠯᠠᠬᠤ ᠶᠣᠰᠣᠯᠠᠯ ᠤᠨ ᠠᠵᠢᠯ ᠢ ᠵᠢᠯᠤᠭᠤᠳᠤᠨ᠎ᠠ᠃
     ᠲᠠᠪᠤ᠂ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠠᠯᠪᠠᠨ ᠶᠠᠪᠤᠳᠠᠯ ᠢᠶᠠᠷ ᠭᠠᠳᠠᠭᠠᠳᠤ ᠳᠤ ᠲᠣᠮᠢᠯᠠᠨ ᠶᠠᠪᠤᠭᠤᠯᠬᠤ ᠪᠥᠯᠬᠦᠮ ︵ᠳᠣᠭᠤᠶᠢᠯᠠᠩ︶ ᠪᠠ ᠭᠠᠳᠠᠭᠠᠳᠤ ᠶᠢᠨ ᠬᠥᠮᠦᠨ ᠢ ᠮᠠᠨ ᠤ ᠣᠷᠣᠨ ᠳᠤ  ᠠᠶᠢᠯᠴᠢᠯᠠᠭᠤᠯᠬᠤ ᠪᠠᠷ ᠤᠷᠢᠬᠤ ᠵᠡᠷᠭᠡ ᠬᠤᠯᠪᠤᠭᠳᠠᠯ ᠪᠥᠬᠦᠢ ᠶᠠᠪᠤᠳᠠᠯ ᠤᠳ ᠢ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠬᠦ ᠪᠠ ᠳᠡᠭᠡᠭᠰᠢ ᠮᠡᠳᠡᠭᠦᠯᠦᠨ᠎ᠡ︔ ᠠᠯᠪᠠᠨ ᠶᠠᠪᠤᠳᠠᠯ ᠤᠨ ᠫᠠᠰᠫᠥᠷᠲ ᠪᠠ ᠰᠢᠶᠠᠩᠭᠠᠩ ᠤᠤᠮᠧᠨ ᠳᠤ ᠣᠴᠢᠬᠤ ᠨᠡᠪᠳᠡᠷᠡᠯ ᠤᠨ ᠦᠨᠡᠮᠯᠡᠯ ᠢ ᠤᠯᠭᠤᠬᠤ ᠪᠠ ᠬᠠᠮᠢᠶᠠᠷᠤᠨ᠎ᠠ᠃
     ᠵᠢᠷᠭᠤᠭ᠎ᠠ᠂ ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠲᠣᠷᠠᠵᠤ ᠪᠠᠶᠢᠭᠠᠳ ᠪᠥᠬᠦ ᠣᠷᠣᠨ ᠤ ᠬᠢᠯᠢ ᠶᠢᠨ  ᠶᠠᠪᠤᠳᠠᠯ᠂ ᠬᠢᠯᠢ ᠬᠢᠵᠠᠭᠠᠷ ᠣᠷᠣᠨ ᠪᠠ ᠪᠣᠭᠤᠮᠲᠠ ᠶᠢᠨ ᠭᠠᠳᠠᠭᠠᠳᠤ ᠲᠠᠢ ᠬᠤᠯᠪᠤᠭᠳᠠᠬᠤ ᠬᠡᠷᠡᠭ ᠶᠠᠪᠤᠳᠠᠯ ᠤᠳ ᠢ ᠬᠠᠮᠢᠶᠠᠷᠤᠨ᠎ᠠ︔ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡ᠂ ᠠᠭᠤᠯᠵᠠᠯᠲᠠ ᠶᠢᠨ ᠠᠵᠢᠯ ᠢ ᠵᠢᠯᠤᠭᠤᠳᠤᠬᠤ ᠶᠢᠨ ᠬᠠᠮᠲᠤ ᠣᠷᠣᠯᠴᠠᠨ᠎ᠠ︔ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠭᠠᠳᠠᠭᠠᠳᠤ ᠤᠯᠤᠰ ᠤᠨ ᠺᠤᠨᠰᠦ᠋ᠯ ᠤᠨ ᠪᠠᠶᠢᠭᠤᠯᠤᠮᠵᠢ ᠶᠢ ᠬᠠᠮᠢᠶᠠᠷᠬᠤ᠂ ᠬᠠᠷᠢᠯᠴᠠᠬᠤ ᠪᠠ ᠬᠡᠯᠡᠯᠴᠡᠬᠦ ᠶᠠᠪᠤᠳᠠᠯ ᠤᠳ ᠢ ᠬᠠᠷᠢᠭᠤᠴᠠᠵᠤ᠂ ᠺᠤᠨᠰᠦ᠋ᠯ ᠤᠨ ᠭᠡᠷᠡᠴᠢᠯᠡᠭᠡ ᠬᠢᠬᠦ ᠠᠵᠢᠯ ᠢ ᠬᠠᠷᠢᠭᠤᠴᠠᠨ᠎ᠠ᠃
     ᠳᠣᠯᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠲᠦᠮᠡᠨ ᠤ ᠭᠠᠳᠠᠭᠠᠳᠤ ᠲᠠᠢ ᠨᠥᠬᠦᠷᠰᠡᠭ ᠢᠶᠠᠷ ᠶᠠᠪᠤᠯᠴᠠᠬᠤ ᠨᠡᠶᠢᠭᠡᠮᠯᠢᠭ ᠤᠨ ᠠᠵᠢᠯ ᠢ ᠵᠢᠯᠤᠭᠤᠳᠤᠨ᠎ᠠ᠃ ᠪᠥᠬᠦ ᠣᠷᠣᠨ ᠤ ᠭᠠᠳᠠᠭᠠᠳᠤ ᠯᠤᠭ᠎ᠠ ᠨᠥᠬᠦᠷᠰᠡᠭ ᠬᠤᠲᠠ᠂ ᠨᠥᠬᠦᠷᠰᠡᠭ ᠣᠷᠣᠨ ᠪᠠ ᠨᠥᠬᠦᠷᠰᠡᠭ ᠦᠨᠳᠦᠰᠦᠨ ᠱᠠᠲᠤᠨ ᠤ ᠨᠢᠭᠡᠴᠡ ᠶᠢ ᠪᠠᠶᠢᠭᠤᠯᠤᠨ ᠥᠷᠨᠢᠭᠦᠯᠬᠦ ᠠᠵᠢᠯ ᠢ ᠵᠢᠯᠤᠭᠤᠳᠤᠨ ᠬᠠᠮᠢᠶᠠᠷᠤᠨ᠎ᠠ︔ ᠪᠥᠬᠦ ᠣᠷᠣᠨ ᠤ ᠢᠷᠭᠡᠳ ᠤᠨ ᠭᠠᠳᠠᠭᠠᠳᠣ ᠯᠤᠭ᠎ᠠ ᠨᠥᠬᠦᠷᠰᠡᠭ ᠢᠶᠠᠷ ᠶᠠᠪᠤᠯᠴᠠᠬᠤ ᠠᠵᠢᠯ ᠢ ᠵᠢᠯᠤᠭᠤᠳᠤᠨ᠎ᠠ᠃
     ᠨᠠᠢᠮᠠ᠂ ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠲᠤᠷᠠᠵᠤ ᠪᠠᠶᠢᠭᠠᠳ ᠭᠠᠳᠠᠭᠠᠳᠤ ᠳᠤ ᠤᠬᠠᠭᠤᠯᠬᠤ ᠪᠠ ᠣᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠨ᠎ᠡ᠃ ᠬᠤᠯᠪᠤᠭᠳᠠᠯ ᠪᠥᠬᠦᠢ ᠰᠠᠯᠠᠭ᠎ᠠ ᠮᠦᠴᠢᠷ ᠲᠤ ᠴᠢᠬᠤᠯᠡ ᠶᠡᠭᠡ ᠣᠯᠠᠨ ᠤᠯᠤᠰ ᠤᠨ ᠠᠰᠠᠭᠤᠳᠠᠯ ᠤᠨ ᠤᠬᠠᠭᠤᠯᠬᠤ ᠮᠠᠲ᠋ᠧᠷᠢᠶᠠᠯ ᠪᠣᠯᠣᠨ ᠭᠠᠳᠠᠭᠠᠳᠤ ᠳᠤ ᠢᠯᠡᠳᠬᠡᠬᠦ ᠬᠡᠯᠡ ᠶᠠᠷᠢᠶ᠎ᠠ ᠶᠢ ᠬᠠᠩᠭᠠᠵᠤ᠂ ᠮᠠᠨ ᠤ ᠣᠷᠣᠨ ᠤ ᠭᠠᠳᠠᠭᠠᠳᠤ ᠲᠠᠢ ᠬᠤᠯᠪᠤᠭᠳᠠᠬᠤ ᠴᠢᠬᠤᠯᠠ ᠪᠢᠴᠢᠭ ᠮᠠᠲ᠋ᠧᠷᠢᠶᠠᠯ ᠢ ᠬᠠᠮᠵᠢᠯᠴᠠᠨ ᠬᠢᠨᠠᠨ᠎ᠠ᠃ ᠭᠠᠳᠠᠭᠠᠳᠤ ᠤᠯᠤᠰ ᠪᠣᠯᠣᠨ ᠰᠢᠶᠠᠩᠭᠠᠩ ᠣᠣᠮᠧᠨ ᠤ ᠰᠣᠨᠢᠨ ᠮᠡᠳᠡᠭᠡᠨ ᠤ ᠪᠠᠶᠢᠭᠤᠯᠤᠮᠵᠢ ᠬᠢᠭᠡᠳ ᠰᠣᠷᠪᠣᠯᠵᠢᠯᠠᠭᠴᠢᠳ ᠮᠠᠨ ᠤ ᠣᠷᠣᠨ ᠳᠤ ᠢᠷᠡᠵᠦ ᠰᠣᠷᠪᠤᠯᠵᠢᠯᠠᠬᠤ ᠬᠤᠯᠪᠤᠭᠳᠠᠯ ᠪᠥᠬᠦᠢ ᠶᠠᠪᠤᠳᠠᠯ ᠤᠳ ᠢ ᠬᠠᠷᠢᠭᠤᠴᠠᠨ᠎ᠠ᠃
     ᠶᠢᠰᠤ᠂ ᠬᠠᠷᠢᠶᠠᠲᠤ ᠶᠢᠨ ᠶᠠᠪᠤᠳᠠᠯ ᠤᠨ ᠠᠵᠢᠯ ᠤᠨ ᠲᠣᠬᠠᠢ ᠣᠯᠣᠰ ᠤᠨ ᠪᠠ ᠥᠪᠡᠷᠲᠡᠭᠡᠨ ᠵᠠᠰᠠᠬᠤ ᠣᠷᠣᠨ ᠤ  ᠬᠤᠯᠪᠤᠭᠳᠠᠯ ᠪᠥᠬᠦᠢ ᠬᠠᠦᠯᠢ ᠴᠠᠭᠠᠵᠠ ᠬᠠᠦᠯᠢ ᠳᠦᠷᠢᠮ ᠪᠠ ᠴᠢᠭᠯᠡᠯᠲᠡ ᠲᠥᠷᠥ ᠶᠢᠨ ᠪᠣᠳᠤᠯᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠤᠨ᠎ᠠ︔ ᠪᠥᠬᠦ ᠣᠷᠣᠨ ᠤ ᠬᠠᠷᠢᠶᠠᠲᠤ ᠶᠢᠨ ᠶᠠᠪᠤᠳᠠᠯ ᠤᠨ ᠠᠵᠢᠯ ᠢ ᠬᠠᠮᠢᠶᠠᠷᠬᠤ ᠪᠠ ᠨᠢᠬᠡᠲᠦᠯᠲᠡᠢ ᠵᠣᠬᠢᠴᠠᠭᠤᠯᠤᠨ᠎ᠠ︔ ᠬᠠᠷᠢᠶᠠᠲᠤ ᠶᠢᠨ ᠶᠠᠪᠤᠳᠠᠯ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ᠂ ᠬᠠᠷᠢᠶᠠᠲᠤ ᠶᠢᠨ ᠭᠡᠷ ᠪᠦᠯᠢ ᠪᠣᠯᠣᠨ ᠳᠤᠮᠳᠠᠳᠤ ᠶᠢᠨ ᠬᠠᠷᠢᠶᠠᠲᠤ ᠶᠢᠨ ᠬᠠᠦᠯᠢ ᠶᠣᠰᠤᠨ ᠤ ᠡᠷᠬᠡ ᠠᠰᠢᠭ ᠢ ᠬᠠᠮᠠᠭᠠᠯᠠᠨ᠎ᠠ᠃
     ᠠᠷᠪᠠ᠂ ᠤᠯᠤᠰ ᠠᠴᠠ ᠰᠢᠶᠠᠩᠭᠠᠩ᠂ ᠣᠣᠮᠧᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯ ᠳᠤ ᠠᠪᠴᠤ ᠪᠠᠶᠢᠭ᠎ᠠ ᠴᠢᠭᠯᠡᠯᠲᠡ᠂ ᠲᠥᠷᠥ ᠶᠢᠨ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠬᠤᠯᠪᠤᠭᠳᠠᠯ ᠪᠥᠬᠦᠢ ᠰᠠᠯᠠᠭ᠎ᠠ ᠮᠦᠴᠢᠷ ᠪᠣᠯᠣᠨ ᠣᠷᠣᠨ ᠨᠣᠲᠤᠭ ᠢ ᠵᠣᠬᠢᠴᠠᠭᠤᠯᠵᠤ ᠪᠠᠶᠢᠭᠠᠳ ᠰᠢᠶᠠᠩᠭᠠᠩ᠂ ᠣᠣᠮᠧᠨ ᠯᠤᠭ᠎ᠠ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠡᠷᠭᠡ ᠬᠦᠷᠢᠶᠡᠨ ᠳᠤ ᠰᠣᠯᠢᠯᠴᠠᠭ᠎ᠠ ᠪᠣᠯᠣᠨ ᠬᠠᠮᠵᠢᠯᠴᠠᠭ᠎ᠠ ᠬᠢᠬᠦ ᠶᠢ ᠲᠦᠯᠬᠢᠨ ᠠᠬᠢᠭᠤᠯᠤᠨ᠎ᠠ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ