ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2015/4/2

    《ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ》 ᠢ ᠲᠠᠷᠣᠮᠠᠯᠯᠠᠨ ᠶᠠᠪᠤᠭᠤᠯᠬᠤ ᠲᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ  ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ ︵ᠲᠢᠩᠬᠢᠮ ᠦᠰᠦᠭ〔2009〕4  ᠳ᠋ᠦ᠋ᠭᠡᠷ ᠲᠤᠭᠠᠲᠦ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ ᠶᠢ ᠪᠠᠶᠢᠭᠤᠯᠵᠤ᠂ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠠᠴᠠ ᠬᠠᠮᠢᠶᠠᠷᠤᠭᠰᠠᠨ ᠰᠠᠯᠠᠭ᠎ᠠ  ᠮᠥᠴᠢᠷ ᠤᠨ ᠬᠠᠮᠢᠶᠠᠷᠣᠯᠳᠠ ᠶᠢᠨ ᠪᠠᠶᠢᠭᠤᠯᠤᠮᠵᠢ ᠪᠣᠯᠭᠠᠪᠠ᠃
     ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ᠄
     ︵ᠨᠢᠭᠡ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢᠭᠡᠨᠳᠡ ᠨᠡᠶᠢᠳᠡᠯᠡᠵᠣ ᠬᠦᠴᠦᠨ ᠦᠭᠡᠢ  ᠪᠣᠯᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠎ᠠ᠃
     ︵ᠬᠤᠶᠠᠷ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠵᠡᠷᠭᠡ ᠮᠡᠷᠭᠡᠵᠢᠯ ᠤᠨ ᠬᠢᠨᠠᠨ ᠲᠣᠭᠲᠠᠭᠠᠬᠤ ᠪᠠ ᠬᠡᠷᠡᠴᠢᠯᠡᠬᠦ ᠠᠵᠢᠯ ᠢ ᠠᠵᠢᠯ ᠦᠢᠯᠡᠰ ᠤᠨ ᠨᠢᠭᠡᠴᠡ ᠳᠤ ᠲᠣᠰᠢᠶᠠᠨ ᠦᠭᠭᠦᠨ᠎ᠡ᠃
     ︵ᠭᠤᠷᠪᠠ︶ ᠢᠳᠡᠭᠡᠨ ᠤ ᠠᠶᠤᠯ ᠦᠭᠡᠢ ᠶᠢᠨ ᠶᠡᠷᠦᠩᠬᠡᠶᠢᠯᠡᠨ ᠵᠣᠬᠢᠴᠠᠭᠤᠯᠬᠤ ᠪᠠ ᠢᠳᠡᠭᠡᠨ ᠤ ᠠᠶᠤᠯ ᠦᠭᠡᠢ ᠶᠢᠨ ᠬᠦᠨᠳᠦ ᠴᠢᠬᠤᠯᠠ ᠶᠡᠭᠡ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠵᠤ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠳᠤ  ᠬᠤᠪᠢᠶᠠᠷᠢᠯᠠᠨ ᠦᠭᠭᠦᠨ᠎ᠡ᠃
     ︵ᠲᠦᠷᠪᠡ︶ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠤᠨ ᠢᠳᠡᠭᠡᠨ ᠤ ᠡᠷᠡᠭᠦᠯ ᠬᠠᠮᠠᠭᠠᠯᠠᠯ ᠤᠨ ᠵᠦᠪᠰᠢᠶᠡᠷᠡᠯ᠂  ᠬᠤᠭᠤᠯᠠ ᠣᠮᠳᠠᠭᠠᠨ ᠤ ᠦᠢᠯᠡᠰ ᠪᠣᠯᠣᠨ ᠬᠤᠭᠤᠯᠠᠨ ᠭᠡᠷ ᠵᠡᠷᠭᠡ ᠬᠡᠷᠡᠭᠯᠡᠭᠡᠨ ᠤ ᠭᠤᠭᠴᠤᠭ᠎ᠠ ︵ᠳᠣᠷᠣᠭᠰᠢ ᠬᠡᠷᠡᠭᠯᠡᠭᠡᠨ ᠤ ᠭᠤᠭᠴᠤᠭ᠎ᠠ ᠭᠡᠵᠣ ᠲᠦᠭᠦᠮᠴᠢᠯᠡᠨ᠎ᠡ︶ ᠶᠢᠨ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠣᠯᠳᠠ᠂ ᠡᠷᠡᠭᠦᠯᠵᠢᠯ ᠤᠨ ᠢᠳᠡᠭᠡᠨ ᠪᠣᠯᠣᠨ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠦᠪᠡᠷᠳᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ ᠶᠢᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃
     ᠭᠤᠤᠯ ᠡᠭᠦᠷᠭᠡ ᠬᠠᠷᠢᠭᠤᠴᠠᠯᠭ᠎ᠠ᠄
     ︵ᠨᠢᠭᠡ︶ ᠣᠯᠣᠰ ᠤᠨ ᠢᠳᠡᠭᠡᠨ᠂ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠪᠣᠯᠣᠨ  ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ  ᠠᠶᠤᠯ ᠦᠭᠡᠢ  ᠳᠤ ᠬᠢᠨᠡᠯᠳᠡ ᠲᠠᠯᠪᠢᠵᠤ ᠬᠠᠮᠢᠶᠠᠷᠬᠤ ᠴᠢᠭᠯᠡᠯᠳᠡ᠂ ᠲᠦᠷᠦ ᠶᠢᠨ ᠪᠣᠳᠣᠯᠭ᠎ᠠ᠂ ᠲᠦᠯᠦᠪᠵᠢᠭᠦᠯᠭᠡ ᠪᠣᠯᠣᠨ ᠬᠠᠣᠯᠢ ᠴᠠᠭᠠᠵᠠ᠂ ᠬᠠᠣᠯᠢ ᠲᠤᠭᠳᠠᠭᠠᠯ ᠂ ᠳᠦᠷᠢᠮ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠡᠮ ᠤᠨ ᠵᠦᠢᠯ ᠪᠠ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ  ᠠᠶᠤᠯ ᠦᠭᠡᠢ ᠳᠤ ᠬᠢᠨᠠᠯᠳᠠ ᠲᠠᠯᠪᠢᠵᠤ ᠬᠠᠮᠢᠶᠠᠷᠬᠤ᠂ ᠡᠷᠡᠭᠦᠯᠵᠢᠯ ᠤᠨ ᠢᠳᠡᠭᠡᠨ ᠪᠠ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠮᠢᠶᠠᠷᠬᠤ ᠲᠦᠷᠦ ᠶᠢᠨ ᠪᠣᠳᠣᠯᠭ᠎ᠠ᠂ ᠠᠵᠢᠯ ᠤᠨ ᠲᠦᠯᠦᠪᠵᠢᠭᠦᠯᠭᠡ ᠶᠢ ᠰᠣᠳᠣᠯᠣᠨ ᠲᠣᠭᠳᠠᠭᠠᠬᠤ ᠶᠢᠨ ᠬᠠᠮᠲᠤ ᠬᠢᠨᠠᠯᠳᠠ ᠲᠠᠯᠪᠢᠨ ᠬᠡᠷᠡᠭᠵᠢᠭᠦᠯᠦᠨ᠎ᠡ︔ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠣᠷᠣᠨ ᠨᠣᠳᠤᠭ ᠤᠨ ᠴᠢᠨᠠᠷᠲᠠᠢ ᠬᠠᠣᠯᠢ ᠲᠣᠭᠲᠠᠭᠠᠯ ᠲᠦᠷᠢᠮ ᠲᠤᠭᠳᠠᠭᠠᠯ ᠤᠨ ᠡᠬᠡ ᠨᠣᠣᠷᠠᠭ ᠢ  ᠲᠤᠭᠤᠷᠪᠢᠬᠤ ᠳᠤ ᠣᠷᠣᠯᠴᠠᠨ᠎ᠠ᠃
     ︵ᠬᠤᠶᠠᠷ︶ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠡᠷᠡᠭᠦᠯ ᠬᠠᠮᠠᠭᠠᠯᠠᠯ ᠤᠨ ᠵᠦᠪᠰᠢᠶᠡᠷᠡᠯ ᠪᠠ ᠢᠳᠡᠭᠡᠨ ᠤ  ᠠᠶᠤᠯ ᠦᠭᠡᠢ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠵᠣ᠂ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ  ᠠᠶᠤᠯ ᠦᠭᠡᠢ ᠶᠢᠨ ᠬᠠᠮᠢᠶᠠᠷᠣᠯᠳᠠ ᠶᠢᠨ ᠵᠢᠷᠤᠮᠵᠢᠯ ᠳᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ︔ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠪᠠᠶᠢᠳᠠᠯ ᠢ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠤ᠂ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠬᠢᠨᠠᠨ ᠬᠠᠮᠢᠶᠠᠷᠣᠯᠳᠠ ᠳᠤ ᠬᠤᠯᠪᠣᠭᠳᠠᠯ ᠲᠠᠢ ᠮᠡᠳᠡᠭᠡ ᠵᠠᠩᠭᠢ ᠶᠢ ᠨᠡᠶᠢᠳᠡᠯᠡᠨ᠎ᠡ᠃
     ︵ᠭᠤᠷᠪᠠ︶ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠣ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠤᠨ ᠵᠦᠪᠰᠢᠶᠡᠷᠡᠯ᠂ ᠵᠠᠰᠠᠭ ᠵᠠᠬᠢᠷᠭᠠᠨ ᠢᠶᠠᠷ ᠬᠢᠨᠠᠯᠳᠠ ᠲᠠᠯᠪᠢᠵᠤ ᠬᠠᠮᠢᠶᠠᠷᠬᠤ ᠪᠠ ᠮᠡᠷᠭᠡᠵᠢᠯ ᠢᠶᠠᠷ ᠬᠢᠨᠠᠯᠳᠠ ᠲᠠᠯᠪᠢᠬᠤ ᠶᠢ ᠬᠠᠷᠢᠭᠤᠴᠠᠨ᠎ᠠ︔ ᠣᠯᠣᠰ ᠤᠨ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ᠂ ᠦᠢᠯᠡᠳᠪᠦᠷᠢᠯᠡᠵᠦ ᠡᠵᠡᠩᠨᠡᠬᠦ ᠬᠠᠮᠢᠶᠠᠷᠣᠯᠳᠠ ᠶᠢᠨ ᠵᠢᠷᠤᠮᠵᠢᠯ ᠪᠣᠯᠣᠨ ᠮᠡᠷᠭᠡᠵᠢᠯ ᠤᠨ ᠵᠢᠷᠤᠮᠵᠢᠯ ᠢ ᠬᠢᠨᠠᠯᠳᠠ ᠲᠠᠯᠪᠢᠨ ᠬᠡᠷᠡᠭᠵᠢᠭᠦᠯᠵᠤ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ  ᠡᠳ᠋ ᠢ ᠪᠠᠶᠢᠴᠠᠭᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃
     ︵ᠲᠦᠷᠪᠡ︶  ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠳᠤ ᠵᠠᠰᠠᠭ ᠵᠠᠬᠢᠷᠭᠠᠨ ᠢᠶᠠᠷ ᠬᠢᠨᠠᠯᠳᠠ ᠲᠠᠯᠪᠢᠬᠤ ᠪᠠ ᠮᠡᠷᠭᠡᠵᠢᠯ ᠢᠶᠠᠷ ᠬᠢᠨᠠᠯᠳᠠ ᠲᠠᠯᠪᠢᠬᠤ ᠶᠢ ᠬᠠᠷᠢᠭᠤᠴᠠᠨ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠪᠢᠴᠢᠭ ᠤᠨ ᠮᠡᠷᠭᠡᠵᠢᠯ᠂ ᠦᠢᠯᠡᠳᠪᠦᠷᠢᠯᠡᠯ᠂  ᠭᠦᠢᠯᠭᠡᠭᠡᠨ᠂ ᠬᠡᠷᠡᠭᠯᠡᠬᠦ ᠲᠠᠯ᠎ᠠ   ᠶᠢᠨ ᠶᠠᠰᠣ ᠴᠢᠨᠠᠷ ᠤᠨ ᠬᠠᠮᠢᠶᠠᠷᠣᠯᠳᠠ ᠶᠢᠨ ᠠᠵᠢᠯ ᠢ ᠬᠢᠨᠠᠯᠳᠠ ᠲᠠᠯᠪᠢᠨ ᠶᠠᠪᠤᠭᠳᠠᠭᠤᠯᠤᠨ᠎ᠠ︔  ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠦᠢᠯᠡᠳᠪᠦᠷᠢᠯᠡᠬᠦ ᠠᠵᠣ ᠠᠬᠤᠶᠢᠯᠠᠯ᠂ ᠡᠵᠡᠩᠨᠡᠬᠦ ᠠᠵᠣ ᠠᠬᠤᠶᠢᠯᠠᠯ ᠵᠢᠴᠢ ᠡᠮ ᠡᠮᠴᠢᠯᠡᠭᠡᠨ ᠤ ᠨᠢᠭᠡᠴᠡ ᠶᠢᠨ ᠡᠮ ᠨᠠᠶᠢᠷᠠᠬᠤ ᠲᠠᠰᠤᠭ ᠤᠨ ᠵᠦᠪᠰᠢᠶᠡᠷᠡᠯ ᠤᠨ ᠦᠨᠡᠮᠯᠡᠯ ᠢ ᠬᠠᠣᠯᠢ ᠶᠣᠰᠣᠭᠠᠷ ᠬᠢᠨᠠᠨ ᠣᠯᠭᠤᠨ᠎ᠠ᠃
     ︵ᠲᠠᠪᠤ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠲᠠᠩᠰᠠᠯᠠᠭᠤᠯᠬᠤ ᠪᠠ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠣᠯᠣᠰ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠪᠠᠷᠢᠮᠵᠢᠶ᠎ᠠ ᠶᠢ ᠬᠢᠨᠠᠯᠳᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ ᠤᠨ ᠮᠠᠭᠤ ᠤᠷᠪᠠᠯ᠂  ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠪᠠ  ᠡᠮ   ᠢ ᠲᠣᠷ᠎ᠠ   ᠪᠠᠷ ᠬᠡᠷᠡᠭᠯᠡᠬᠦ   ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢ ᠳᠠᠬᠢᠨ ᠦᠨᠡᠯᠡᠬᠦ ᠪᠠ ᠰᠢᠭᠰᠢᠭᠳᠡᠭᠦᠯᠬᠦ ᠠᠵᠢᠯ ᠢ ᠬᠠᠷᠢᠭᠤᠴᠠᠨ᠎ᠠ︔  ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠣᠯᠣᠰ ᠤᠨ ᠦᠨᠳᠦᠰᠦᠨ ᠡᠮ ᠤᠨ ᠲᠦᠷᠢᠮ ᠢ  ᠬᠡᠷᠡᠭᠵᠢᠭᠦᠯᠦᠨ᠎ᠡ︔ ᠣᠷᠣᠨ ᠤ  ᠳᠣᠲᠣᠷᠠᠬᠢ ᠣᠯᠣᠰ ᠤᠨ ᠵᠣᠷ ᠤᠨ ᠡᠮ ᠪᠣᠯᠣᠨ ᠵᠣᠷ ᠤᠨ ᠪᠣᠰᠣ ᠡᠮ ᠢ ᠲᠦᠷᠦᠯ ᠬᠤᠪᠢᠶᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃       ︵ᠵᠢᠷᠭᠤᠭ᠎ᠠ︶ ᠴᠢᠬᠤᠯᠠ᠂ ᠦᠨᠳᠦᠰᠦᠳᠡᠨ ᠤ ᠡᠮ ᠳᠤ ᠬᠢᠨᠠᠯᠳᠠ ᠲᠠᠯᠪᠢᠨ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠣ᠂ ᠦᠪᠡᠷᠳᠡᠭᠡᠨ ᠵᠠᠰᠠᠬᠤ ᠣᠷᠣᠨ ᠤ ᠮᠣᠩᠭᠤᠯ ᠡᠮ ᠤᠨ ᠶᠠᠰᠦ ᠴᠢᠨᠠᠷ ᠤᠨ ᠪᠠᠷᠢᠮᠵᠢᠶ᠎ᠠ ᠶᠢ   ᠲᠣᠭᠲᠠᠭᠠᠬᠤ ᠶᠢ ᠵᠣᠬᠢᠶᠠᠨ ᠪᠠᠶᠢᠭᠤᠯᠤᠨ᠂ ᠬᠢᠳᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠬᠦ ᠶᠠᠰᠦ ᠴᠢᠨᠠᠷ ᠤᠨ ᠬᠠᠮᠢᠶᠠᠷᠣᠯᠳᠠ᠂ ᠬᠢᠳᠠᠳ ᠡᠮ ᠤᠨ ᠴᠢᠨᠠᠬᠤ ᠡᠮ ᠦᠢᠯᠡᠳᠬᠦ ᠵᠡᠷᠭᠡ  ᠵᠢᠷᠤᠮᠵᠢᠯ ᠢ ᠬᠢᠨᠠᠯᠳᠠ ᠲᠠᠯᠪᠢᠨ ᠬᠡᠷᠡᠭᠵᠢᠭᠦᠯᠦᠨ᠎ᠡ︔  ᠴᠢᠬᠤᠯᠠ ᠲᠦᠷᠦᠯ ᠵᠦᠢᠯ ᠢ ᠬᠠᠮᠠᠭᠠᠯᠠᠬᠤ ᠲᠦᠷᠢᠮ ᠢ ᠬᠠᠣᠯᠢ ᠶᠣᠰᠣᠭᠠᠷ ᠬᠡᠷᠡᠭᠵᠢᠭᠦᠯᠦᠨ᠎ᠡ᠃
     ︵ᠲᠤᠯᠤᠭ᠎ᠠ︶ ᠦᠢᠯᠡᠳᠪᠦᠷᠢᠯᠡᠬᠦ᠂  ᠡᠵᠡᠩᠨᠡᠬᠦ ᠠᠵᠣ ᠠᠬᠤᠶᠢᠯᠠᠯ ᠪᠠ ᠡᠮᠴᠢᠯᠡᠭᠡᠨ ᠤ ᠪᠠᠶᠢᠭᠤᠯᠤᠮᠵᠢ ᠵᠢᠨ‌ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠶᠠᠰᠦ ᠴᠢᠨᠠᠷ ᠲᠤ ᠬᠢᠨᠠᠯᠲᠠ ᠲᠠᠯᠪᠢᠨ ᠰᠢᠯᠭᠠᠨ ᠪᠠᠶᠢᠴᠠᠭᠠᠵᠤ  ᠂  ᠦᠪᠡᠷᠳᠡᠭᠡᠨ ᠵᠠᠰᠬᠤ ᠣᠷᠣᠨ ᠤ ᠨᠠᠶᠢᠳᠡᠯᠡᠭᠰᠡᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠶᠠᠰᠦ ᠴᠢᠨᠠᠷ ᠤᠨ ᠠᠶᠤᠯ ᠦᠭᠡᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ︔ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ᠂ ᠭᠤᠶᠤᠯᠠᠯ ᠤᠨ ᠡᠳ᠋ ᠤᠨ ᠵᠠᠷ ᠮᠡᠳᠡᠭᠡ ᠶᠢ ᠬᠠᠣᠯᠢ ᠶᠣᠰᠣᠭᠠᠷ ᠬᠢᠨᠠᠨ ᠵᠦᠪᠰᠢᠶᠡᠷᠡᠨ᠎ᠡ︔ ᠢᠨᠲ᠋ᠧᠷ ᠰᠦᠯᠵᠢᠶᠡᠨ ᠤ ᠡᠮ ᠤᠨ ᠵᠦᠢᠯ ᠤᠨ ᠮᠡᠳᠡᠭᠡ ᠵᠠᠩᠭᠢ ᠪᠠ ᠠᠷᠠᠯᠵᠢᠶᠠᠯᠠᠬᠤ ᠦᠢᠯᠡᠴᠢᠯᠡᠭᠡᠨ ᠤ ᠬᠢᠷᠢ ᠭᠡᠮ ᠢ ᠡᠷᠬᠡ ᠮᠡᠳᠡᠯ ᠤᠨ ᠶᠣᠰᠣᠭᠠᠷ ᠬᠢᠨᠠᠨ ᠵᠦᠪᠰᠢᠶᠡᠷᠡᠨ᠎ᠡ︔ ᠬᠠᠣᠯᠢ ᠠᠴᠠ ᠵᠦᠷᠢᠴᠡᠭᠰᠡᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠠ ᠡᠷᠡᠭᠦᠯᠵᠢᠯ ᠤᠨ ᠢᠳᠡᠭᠡᠨ᠂ ᠭᠤᠶᠤᠯᠠᠯ ᠤᠨ ᠡᠳ᠋ ᠤᠨ ᠵᠠᠷ ᠮᠡᠳᠡᠭᠡ ᠶᠢ ᠵᠠᠷᠯᠠᠨ᠎ᠠ᠃
     ︵ᠨᠠᠢᠮᠠ︶ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠪᠣᠯᠣᠨ ᠬᠡᠷᠡᠭᠯᠡᠭᠡᠨ ᠤ  ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠲᠠᠯ᠎ᠠ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠵᠢᠴᠢ ᠰᠣᠳᠣᠯᠣᠨ ᠦᠢᠯᠡᠳᠬᠦ᠂  ᠦᠢᠯᠡᠳᠪᠦᠷᠢᠯᠡᠬᠦ᠂ ᠭᠦᠢᠯᠭᠡᠭᠡᠬᠦ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠬᠡᠷᠡᠭᠯᠡᠬᠦ ᠲᠠᠯ᠎ᠠ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃
     ︵ᠶᠢᠰᠦ︶ ᠡᠮ ᠤᠨ ᠵᠦᠢᠯ ᠤᠨ ᠵᠠᠰᠭ ᠵᠠᠬᠢᠷᠭᠠᠨ ᠤ ᠬᠠᠮᠠᠭᠠᠯᠠᠬᠤ ᠠᠵᠢᠯ ᠢ ᠬᠠᠷᠢᠭᠤᠴᠠᠵᠤ  ᠂ ᠪᠦᠬᠦ ᠣᠷᠣᠨ ᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠮ ᠪᠣᠭᠤᠳᠠᠯᠯᠠᠬᠤ ᠮᠠᠲ᠋ᠧᠷᠢᠶᠠᠯ ᠪᠣᠯᠣᠨ ᠰᠠᠪᠠ ᠶᠢᠨ ᠰᠢᠯᠭᠠᠨ ᠪᠠᠶᠢᠴᠠᠭᠠᠬᠤ ᠪᠠᠶᠢᠭᠤᠯᠤᠮᠵᠢ᠂ ᠡᠮ ᠤᠨ ᠵᠦᠢᠯ ᠢ ᠬᠢᠨᠠᠨ ᠲᠤᠭᠳᠠᠭᠠᠬᠤ ᠪᠠᠶᠢᠭᠤᠯᠤᠮᠵᠢ᠂  ᠡᠮᠴᠢᠯᠡᠭᠡᠨ ᠤ ᠮᠠᠰᠢᠨ ᠪᠠᠭᠠᠵᠢ ᠶᠢᠨ ᠶᠠᠰᠦ ᠴᠢᠨᠠᠷ ᠤᠨ ᠰᠢᠰᠲ᠋ᠧᠮᠵᠢ ᠶᠢᠨ  ᠭᠡᠷᠡᠴᠢᠯᠡᠬᠦ ︵ᠬᠢᠨᠠᠨ ᠲᠣᠭᠳᠠᠭᠠᠬᠤ︶ ᠪᠠᠶᠢᠭᠤᠯᠤᠮᠵᠢ᠂ ᠡᠮᠴᠢᠯᠡᠭᠡᠨ ᠤ ᠮᠠᠰᠢᠨ ᠪᠠᠭᠠᠵᠢ ᠶᠢᠨ ᠦᠢᠯᠡᠳᠬᠦᠨ ᠤ ᠳᠠᠩᠰᠠᠯᠠᠵᠤ ᠬᠢᠨᠠᠨ ᠦᠨᠠᠯᠠᠬᠦ ᠪᠠᠶᠢᠭᠤᠯᠤᠮᠵᠢ ᠶᠢᠨ ᠲᠣᠬᠠᠶᠢᠯᠠᠭᠰᠠᠨ ᠠᠵᠢᠯ ᠢ  ᠵᠢᠯᠣᠭᠤᠳᠤᠨ᠎ᠠ᠃
     ︵ᠠᠷᠪᠠ︶ ᠮᠢᠨᠴᠦᠭᠦᠷᠡᠭᠦᠯᠬᠦ ᠡᠮ᠂ ᠣᠶᠣᠨ ᠮᠡᠳᠡᠷᠡᠯ ᠤᠨ ᠡᠮ᠂  ᠬᠤᠣᠷᠡᠳᠣ ᠴᠢᠨᠠᠷᠲᠠᠢ ᠡᠮ᠂  ᠰᠠᠴᠣᠷᠠᠮᠠᠬᠠᠢ  ᠴᠢᠨᠠᠷᠲᠠᠢ ᠡᠮ᠂ ᠬᠤᠣᠷ᠎ᠡ ᠬᠢᠯᠪᠠᠷᠬᠠᠨ ᠦᠢᠯᠡᠳᠬᠦ ᠬᠢᠮᠢ ᠶᠢᠨ ᠡᠳ᠋᠂ ᠡᠮ ᠠᠴᠠ ᠡᠭᠦᠰᠬᠦ ᠴᠢᠨᠠᠷᠲᠠᠢ ᠬᠦᠭᠰᠡᠭᠦᠯᠬᠦ ᠡᠳ᠋ ᠬᠢᠭᠡᠳ ᠣᠨᠴᠣᠭᠤᠢ ᠲᠦᠷᠦᠯ ᠤᠨ ᠡᠮ ᠮᠠᠰᠢᠨ ᠢ ᠬᠢᠨᠠᠯᠳᠠ ᠲᠠᠯᠪᠢᠨ ᠬᠠᠮᠢᠶᠠᠷᠣᠨ᠎ᠡ︔ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠣᠨ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠪᠠᠴᠢᠮ ᠪᠠᠶᠢᠳᠠᠯ ᠢ ᠰᠢᠢᠳᠪᠦᠷᠢᠯᠡᠬᠦ᠂ ᠲᠦᠭᠰᠢᠭᠦᠷᠢ ᠶᠢ  ᠦᠨᠡᠯᠡᠨ ᠵᠢᠱᠢᠬᠦ ᠪᠠ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢ ᠡᠭᠡᠭᠦᠯᠦᠨ ᠬᠤᠷᠢᠶᠠᠬᠤ  ᠶᠢᠨ ᠬᠢᠨᠠᠯᠳᠠ ᠲᠠᠯᠪᠢᠵᠣ ᠬᠠᠮᠢᠶᠠᠷᠬᠤ ᠶᠢ ᠡᠭᠦᠷᠭᠡᠯᠡᠨ᠎ᠡ᠃
     ︵ᠠᠷᠪᠠᠨ ᠨᠢᠭᠡ︶  ᠡᠮ ᠤᠨ ᠵᠦᠢᠯ ᠢ ᠪᠦᠭᠡᠮ ᠢᠶᠠᠷ ᠬᠤᠳᠠᠯᠳᠤᠬᠤ᠂  ᠵᠢᠵᠢᠭᠯᠡᠨ ᠬᠤᠳᠠᠯᠳᠤᠬᠤ ᠠᠵᠣ ᠠᠬᠤᠶᠢᠯᠠᠯ ᠤᠨ ᠬᠠᠮᠢᠶᠠᠷᠣᠯᠳᠠ ᠶᠢᠨ ᠲᠦᠷᠢᠮ ᠪᠣᠯᠣᠨ ᠵᠣᠷ ᠤᠨ ᠡᠮ᠂ ᠵᠣᠷ ᠤᠨ ᠪᠣᠰᠣ ᠡᠮ  ᠂ ᠬᠢᠳᠠᠳ ᠮᠣᠩᠭᠤᠯ ᠡᠮ ᠤᠨ ᠮᠠᠲ᠋ᠧᠷᠢᠶᠠᠯ᠂ ᠬᠢᠳᠠᠳ ᠡᠮ ᠤᠨ ᠴᠢᠨᠠᠬᠤ ᠡᠮ ᠤᠨ ᠬᠤᠳᠠᠯᠳᠣᠨ ᠠᠪᠬᠤ ᠪᠠ ᠪᠤᠷᠤᠯᠠᠭᠤᠯᠬᠤ ᠲᠦᠷᠢᠮ ᠢ ᠬᠢᠨᠠᠯᠳᠠ ᠲᠠᠯᠪᠢᠨ ᠬᠡᠷᠡᠭᠵᠢᠭᠦᠯᠦᠨ᠎ᠡ︔  ᠡᠮᠴᠢᠯᠡᠭᠡᠨ ᠤ ᠪᠠᠶᠢᠭᠤᠯᠤᠮᠵᠢ ᠤᠨ ᠡᠮ ᠪᠠ ᠮᠠᠰᠢᠨ ᠪᠠᠭᠠᠵᠢ ᠬᠡᠷᠡᠭᠯᠡᠬᠦ ᠭᠤᠭᠴᠤᠭ᠎ᠠ ᠶᠢᠨ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ︔ ᠬᠢᠳᠠᠳ ᠮᠣᠩᠭᠤᠯ ᠡᠮ ᠤᠨ ᠮᠠᠲ᠋ᠧᠷᠢᠶᠠᠯ ᠤᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ  ᠪᠣᠯᠣᠨ ᠡᠯ᠎ᠡ ᠲᠦᠷᠦᠯ ᠤᠨ ᠡᠮ ᠠᠷᠠᠯᠵᠢᠶᠠᠯᠠᠬᠤ  ᠭᠠᠵᠠᠷ ᠲᠤ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃
     ︵ᠠᠷᠪᠠᠨ ᠬᠤᠶᠠᠷ︶ ᠠᠶᠢᠮᠠᠭ ᠬᠤᠳᠠ ᠶᠢᠨ ᠢᠳᠡᠭᠡᠨ  ᠪᠠ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ ᠶᠢᠨ ᠬᠡᠷᠡᠭᠯᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠣᠯᠳᠠ ᠪᠣᠯᠣᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠢ ᠰᠣᠳᠣᠯᠣᠨ ᠦᠢᠯᠡᠳᠬᠦ᠂  ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ ᠭᠤᠭᠴᠤᠭ᠎ᠠ ᠶᠢᠨ ᠬᠢᠨᠠᠯᠳᠠ ᠲᠠᠯᠪᠢᠨ ᠬᠠᠮᠢᠶᠠᠷᠬᠤ ᠠᠵᠢᠯ ᠢ ᠵᠢᠯᠤᠭᠤᠳᠤᠨ᠎ᠠ᠃
     ︵ᠠᠷᠪᠠᠨ ᠭᠤᠷᠪᠠ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠭ ᠤᠨ ᠣᠷᠳᠣᠨ ᠪᠣᠯᠣᠨ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠤ ᠲᠣᠰᠢᠶᠠᠭᠰᠠᠨ ᠪᠣᠰᠣᠳ ᠵᠦᠢᠯᠡᠰ ᠢ ᠳᠠᠭᠠᠭᠠᠨ ᠬᠢᠨ᠎ᠡ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ