|
ᠣᠰᠣᠨ ᠠᠰᠢᠭᠯᠠᠯᠲᠠ ᠶᠢᠨ ᠲᠢᠩᠬᠢᠮ |
|
|
ᠨᠡᠶᠢᠲᠡᠯᠡᠭᠰᠡᠨ ᠴᠠᠭ᠄
2015/4/2
|
ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠲᠢᠩᠬᠢᠮ ᠤᠨ ᠲᠡᠰ ᠤᠨ ᠨᠢᠭᠡᠴᠢ ᠪᠣᠯᠤᠨ᠎ᠠ᠃ ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠤᠰᠤᠨ ᠠᠰᠢᠭᠯᠠᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠦᠬᠦ ᠣᠷᠣᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠲᠤᠭᠤᠷᠪᠢᠵᠤ᠂ ᠪᠦᠬᠦ ᠣᠷᠣᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠨᠠᠶᠢᠷᠠᠭᠤᠯᠤᠨ᠎ᠠ᠃ ︵ᠬᠤᠶᠠᠷ︶ ᠠᠮᠢᠳᠤᠷᠠᠯ᠂ ᠦᠶᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠶ ᠣᠷᠴᠢᠨ ᠲᠣᠭᠤᠷᠢᠨ ᠳᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠵᠢᠭᠦᠯᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠣᠷᠣᠨ ᠤ ᠤᠰᠤᠨ ᠤ ᠳᠤᠮᠳᠠ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠤᠰᠤ ᠲᠠᠲᠠᠬᠤ ᠴᠢᠬᠤᠯᠠ ᠶᠡᠭᠡ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃ ︵ᠭᠤᠷᠪᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠬᠤ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠲᠣᠬᠢᠷᠠᠭᠤᠯᠬᠤ ᠰᠠᠨᠠᠯ ᠢ ᠳᠤᠷᠠᠳᠴᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠠᠷᠭᠤᠭᠤᠯᠤᠨ ᠵᠥᠪᠰᠢᠶᠡᠷᠡᠨ᠎ᠡ᠃ ︵ᠳᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ︵ᠲᠠᠪᠤ︶ ᠤᠰᠤ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ︵ᠵᠢᠷᠭᠤᠭ᠎ᠠ︶ ᠤᠰᠤᠨ ᠵᠦᠢ ᠶᠢᠨ ᠠᠵᠢᠯ ᠢ ᠵᠢᠯᠣᠭᠤᠳᠤᠨ᠎ᠠ᠃ ᠤᠰᠤᠨ ᠵᠦᠢ ᠶᠢᠨ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ᠂ ᠥᠪᠡᠷᠲᠡᠭᠡᠨ ᠵᠠᠰᠠᠬᠤ ᠣᠷᠣᠨ ᠤ ᠤᠰᠤᠨ ᠵᠦᠢ ᠶᠢᠨ ᠥᠷᠲᠡᠭᠡ ᠲᠣᠣᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠡᠩ ᠤᠨ ᠤᠰᠤᠨ ᠵᠦᠢ ᠶᠢᠨ ᠬᠡᠮᠵᠢᠯᠲᠡ ᠶᠢᠨ ᠥᠷᠲᠡᠭᠡ ᠶᠢ ᠪᠠᠶᠢᠭᠤᠯᠬᠤ ᠪᠠ ᠲᠣᠬᠢᠷᠠᠭᠤᠯᠬᠤ᠂ ᠲᠤᠰᠬᠠᠶ ᠬᠡᠷᠡᠭᠯᠡᠭᠡᠨ ᠤ ᠤᠰᠤᠨ ᠵᠦᠢ ᠶᠢᠨ ᠬᠡᠮᠵᠢᠯᠲᠡ ᠶᠢᠨ ᠥᠷᠲᠡᠭᠡ ᠪᠠᠶᠢᠭᠤᠯᠬᠤ ᠪᠠ ᠬᠦᠴᠦᠨ ᠦᠭᠡᠢ ᠪᠣᠯᠭᠠᠬᠤ ᠶᠢ ᠬᠢᠨᠠᠨ ᠵᠥᠪᠰᠢᠶᠡᠷᠡᠨ᠎ᠡ᠃ ᠭᠤᠣᠯ ᠮᠥᠷᠡᠨ ᠨᠠᠭᠤᠷ ᠴᠥᠭᠦᠷᠥᠮ ᠪᠠ ᠭᠠᠵᠠᠷ ᠳᠣᠣᠷᠠᠬᠢ ᠤᠰᠤᠨ ᠳᠤ ᠬᠢᠨᠠᠨ ᠬᠡᠮᠵᠢᠯᠲᠡ ᠬᠢᠵᠦ᠂ ᠤᠰᠤᠨ ᠵᠦᠢ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ᠂ ᠪᠠᠶᠢᠳᠠᠯ ᠴᠢᠮᠡᠭᠡ ᠶᠢᠨ ᠤᠷᠢᠳᠴᠢᠯᠠᠭᠰᠠᠨ ᠮᠡᠳᠡᠭᠡ ᠪᠠ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠨ᠎ᠡ᠃ ᠤᠰᠤᠨ ᠤ ᠡᠬᠢ ᠪᠠᠶᠠᠯᠢᠭ᠂ ᠤᠰᠤᠨ ᠤ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠳᠣᠯᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠳᠠᠭᠠᠤ ᠶᠢᠨ ᠬᠠᠮᠢᠶᠠᠷᠤᠯᠲᠠ᠂ ᠬᠠᠮᠠᠭᠠᠯᠠᠯᠲᠠ ᠬᠢᠭᠡᠳ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠣᠷᠣᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠤᠨ ᠵᠠᠰᠠᠯᠲᠠ᠂ ᠨᠡᠭᠡᠭᠡᠯᠲᠡ ᠪᠠ ᠬᠠᠮᠠᠭᠠᠯᠠᠯᠲᠠ ᠶᠢ ᠵᠢᠯᠣᠭᠤᠳᠤᠨ᠎ᠠ᠃ ᠪᠥᠬᠦ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ ︵ᠨᠠᠶᠮᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠨ᠎ᠠ᠃ ᠪᠦᠬᠦ ᠣᠷᠣᠨ ᠤ ᠬᠢᠵᠠᠭᠠᠷᠯᠠᠬᠤ ᠴᠢᠨᠠᠷᠲᠠᠶ ᠪᠠ ᠣᠷᠣᠨ ᠪᠦᠰᠡ᠂ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ ᠬᠢᠨᠠᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠬᠤᠷᠢᠶᠠᠵᠤ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ︵ᠶᠢᠰᠦ︶ ᠤᠰᠤ ᠬᠥᠷᠥᠰᠥ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤ ᠬᠥᠷᠥᠰᠥ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤ ᠬᠥᠷᠥᠰᠥᠨ ᠤ ᠤᠷᠤᠰᠬᠠᠭᠳᠠᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠰᠢᠨᠵᠢᠯᠡᠵᠦ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠪᠠᠷ ᠵᠠᠷᠯᠠᠨ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠶᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠤᠰᠤ ᠬᠥᠷᠥᠰᠥ ᠶᠢ ᠪᠠᠲᠤᠯᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠤᠣᠯᠳᠠᠯᠭ᠎ᠠ ᠲᠠᠢ ᠤᠰᠤ ᠬᠥᠷᠥᠰᠥ ᠶᠢ ᠪᠠᠲᠤᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠭᠠᠳᠠᠭᠰᠢᠯᠠᠭᠤᠯᠤᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠨ ᠵᠠᠰᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠢᠵᠢᠭ ᠤᠰᠤᠨ ᠴᠠᠬᠢᠯᠭᠠᠨ ᠢ ᠵᠠᠰᠠᠨ ᠥᠭᠡᠷᠡᠴᠢᠯᠡᠬᠦ ᠪᠠ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠨᠢᠭᠡ︶ ᠤᠰᠤᠨ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠬᠦ ᠶᠢ ᠬᠠᠷᠢᠭᠤᠴᠠᠵᠤ᠂ ᠠᠶᠢᠮᠠᠭ ᠬᠤᠲᠠ ᠠᠯᠤᠰᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ ᠪᠠ ᠬᠥᠨᠳᠡᠯᠡᠨ ᠠᠴᠠ ᠲᠠᠰᠤᠯᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠤᠰᠤᠨ ᠴᠥᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠲᠣᠮᠣ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠬᠤᠶᠠᠷ︶ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠪᠣᠯᠤᠨ ᠭᠠᠳᠠᠭᠠᠳᠤ ᠶᠠᠪᠤᠳᠠᠯ ᠤᠨ ᠠᠵᠢᠯ ᠢ ᠥᠷᠨᠢᠭᠦᠯᠦᠨ᠎ᠡ᠃ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠳᠦᠷᠢᠮᠵᠢᠯ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠭᠤᠣᠯ ᠮᠥᠷᠡᠨ ᠤ ᠬᠤᠯᠪᠣᠭᠳᠠᠯ ᠪᠦᠬᠦᠢ ᠭᠠᠳᠠᠭᠠᠳᠤ ᠲᠠᠢ ᠬᠤᠯᠪᠣᠭᠳᠠᠬᠤ ᠬᠡᠷᠡᠭ ᠶᠠᠪᠤᠳᠠᠯ ᠢ ᠭᠦᠢᠴᠡᠳᠬᠡᠨ᠎ᠡ᠃ ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠳᠥᠷᠪᠡ︶ ᠡᠭᠦᠷᠭᠡ ᠴᠢᠳᠠᠪᠬᠢ ᠶᠢᠨ ᠬᠤᠪᠢᠷᠠᠯᠲᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠵᠤ ᠬᠠᠮᠠᠭᠠᠯᠠᠬᠤ ᠶᠢ ᠴᠢᠩᠭᠠᠳᠬᠠᠨ᠎ᠠ᠃ ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠠᠮᠠᠭᠠᠯᠠᠯᠲᠠ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠥᠩᠭᠡ ᠲᠥᠷᠬᠦ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ ᠶᠢ ᠪᠠᠷᠢᠮᠲᠠᠯᠠᠨ᠂ ᠵᠣᠬᠢᠰᠲᠠᠶ ᠤᠰᠤ ᠬᠡᠷᠡᠭᠯᠡᠬᠦ ᠬᠡᠷᠡᠭᠴᠡᠭᠡ ᠪᠣᠯᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠶᠤᠯᠭᠦᠢ ᠶᠢᠨ ᠪᠠᠲᠤᠯᠠᠭ᠎ᠠ ᠬᠠᠩᠭᠠᠨ᠎ᠠ᠃ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠣᠲᠣᠭᠠᠳᠤ ᠳᠤ ᠳᠣᠣᠷᠠᠬᠢ ᠮᠡᠲᠦ ᠪᠠᠶᠢᠭᠤᠯᠤᠮᠵᠢ ᠲᠣᠬᠢᠷᠠᠭᠤᠯᠤᠨ᠎ᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠶᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ᠂ ᠲᠤᠰᠢᠶᠠᠯ ᠤᠨ ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ︵ᠭᠤᠷᠪᠠ︶ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠃ ᠴᠢᠬᠤᠯᠠ ᠶᠡᠭᠡ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠲᠤᠰᠬᠠᠶ ᠠᠵᠢᠯ ᠤᠨ ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠦᠬᠦ ᠣᠷᠣᠨ ᠤ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠤᠨ᠎ᠠ᠃ ᠤᠰᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠦᠶᠡᠷ ᠰᠡᠷᠭᠡᠶᠢᠯᠡᠬᠦ ᠨᠤᠲᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠮᠣ ᠬᠡᠯᠪᠡᠷᠢ ᠶᠢᠨ ᠤᠰᠤ ᠲᠠᠲᠠᠬᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠦᠬᠦ ᠣᠷᠣᠨ ᠤ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠣᠯᠤᠨ ᠤᠰᠤᠨ ᠠᠰᠢᠭᠯᠠᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠶᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠡᠳ᠋ ᠤᠨ ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ ᠲᠥᠷᠥᠯ ᠵᠦᠶᠯ ᠤᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃ ︵ᠳᠥᠷᠪᠡ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠃ ᠪᠦᠬᠦ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠢᠨᠠᠨ ᠵᠥᠪᠰᠢᠶᠡᠷᠡᠨ᠎ᠡ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ︵ᠲᠠᠪᠤ︶ ᠤᠰᠤ ᠬᠥᠷᠥᠰᠥ ᠶᠢ ᠪᠠᠲᠤᠯᠠᠬᠤ ᠭᠠᠵᠠᠷ᠃ ᠪᠦᠬᠦ ᠣᠷᠣᠨ ᠤ ᠤᠰᠤ ᠬᠥᠷᠥᠰᠥᠨ ᠤ ᠤᠷᠤᠰᠬᠠᠭᠳᠠᠯ ᠢ ᠶᠡᠷᠦᠩᠬᠡᠶᠢᠯᠡᠨ ᠰᠡᠷᠭᠡᠶᠢᠯᠡᠵᠦ ᠵᠠᠰᠠᠬᠤ ᠠᠵᠢᠯ ᠢ ᠬᠠᠷᠢᠭᠤᠴᠠᠨ᠎ᠠ᠃ ᠤᠰᠤ ᠬᠥᠷᠥᠰᠥ ᠶᠢ ᠪᠠᠲᠤᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤ ᠬᠥᠷᠥᠰᠥᠨ ᠤ ᠤᠷᠤᠰᠬᠠᠭᠳᠠᠯ ᠢ ᠬᠢᠨᠠᠨ ᠰᠢᠨᠵᠢᠯᠡᠬᠦ᠂ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠬᠥᠷᠥᠰᠥ ᠶᠢ ᠪᠠᠲᠤᠯᠠᠬᠤ ᠲᠥᠰᠦᠯ ᠢ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠭᠠᠵᠠᠷ᠃ ᠲᠣᠮᠣ ᠳᠤᠮᠳᠠ ᠬᠡᠯᠪᠡᠷᠢ ᠶᠢᠨ ᠤᠰᠤᠯᠠᠵᠤ ᠭᠠᠳᠠᠭᠰᠢᠯᠠᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠠᠰᠠᠯᠲᠠ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠢᠨᠠᠨ ᠵᠥᠪᠰᠢᠶᠡᠷᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠰᠤᠨ ᠬᠦᠴᠦᠨ ᠤ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ᠂ ᠬᠥᠳᠡᠭᠡ ᠲᠣᠰᠬᠤᠨ ᠤ ᠤᠰᠤᠨ ᠬᠦᠴᠦᠨ ᠤ ᠴᠠᠬᠢᠯᠭᠠᠨ ᠤ ᠦᠷ᠎ᠡ ᠠᠰᠢᠭ ᠢ ᠨᠡᠮᠡᠭᠳᠡᠭᠦᠯᠦᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠯᠲᠡ ᠵᠠᠰᠠᠯᠲᠠ ᠬᠢᠬᠦ ᠵᠢᠴᠢ ᠵᠢᠵᠢᠭ ᠤᠰᠤᠨ ᠬᠦᠴᠦᠨ ᠤ ᠴᠠᠬᠢᠯᠭᠠᠨ ᠢᠶᠠᠷ ᠲᠦᠯᠡᠰᠢ ᠶᠢ ᠣᠷᠣᠯᠠᠭᠤᠯᠬᠤ ᠵᠡᠷᠭᠡ ᠬᠥᠳᠡᠭᠡ ᠲᠣᠰᠬᠤᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ︵ᠳᠣᠯᠤᠭ᠎ᠠ︶ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠤᠨ ᠤᠰᠤ ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠵᠡᠷᠭᠡ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠨ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠪᠠᠶᠢᠴᠠᠭᠠᠬᠤ ᠪᠠ ᠦᠨᠡᠯᠡᠬᠦ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠨᠡᠶᠢᠲᠡᠯᠡᠵᠦ᠂ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠪᠠ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠲᠣᠬᠢᠷᠠᠭᠤᠯᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠳᠤ ᠣᠷᠣᠯᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ ᠠᠬᠢᠭᠤᠯᠤᠨ᠎ᠠ᠃ ᠤᠰᠤᠨ ᠤ ᠡᠷᠬᠡ ᠶᠢ ᠬᠤᠷᠢᠶᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ︵ᠨᠠᠢᠮᠠ︶ ᠠᠵᠢᠯᠯᠠᠭᠠᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠭᠠᠵᠠᠷ᠃ ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠭᠤᠤᠯᠳᠠᠯᠭ᠎ᠠ ᠲᠠᠢ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠣᠯᠤᠨ ᠠᠶᠤᠯᠭᠦᠢ ᠶᠢᠨ ᠬᠢᠨᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠶᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃ ᠤᠰᠤᠨ ᠴᠥᠭᠦᠷᠥᠮ᠂ ᠤᠰᠤᠨ ᠴᠠᠬᠢᠯᠭᠠᠨ ᠤ ᠥᠷᠲᠡᠭᠡᠨ ᠤ ᠲᠣᠮᠣ ᠬᠠᠰᠢᠯᠭ᠎ᠠ᠂ ᠬᠠᠰᠢᠯᠭ᠎ᠠ᠂ ᠤᠰᠤᠨ ᠬᠠᠭᠠᠯᠲᠠ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ ᠦᠶᠡᠷ ᠭᠠᠩ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ︵ᠶᠢᠰᠦ︶ ᠤᠰᠤᠨ ᠤ ᠶᠠᠪᠤᠳᠠᠯ ᠤᠨ ᠭᠠᠵᠠᠷ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠬᠠᠷᠢᠭᠤᠴᠠᠨ ᠲᠤᠭᠤᠷᠪᠢᠵᠤ᠂ ᠤᠰᠤᠨ ᠠᠰᠢᠭᠯᠠᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠵᠢᠯᠣᠭᠤᠳᠬᠤ ᠶᠢᠨ ᠬᠠᠮᠲᠤ ᠬᠢᠨᠠᠨ ᠪᠠᠶᠢᠴᠠᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ ᠠᠵᠢᠯ ᠢ ᠳᠠᠭᠠᠭᠠᠨ ᠭᠦᠶᠴᠡᠳᠬᠡᠨ᠎ᠡ᠃ ᠤᠰᠤᠨ ᠤ ᠶᠠᠪᠤᠳᠠᠯ ᠤᠨ ᠬᠢᠨᠠᠨ ᠪᠠᠶᠢᠴᠠᠭᠠᠯᠲᠠ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠶᠢᠮᠠᠭ ᠬᠤᠲᠠ ᠠᠯᠤᠰᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠤᠨ᠂ ᠤᠰᠤ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠨ᠎ᠡ᠃ ︵ᠠᠷᠪᠠ︶ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠬᠤ ᠭᠠᠵᠠᠷ᠃ ᠥᠪᠡᠷᠲᠡᠭᠡᠨ ᠵᠠᠰᠠᠬᠤ ᠣᠷᠣᠨ ᠤ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠵᠣᠬᠢᠴᠠᠭᠤᠯᠤᠯᠲᠠ᠂ ᠲᠣᠬᠢᠷᠠᠭᠤᠯᠤᠯᠲᠠ᠂ ᠬᠢᠨᠠᠨ ᠵᠢᠯᠣᠭᠤᠳᠤᠯᠭ᠎ᠠ ᠪᠠ ᠰᠢᠯᠭᠠᠨ ᠬᠢᠨᠠᠯᠲᠠ ᠶᠢᠨ ᠠᠵᠢᠯ ᠢ ᠬᠠᠷᠢᠭᠤᠴᠠᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠵᠢᠴᠢ ᠡᠷᠭᠢ ᠳᠠᠭᠠᠤ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠤᠨ᠎ᠠ᠃ ᠭᠤᠣᠯ ᠤᠨ ᠬᠠᠶᠢᠷ ᠮᠠᠯᠲᠠᠬᠤ ᠶᠢ ᠬᠢᠨᠠᠵᠤ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠥᠬᠦ ᠣᠷᠣᠨ ᠤ ᠤᠰᠤᠨ ᠰᠢᠨᠵᠢᠯᠡᠭᠡᠨ ᠤ ᠠᠵᠢᠯ ᠢ ᠵᠢᠯᠣᠭᠤᠳᠴᠤ᠂ ᠡᠩ ᠤᠨ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠶᠢ ᠪᠠᠶᠢᠭᠤᠯᠬᠤ ᠪᠠ ᠳᠣᠭᠢᠷᠠᠭᠤᠯᠬᠤ᠂ ᠲᠤᠰᠬᠠᠶ ᠬᠡᠷᠡᠭᠯᠡᠭᠡᠨ ᠤ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠶᠢ ᠪᠠᠶᠢᠭᠤᠯᠬᠤ ᠪᠠ ᠬᠦᠴᠦᠨ ᠥᠬᠡᠶ ᠪᠣᠯᠭᠠᠬᠤ ᠶᠢ ᠬᠢᠨᠠᠨ ᠵᠥᠪᠰᠢᠶᠡᠷᠡᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠶᠢ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 56 ᠬᠥᠮᠥᠨ ᠪᠠᠶᠢᠵᠤ᠃ ᠲᠢᠩᠬᠢᠮ ᠤᠨ ᠳᠠᠷᠤᠭ᠎ᠠ 1 ᠬᠥᠮᠦᠨ᠂ ᠲᠢᠩᠬᠢᠮ ᠤᠨ ᠳᠡᠳ᠋ ᠳᠠᠷᠤᠭ᠎ᠠ 3 ᠬᠥᠮᠦᠨ ᠪᠣᠶ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ 27 ᠬᠥᠮᠥᠨ ﹇14 ᠭᠠᠵᠠᠷ ᠤᠨ ᠳᠡᠰ ︵ᠶᠡᠷᠦᠩᠬᠡᠶ ᠢᠨᠵᠧᠨᠧᠷ᠂ ᠶᠡᠷᠦᠩᠬᠡᠶ ᠠᠵᠤ ᠠᠬᠤᠶᠢᠴᠢ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ ᠠᠮᠠᠷᠠᠵᠤ ᠪᠠᠭᠤᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 1 ᠬᠥᠮᠥᠨ︶᠂ 13 ᠳᠡᠳ᠋ ᠭᠠᠵᠠᠷ ᠤᠨ ᠳᠡᠰ ︵ᠪᠠᠶᠢᠭᠤᠯᠭ᠎ᠠ ᠶᠢᠨ ᠰᠠᠬᠢᠯᠭ᠎ᠠ ᠶᠢ ᠪᠠᠶᠢᠴᠠᠭᠠᠬᠤ ᠬᠤᠷᠢᠶᠠᠨ ᠤ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ︶ ᠪᠤᠢ᠃ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠢᠯ ᠢ ᠠᠰ ᠲᠤ ᠨᠢ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠶᠮᠠᠳᠤᠭᠠᠷ ᠵᠦᠶᠯ ᠲᠣᠰ ᠲᠣᠭᠲᠠᠭᠠᠯ ᠢ 2018 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠶ᠋ᠢᠭ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠲᠣᠭᠠᠲᠤ ᠤᠲᠠᠰᠤ᠄᠄ 0471-5259680 ᠠᠯᠪᠠᠯᠠᠬᠤ ᠴᠠᠭ᠄ 9:00-12:00 13:00-17:00 ᠬᠠᠷᠢᠭᠤᠴᠠᠯᠭᠠᠲᠠᠨ᠄ ᠯᠢᠦ ᠸᠠᠨ ᠬᠤᠸᠠ
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|