ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
ᠨᠡᠶᠢᠲᠡᠯᠡᠭᠰᠡᠨ ᠴᠠᠭ᠄
2015/4/2
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠢ ᠪᠠᠶᠢᠭᠤᠯᠪᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃      ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠠᠷᠠᠳ ᠨᠡᠶᠢᠲᠡ ᠶᠢᠨ ᠥᠮᠴᠢᠯᠡᠯᠲᠦ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠬᠡᠮᠵᠢᠨ ᠵᠢᠷᠤᠭᠯᠠᠬᠤ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠨ᠎ᠡ᠃      ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠶᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ  ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠭᠦᠶᠴᠡᠳᠬᠡᠯ ᠲᠤᠭ᠎ᠠ ᠶᠢᠨ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠨᠢᠭᠡᠳᠦᠯᠲᠡᠶ ᠵᠢᠷᠤᠮᠵᠢᠭᠰᠠᠨ ᠳᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ  ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃      ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠶᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠵᠤ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠳᠤ ᠪᠠᠨ ᠬᠦᠷᠲᠡᠬᠦ᠂ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠵᠡᠷᠭᠡ ᠶᠢ ᠬᠠᠷᠢᠭᠤᠴᠠᠨ᠎ᠠ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠭᠦᠯᠬᠦ ᠠᠵᠢᠯ ᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠲᠦᠷᠢᠮ ᠶᠣᠰᠣᠭᠠᠷ᠂ ᠪᠥᠬᠦ ᠣᠷᠣᠨ  ᠤ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠢᠨᠠᠨ ᠪᠣᠳᠣᠬᠤ ᠶᠢ ᠬᠠᠷᠢᠭᠤᠴᠠᠨ᠎ᠠ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠬᠤᠪᠢᠶᠠᠷᠢᠯᠠᠨ ᠥᠭᠬᠦ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠵᠤ ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠵᠦᠢ ᠵᠣᠬᠢᠰᠲᠠᠢ ᠲᠤᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠯᠵᠠᠪᠤᠷᠢ  ᠶᠢ ᠬᠠᠤᠯᠢ ᠶᠣᠰᠣᠭᠠᠷ ᠬᠤᠷᠢᠶᠠᠨ ᠲᠤᠰᠢᠶᠠᠯᠭᠠᠨ᠎ᠠ᠃      ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ  ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠠᠴᠠ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠰ ᠪᠠ ᠵᠡᠷᠭᠡ ᠬᠤᠪᠢᠶᠠᠨ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ ᠰᠢᠯᠭᠠᠨ ᠬᠢᠨᠠᠬᠤ ᠶᠢ ᠥᠷᠨᠢᠭᠦᠯᠦᠨ᠂ ᠠᠷᠪᠢᠲᠠᠢ ᠡᠷᠴᠢᠮᠲᠡᠢ ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠭ᠎ᠠ ᠡᠵᠡᠮᠰᠢᠯ᠂ ᠣᠷᠣᠨ ᠪᠦᠰᠡ ᠶᠢᠨ ᠵᠣᠬᠢᠴᠠᠭᠤᠯᠭ᠎ᠠ ᠪᠣᠯᠤᠨ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠰᠤᠳᠤᠯᠤᠨ᠎ᠠ᠃      ︵ᠵᠢᠷᠭᠤᠭ᠎ᠠ︶ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠲᠦᠯᠬᠢᠨ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ  ᠶᠢᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ  ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠬᠤ ᠪᠥᠭᠡᠳ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠭᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃      ︵ᠳᠣᠯᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠲᠦᠷᠦᠭᠦᠯᠡᠨ ᠪᠠᠶᠢᠭᠤᠯᠬᠤ ᠪᠠ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠠᠰᠢᠭᠯᠠᠨ ᠠᠮᠢ ᠠᠬᠤᠶ ᠶᠢᠨ ᠰᠡᠯᠭᠦᠨ ᠰᠡᠷᠭᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ᠶᠢ ᠲᠣᠭᠲᠠᠭᠠᠵᠤ᠂ ᠴᠢᠬᠤᠯᠠ ᠶᠡᠭᠡ ᠰᠣᠩᠭᠤᠯᠲᠠ ᠶᠢᠨ ᠪᠡᠯᠡᠳᠬᠡᠯ ᠲᠥᠷᠥᠯ ᠵᠦᠢᠯ ᠢ ᠳᠤᠷᠠᠳᠤᠨ᠎ᠠ᠃      ︵ᠨᠠᠶᠮᠠ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ  ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ᠬᠠᠮᠠᠭᠠᠯᠠᠯᠲᠠ  ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ  ᠤᠨ ᠣᠨᠴᠠᠭᠠᠢ ᠬᠠᠮᠠᠭᠠᠯᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠳᠦᠷᠢᠮ ᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃      ︵ᠶᠢᠰᠦ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠣᠯᠤᠨ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠢ ᠬᠢᠨᠠᠯᠲᠠ ᠲᠠᠯᠪᠢᠨ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠤᠨ᠎ᠠ᠃ ᠪᠦᠬᠦ ᠣᠷᠣᠨ ᠤ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠭᠠᠵᠠᠷ ᠰᠢᠨᠵᠢᠯᠡᠭᠡᠨ ᠤ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠭᠰᠠᠨ ᠠᠴᠠ ᠭᠠᠵᠠᠷ ᠬᠤᠲᠣᠶᠢᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠵᠦᠢ ᠶᠢᠨ ᠭᠠᠮᠰᠢᠭ ᠢ ᠪᠠᠶᠢᠴᠠᠭᠠᠵᠤ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠵᠦᠢ ᠶᠢᠨ ᠭᠠᠮᠰᠢᠭ  ᠤᠨ ᠪᠠᠷᠢᠯᠭ᠎ᠠ ᠶᠢ ᠵᠠᠰᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠭᠠᠵᠠᠷ ᠵᠦᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃      ︵ᠠᠷᠪᠠᠨ ᠨᠢᠭᠡ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠴᠠ ᠶᠢᠨ ᠬᠠᠮᠢᠶᠠᠷᠤᠯᠲᠠ ᠵᠢᠴᠢ ᠳᠠᠷᠤᠭᠳᠠᠮᠠᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠪᠦᠬᠦ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠥᠷᠥᠯ ᠤᠨ ᠬᠦᠳᠡᠷ᠂ ᠳᠠᠪᠠᠭᠤᠯᠢᠭ ᠠᠭᠤᠷᠬᠠᠶ ᠶᠢᠨ ᠭᠠᠷᠤᠯᠲᠠ ᠶᠢᠨ ᠲᠣᠬᠢᠷᠠᠭᠤᠯᠭ᠎ᠠ ᠡᠵᠡᠮᠰᠢᠯ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃      ︵ᠠᠷᠪᠠᠨ ᠬᠤᠶᠠᠷ︶ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠭᠠᠵᠠᠷ ᠵᠦᠶ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠶᠢ ᠬᠠᠷᠢᠭᠤᠴᠠᠨ᠎ᠠ᠃      ︵ᠠᠷᠪᠠᠨ ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ  ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠳᠦᠷᠢᠮ ᠲᠣᠭᠲᠠᠭᠠᠯ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃      ︵ᠠᠷᠪᠠᠨ ᠳᠥᠷᠪᠡ︶ ᠨᠠᠮ ᠤᠨ ᠲᠥᠪ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ  ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠲᠠᠯ᠎ᠠ ᠪᠠᠷ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠠᠶᠢᠮᠠᠭ ᠬᠤᠲᠠ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ  ᠢ ᠵᠢᠯᠣᠭᠤᠳᠤᠨ᠎ᠠ᠃ ᠡᠷᠬᠡ ᠣᠯᠭᠤᠯᠲᠠ ᠪᠠᠨ ᠦᠨᠳᠦᠰᠦᠯᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠪᠠᠶᠢᠭᠠᠯᠢ  ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃      ︵ᠠᠷᠪᠠᠨ ᠲᠠᠪᠤ︶ ᠪᠦᠬᠦ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠢ ᠶᠢᠨ ᠬᠠᠮᠢᠶᠠᠷᠤᠯᠲᠠ ᠪᠣᠯᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠪᠣᠳᠣᠯᠬᠢᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃      ︵ᠠᠷᠪᠠᠨ ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠴᠤ         ᠵᠣᠬᠢᠴᠠᠭᠤᠯᠤᠨ᠎ᠠ᠃      ︵ᠠᠷᠪᠠᠨ ᠨᠠᠶᠮᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ᠂ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠲᠤᠬᠠᠶ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠶᠯᠡᠳᠦᠯ ᠢ ᠪᠠᠳᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠳᠤ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠰᠡᠷᠭᠦᠭᠡᠬᠦ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠬᠤᠣᠰᠯᠠᠭᠤᠯᠤᠭᠰᠠᠨ ᠳᠦᠷᠢᠮ ᠲᠣᠭᠲᠠᠭᠠᠯ ᠠᠷᠭ᠎ᠠ ᠬᠡᠯᠪᠡᠷᠢ ᠶᠢ ᠰᠢᠨᠡᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠳᠤ ᠠᠷᠪᠢᠲᠠᠢ ᠡᠷᠴᠢᠮᠲᠡᠢ ᠠᠰᠢᠭᠯᠠᠬᠤ  ᠶᠢ ᠠᠬᠢᠭᠤᠯᠤᠨ᠎ᠠ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠤᠯᠠᠮ ᠨᠢᠭᠡ ᠠᠯᠬᠤᠮ ᠴᠣᠮᠬᠠᠳᠬᠠᠨ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ ᠳᠡᠯᠭᠡᠭᠦᠷ ᠤᠨ ᠰᠢᠶᠳᠪᠦᠷᠢᠯᠡᠬᠦ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠦᠷᠢᠮ ᠤᠨ ᠬᠢᠵᠠᠭᠠᠷᠯᠠᠬᠤ ᠴᠢᠨᠠᠷᠲᠠᠶ ᠦᠶᠯᠡᠳᠦᠯ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠪᠠ ᠦᠨᠡᠯᠡᠨ ᠵᠢᠱᠢᠬᠦ ᠲᠠᠯ᠎ᠠ ᠪᠠᠷ ᠠᠷᠠᠳ ᠲᠤ ᠲᠥᠬᠦᠮ ᠦᠵᠡᠭᠦᠯᠵᠦ᠂ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃      ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠣᠲᠣᠭᠠᠳᠤ ᠪᠠᠶᠢᠭᠤᠯᠤᠮᠵᠢ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠰᠣᠨᠢᠨ ᠮᠡᠳᠡᠭᠡᠨ ᠤ ᠤᠬᠠᠭᠤᠯᠭ᠎ᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠪᠠ ᠭᠠᠳᠠᠭᠠᠳᠤ ᠶᠠᠪᠤᠳᠠᠯ ᠵᠡᠷᠭᠡ ᠠᠵᠢᠯ ᠢ ᠡᠭᠦᠷᠭᠡᠯᠡᠵᠦ᠂ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠲᠢᠩᠬᠢᠮ ᠤᠨ ᠵᠠᠰᠠᠭ ᠤᠨ ᠶᠠᠪᠤᠳᠠᠯ ᠤᠨ ᠲᠢᠩᠬᠢᠮ ᠢ ᠬᠢᠨᠠᠨ ᠬᠠᠮᠢᠶᠠᠷᠤᠨ᠎ᠠ᠃      ︵ᠬᠤᠶᠠᠷ︶ ᠶᠡᠷᠦᠩᠬᠡᠶᠢᠯᠡᠭᠰᠡᠨ ᠭᠠᠵᠠᠷ᠃ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠪᠠ ᠣᠷᠳᠣ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠴᠢᠬᠤᠯᠠ ᠶᠡᠭᠡ ᠠᠰᠠᠭᠤᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠴᠢᠬᠤᠯᠠ ᠪᠢᠴᠢᠭ ᠮᠠᠲ᠋ᠧᠷᠢᠶᠠᠯ ᠤᠨ ᠡᠬᠡ ᠪᠢᠴᠢᠭ ᠲᠤᠭᠤᠷᠪᠢᠬᠤ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠡᠷᠢᠭ ᠠᠷᠠᠳ ᠢ ᠠᠭᠤᠰᠤᠯᠴᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠵᠣᠬᠢᠴᠠᠭᠤᠯᠤᠨ᠎ᠠ᠃ ᠶᠡᠷᠦᠩᠬᠡᠶᠢᠯᠡᠭᠰᠡᠨ ᠪᠦᠷᠢᠳᠬᠡᠬᠦ ᠵᠠᠳᠠᠯᠤᠯᠲᠠ ᠬᠢᠬᠦ ᠪᠠ ᠬᠠᠮᠢᠶ᠎ᠠ ᠪᠦᠬᠦᠢ ᠲᠤᠰᠬᠠᠶ ᠠᠵᠢᠯ ᠤᠨ ᠲᠤᠭ᠎ᠠ ᠪᠦᠷᠢᠳᠬᠡᠯ ᠢ ᠰᠢᠰᠲ᠋ᠧᠮᠵᠢᠭᠦᠯᠦᠨ ᠬᠠᠮᠢᠶᠠᠷᠬᠤ ᠶᠢ ᠡᠭᠦᠷᠭᠡᠯᠡᠨ᠎ᠡ᠃      ︵ᠭᠤᠷᠪᠠ︶ ᠬᠠᠤᠯᠢ ᠲᠣᠭᠲᠠᠭᠠᠯ ᠤᠨ ᠭᠠᠵᠠᠷ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠢᠯᠭᠠᠷᠠᠭᠤᠯᠬᠤ ᠠᠵᠢᠯ ᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃      ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠭᠠᠵᠠᠷ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠢᠨᠠᠨ ᠬᠡᠮᠵᠢᠵᠦ ᠦᠨᠡᠯᠡᠬᠦ ᠳᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠬᠤᠪᠢᠷᠠᠭᠤᠯᠬᠤ ᠪᠠᠶᠢᠴᠠᠭᠠᠯᠲᠠ᠂ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠵᠠᠳᠠᠯᠤᠨ ᠦᠨᠡᠯᠡᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠰᠤ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠪᠠ ᠭᠠᠵᠠᠷ ᠵᠦᠶ ᠶᠢᠨ ᠤᠯᠤᠰ ᠤᠨ ᠪᠠᠶᠢᠳᠠᠯ ᠵᠡᠷᠭᠡ ᠶᠢ ᠲᠤᠰᠬᠠᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ᠂ ᠬᠠᠮᠢᠶᠠᠷᠬᠤ᠂ ᠬᠠᠮᠠᠭᠠᠯᠠᠬᠤ᠂ ᠨᠡᠶᠢᠲᠡᠯᠡᠬᠦ᠂ ᠬᠠᠮᠲᠤ ᠳᠤ ᠪᠠᠨ ᠬᠦᠷᠲᠡᠬᠦ ᠪᠠ ᠠᠰᠢᠭᠯᠠᠬᠤ ᠳᠤ ᠬᠢᠨᠠᠯᠲᠠ ᠲᠠᠯᠪᠢᠬᠤ ᠶᠢ ᠡᠭᠦᠷᠭᠡᠯᠡᠨ᠎ᠡ᠃      ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠲᠣᠪᠴᠢᠶ᠎ᠠ᠃ ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠶᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ ᠢ ᠨᠠᠶᠢᠳᠠᠪᠤᠷᠢᠵᠢᠭᠤᠯᠤᠨ᠎ᠠ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠵᠢᠯᠣᠭᠤᠳᠬᠤ ᠬᠢᠨᠠᠯᠲᠠ ᠲᠠᠯᠪᠢᠬᠤ ᠶᠢ ᠡᠭᠦᠷᠭᠡᠯᠡᠨ᠎ᠡ᠃ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠣᠯᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠᠯᠠᠭᠰᠠᠨ ᠮᠠᠲ᠋ᠧᠷᠢᠶᠠᠯ ᠢ ᠬᠠᠮᠢᠶᠠᠷᠤᠨ᠎ᠠ᠃      ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠭᠴᠢ ᠶᠢᠨ ᠡᠷᠬᠡ ᠠᠰᠢᠭ ᠤᠨ ᠭᠠᠵᠠᠷ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠲᠤᠭ᠎ᠠ ᠪᠦᠷᠢᠳᠬᠡᠯ᠂ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠳᠡᠭ ᠢ ᠦᠨᠡᠯᠡᠨ ᠵᠢᠱᠢᠬᠦ ᠪᠠ ᠡᠳ᠋ ᠬᠦᠷᠦᠩᠭᠡ ᠶᠢ ᠬᠢᠨᠠᠨ ᠪᠣᠳᠣᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠬᠢᠨᠠᠨ ᠰᠢᠯᠭᠠᠬᠤ ᠪᠠᠷᠢᠮᠵᠢᠶ᠎ᠠ ᠶᠢ ᠲᠣᠭᠲᠠᠭᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠬᠦ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠵᠤ ᠪᠠᠯᠠ ᠭᠠᠷᠭᠠᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠠᠴᠠ ᠬᠢᠨᠠᠨ ᠵᠥᠪᠰᠢᠶᠡᠷᠡᠭᠰᠡᠨ ᠪᠠᠶᠢᠭᠤᠯᠤᠯ ᠢᠶᠠᠨ ᠥᠭᠡᠷᠡᠴᠢᠯᠡᠭᠰᠡᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠡᠳ᠋ ᠬᠥᠷᠥᠩᠭᠡ ᠶᠢ ᠰᠢᠶᠳᠪᠦᠷᠢᠯᠡᠬᠦ ᠶᠢ ᠡᠭᠦᠷᠭᠡᠯᠡᠨ᠎ᠡ᠃      ︵ᠳᠣᠯᠤᠭ᠎ᠠ︶ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠦᠨ᠎ᠡ ᠲᠥᠯᠥᠪᠦᠷᠢ  ᠲᠠᠢ ᠪᠠᠷ ᠬᠡᠷᠡᠭᠯᠡᠭᠦᠯᠬᠦ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠦᠷᠢᠮ ᠪᠠ ᠠᠷᠠᠯᠵᠢᠶᠠᠨ ᠤ ᠲᠠᠪᠴᠠᠩ ᠢ ᠪᠠᠶᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠥᠷᠨᠢᠭᠦᠯᠦᠨ᠎ᠡ᠃ ᠪᠠᠶᠢᠭᠠᠯᠢ  ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠶ ᠬᠢᠨᠠᠨ ᠬᠡᠮᠵᠢᠯᠲᠡ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ  ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠵᠡᠷᠭᠡ ᠬᠤᠪᠢᠶᠠᠨ ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠦᠨᠡᠯᠡᠵᠦ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠠᠷᠪᠢᠲᠠᠢ ᠠᠰᠢᠭᠯᠠᠬᠤ ᠶᠢ ᠵᠢᠯᠣᠭᠤᠳᠤᠨ᠎ᠠ᠃      ︵ᠨᠠᠢᠮᠠ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠲᠣᠪᠴᠢᠶ᠎ᠠ᠃ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠦᠬᠦ ᠣᠷᠣᠨ ᠤ ᠣᠷᠣᠨ ᠵᠠᠶ ᠶᠢᠨ ᠲᠥᠯᠥᠪᠵᠢᠭᠦᠯᠭᠡ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠲᠣᠭᠲᠠᠭᠠᠭᠰᠠᠨ ᠡᠷᠬᠡ ᠮᠡᠳᠡᠯ ᠶᠣᠰᠣᠭᠠᠷ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠳᠤ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠤᠰᠬᠠᠶ ᠲᠥᠯᠥᠪᠵᠢᠭᠦᠯᠭᠡ ᠶᠢ ᠵᠢᠯᠣᠭᠤᠳᠬᠤ ᠪᠠ ᠬᠢᠨᠠᠨ ᠬᠠᠷᠭᠤᠭᠤᠯᠤᠨ᠎ᠠ᠃ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠡᠭᠡᠭᠡᠯᠲᠡ ᠶᠢᠨ ᠲᠣᠬᠢᠷᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠰᠡᠷᠡᠮᠵᠢᠯᠡᠭᠦᠯᠬᠦ ᠲᠣᠭᠲᠠᠯᠴᠠᠭ᠎ᠠ ᠶᠢ ᠪᠠᠶᠢᠭᠤᠯᠤᠨ᠎ᠠ᠃      ︵ᠶᠢᠰᠦ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠭᠠᠵᠠᠷ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠲᠦᠷᠢᠮ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠶ ᠶᠢᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠣᠷᠣᠨ ᠤ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦ ᠪᠡᠯᠴᠢᠭᠡᠷ᠂ ᠨᠤᠭᠤ ᠭᠠᠵᠠᠷ ᠵᠡᠷᠭᠡ ᠤᠯᠤᠰ ᠠᠴᠠ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠭᠡ ᠶᠢ ᠰᠢᠯᠵᠢᠭᠦᠯᠦᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠭᠠᠵᠠᠷ ᠰᠢᠷᠣᠶ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠶᠢ ᠬᠢᠨᠠᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠡᠷᠬᠡ ᠮᠡᠳᠡᠯ ᠶᠣᠰᠣᠭᠠᠷ ᠬᠠᠷᠢᠭᠤᠴᠠᠨ᠎ᠠ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠵᠡᠷᠭᠡ ᠬᠡᠷᠡᠭᠯᠡᠯᠲᠡ ᠶᠢᠨ ᠵᠠᠬᠢᠷᠤᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃      ︵ᠠᠷᠪᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠭᠠᠵᠠᠷ᠃ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠢ ᠶᠢ ᠵᠠᠰᠠᠨ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠭᠤᠷᠬᠠᠢ ᠶᠢᠨ ᠦᠢᠯᠡᠰ ᠤᠨ ᠦᠢᠯᠡᠳᠦᠭᠳᠡᠯ  ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠷᠣᠨ ᠨᠤᠲᠤᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠵᠢᠯᠣᠭᠤᠳᠤᠨ᠎ᠠ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠲᠠᠷᠢᠶᠠᠨ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠭᠠᠵᠠᠷ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠨ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ᠂ ᠡᠵᠡᠯᠡᠨ ᠬᠡᠷᠡᠭᠯᠡᠬᠦ ᠪᠠ ᠨᠥᠬᠦᠵᠦ ᠬᠤᠪᠢᠶᠠᠷᠢᠯᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠣᠶᠢᠲᠤ ᠭᠠᠵᠠᠷ᠂ ᠡᠪᠡᠰᠦ ᠪᠡᠯᠴᠢᠭᠡᠷ᠂ ᠨᠤᠭᠤ ᠭᠠᠵᠠᠷ ᠵᠡᠷᠭᠡ ᠭᠠᠵᠠᠷ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠬᠠᠷᠢᠭᠤᠴᠠᠨ᠎ᠠ᠃      ︵ᠠᠷᠪᠠᠨ ᠬᠤᠶᠠᠷ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠢ ᠬᠠᠮᠢᠶᠠᠷᠴᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠤ ᠱᠠᠲᠤᠨ  ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠴᠤ᠂ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ  ᠤ ᠪᠠᠶᠢᠴᠠᠭᠠᠯᠲᠠ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠭᠠᠵᠠᠷ ᠰᠢᠨᠵᠢᠯᠡᠭᠡᠨ ᠤ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠡᠭᠦᠷᠭᠡᠯᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠠᠴᠠ ᠭᠠᠵᠠᠷ ᠬᠤᠲᠣᠶᠢᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃      ︵ᠠᠷᠪᠠᠨ ᠭᠤᠷᠪᠠ︶ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠪᠦᠬᠦᠢ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠬᠦ ᠵᠢᠴᠢ ᠬᠢᠨᠠᠨ ᠵᠥᠪᠰᠢᠶᠡᠷᠡᠵᠦ ᠳᠠᠩᠰᠠᠯᠠᠬᠤ ᠶᠢ ᠬᠠᠮᠢᠶᠠᠷᠤᠨ᠎ᠠ᠃ ᠪᠥᠬᠦ ᠣᠷᠣᠨ ᠤ ᠠᠭᠤᠷᠬᠠᠶ ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠶᠢ ᠬᠢᠨᠠᠨ ᠵᠥᠪᠰᠢᠶᠡᠷᠡᠵᠦ ᠳᠠᠩᠰᠠᠯᠠᠬᠤ ᠶᠢ ᠵᠢᠯᠣᠭᠤᠳᠴᠤ᠂ ᠴᠢᠬᠤᠯᠠ ᠶᠡᠭᠡ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠨ᠎ᠡ᠃ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠᠭᠠᠢ ᠬᠦᠳᠡᠷ ᠤᠨ ᠲᠥᠷᠥᠯ᠂ ᠳᠠᠪᠠᠭᠤᠯᠢᠭ ᠠᠭᠤᠷᠬᠠᠶ  ᠶᠢᠨ ᠭᠠᠷᠤᠯᠲᠠ ᠶᠢ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃      ︵ᠠᠷᠪᠠᠨ ᠳᠥᠷᠪᠡ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠭᠠᠵᠠᠷ᠃ ᠪᠦᠬᠦ ᠣᠷᠣᠨ ᠤ ᠠᠭᠤᠷᠬᠠᠶ  ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ ᠬᠡᠷᠡᠭᠵᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ᠂ ᠳᠠᠩᠰᠠᠯᠠᠬᠤ᠂ ᠲᠡᠮᠳᠡᠭᠯᠡᠬᠦ᠂ ᠪᠦᠷᠢᠳᠬᠡᠬᠦ ᠪᠠ ᠮᠡᠳᠡᠭᠡ ᠵᠠᠩᠭᠢ ᠨᠡᠶᠢᠲᠡᠯᠡᠬᠦ ᠵᠢᠴᠢ ᠳᠠᠷᠤᠭᠳᠠᠮᠠᠯ ᠠᠭᠤᠷᠬᠠᠶ ᠶᠢᠨ ᠭᠠᠷᠤᠯᠲᠠ  ᠶᠢᠨ ᠡᠬᠢ ᠪᠠᠶᠠᠯᠢᠭ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠭᠤᠷᠬᠠᠶ ᠶᠢᠨ ᠬᠠᠳᠠᠭᠠᠯᠠᠭᠳᠠᠴᠠ ᠶᠢᠨ ᠬᠥᠳᠡᠯᠦᠩᠭᠦᠶ ᠬᠠᠮᠢᠶᠠᠷᠤᠯᠲᠠ ᠶᠢ ᠵᠢᠯᠣᠭᠤᠳᠤᠨ᠎ᠠ᠃ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠡᠮᠬᠢᠳᠬᠡᠨ ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠳᠤ ᠬᠢᠨᠠᠯᠲᠠ ᠲᠠᠯᠪᠢᠵᠤ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠵᠡᠷᠭᠡ ᠭᠠᠵᠠᠷ ᠰᠢᠨᠵᠢᠯᠡᠭᠡᠨ ᠤ ᠦᠯᠡᠳᠡᠭᠳᠡᠯ ᠳᠤ ᠬᠢᠨᠠᠯᠲᠠ ᠲᠠᠯᠪᠢᠨ ᠬᠠᠮᠢᠶᠠᠷᠤᠨ᠎ᠠ᠃      ︵ᠠᠷᠪᠠᠨ ᠲᠠᠪᠤ︶ ᠬᠡᠮᠵᠢᠨ ᠵᠢᠷᠤᠬᠤ ᠭᠠᠵᠠᠷ᠃ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ  ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠦᠨ᠎ᠡ᠃ ᠬᠡᠮᠵᠢᠨ ᠵᠢᠷᠤᠬᠤ ᠠᠵᠢᠯᠯᠠᠭ᠎ᠠ᠂ ᠶᠠᠰᠤ ᠴᠢᠨᠠᠷ᠂ ᠠᠷᠠᠳ ᠤᠨ ᠬᠡᠷᠡᠭᠴᠡᠭᠡᠨ ᠤ ᠬᠡᠮᠵᠢᠨ ᠵᠢᠷᠤᠬᠤ ᠠᠭᠠᠷ ᠠᠶᠠᠯᠠᠯ ᠤᠨ ᠭᠡᠷᠡᠯ ᠵᠢᠷᠤᠭ ᠠᠪᠬᠤ ᠠᠵᠢᠯ ᠪᠣᠯᠤᠨ ᠳᠠᠭᠠᠭᠤᠯᠢ ᠤᠳᠦᠠ ᠤ ᠠᠯᠤᠰ ᠰᠡᠷᠡᠯ᠂ ᠬᠡᠮᠵᠢᠨ ᠵᠢᠷᠤᠬᠤ ᠬᠢᠷᠢ ᠬᠡᠮ ᠢ ᠬᠠᠮᠢᠶᠠᠷᠬᠤ ᠠᠵᠢᠯ ᠢ ᠬᠢᠨᠠᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠰᠠᠭᠤᠷᠢ ᠪᠠᠷᠢᠮᠵᠢᠶ᠎ᠠ᠂ ᠬᠡᠮᠵᠢᠨ ᠵᠢᠷᠤᠬᠤ ᠰᠢᠰᠲ᠋ᠧᠮ ᠢ ᠪᠠᠶᠢᠭᠤᠯᠤᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠵᠢᠴᠢ ᠴᠢᠬᠤᠯᠠ ᠶᠡᠭᠡ ᠲᠥᠷᠥᠯ ᠵᠦᠶᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠵᠦᠢ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠤᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠭᠠᠵᠠᠷ ᠤᠨ ᠵᠢᠷᠤᠭ ᠤᠨ ᠬᠠᠮᠢᠶᠠᠷᠤᠯᠲᠠ ᠪᠣᠯᠣᠨ ᠬᠡᠮᠵᠢᠨ ᠵᠢᠷᠤᠭᠯᠠᠭᠰᠠᠨ ᠪᠡᠯᠭᠡ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠴᠢᠬᠤᠯᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠭᠠᠵᠠᠷ ᠵᠦᠢ  ᠶᠢᠨ ᠮᠡᠳᠡᠭᠡ ᠵᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠬᠠᠩᠭᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡ  ᠶᠢ ᠵᠢᠯᠣᠭᠤᠳᠴᠤ ᠬᠢᠨᠠᠯᠲᠠ ᠲᠠᠯᠪᠢᠨ᠎ᠠ᠃      ︵ᠠᠷᠪᠠᠨ ᠵᠢᠷᠭᠤᠭ᠎ᠠ︶ ᠬᠠᠤᠯᠢ ᠬᠡᠷᠡᠭᠵᠢᠭᠦᠯᠬᠦ ᠲᠣᠪᠴᠢᠶ᠎ᠠ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶ ᠰᠢᠮᠳᠠᠭᠤᠯᠤᠨ ᠪᠠᠶᠢᠴᠠᠭᠠᠬᠤ ᠠᠯᠪᠠᠨ ᠬᠡᠷ︶᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠴᠢᠬᠤᠯᠠ ᠶᠡᠭᠡ ᠣᠷᠣᠨ ᠵᠠᠶ ᠶᠢᠨ ᠲᠥᠯᠥᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠪᠦᠬᠦ ᠣᠷᠣᠨ ᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠶᠢ ᠵᠣᠬᠢᠴᠠᠭᠤᠯᠤᠨ ᠰᠢᠶᠳᠪᠦᠷᠢᠯᠡᠨ᠎ᠡ᠃ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ  ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠦᠷᠢᠮ ᠢ ᠲᠤᠭᠤᠷᠪᠢᠨ ᠲᠣᠭᠲᠠᠭᠠᠨ᠎ᠠ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠲᠠᠢ ᠬᠠᠮᠵᠢᠯᠴᠠᠨ ᠠᠵᠢᠯ ᠢᠶᠠᠨ ᠥᠷᠨᠢᠭᠦᠯᠦᠨ᠎ᠡ᠃      ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠡᠳᠡᠭᠡ ᠵᠠᠩᠭᠢ ᠶᠢᠨ ᠭᠠᠵᠠᠷ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠵᠢᠷᠤᠮᠵᠢᠯ ᠢ ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ᠂ ᠲᠥᠷᠥᠯ ᠵᠦᠶᠯ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠡᠭᠦᠷᠭᠡᠯᠡᠵᠦ᠂ ᠳᠠᠭᠠᠭᠤᠯᠢ ᠤᠳᠤᠨ ᠤ ᠠᠯᠤᠰ ᠰᠡᠷᠡᠯ ᠵᠡᠷᠭᠡ ᠳᠡᠭᠡᠳᠦ ᠰᠢᠨ᠎ᠡ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠯᠧᠺᠲᠷᠣᠨ ᠵᠠᠰᠠᠭ ᠤᠨ ᠶᠠᠪᠤᠳᠠᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠠᠶᠮᠠ︶ ᠡᠳ᠋ ᠤᠨ ᠶᠠᠪᠤᠳᠠᠯ ᠬᠢᠭᠡᠳ ᠪᠡᠯᠡ ᠮᠥᠩᠭᠦ ᠶᠢᠨ ᠬᠡᠷᠡᠭᠯᠡᠯᠲᠡ ᠶᠢᠨ ᠭᠠᠵᠠᠷ᠃ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠶ ᠵᠦᠢᠯ ᠤᠨ ᠣᠷᠣᠯᠭ᠎ᠠ ᠶᠢ ᠬᠤᠷᠢᠶᠠᠵᠤ ᠲᠤᠰᠢᠶᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠠᠰᠢᠭ ᠣᠯᠵᠠᠪᠤᠷᠢ ᠶᠢ ᠬᠤᠪᠢᠶᠠᠷᠢᠯᠠᠬᠤ ᠵᠡᠷᠭᠡ ᠬᠤᠯᠪᠣᠭᠳᠠᠯ ᠪᠦᠬᠦᠢ ᠡᠳ᠋ ᠤᠨ ᠶᠠᠪᠤᠳᠠᠯ ᠤᠨ ᠳᠦᠷᠢᠮ ᠢ ᠲᠣᠭᠲᠠᠭᠠᠵᠤ᠂ ᠲᠤᠰᠬᠠᠶ ᠪᠡᠯᠡ ᠮᠥᠩᠭᠦ᠂ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠶᠴᠡᠳᠬᠡᠯ᠂ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ᠂ ᠳᠣᠲᠣᠭᠠᠳᠤ ᠶᠢᠨ ᠬᠢᠨᠠᠨ ᠪᠣᠳᠣᠬᠤ᠂ ᠤᠯᠤᠰ  ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠰᠬᠠᠶ ᠵᠦᠶᠯ ᠤᠨ ᠣᠷᠣᠯᠭ᠎ᠠ ᠶᠢ ᠬᠤᠷᠢᠶᠠᠵᠤ ᠲᠤᠰᠢᠶᠠᠬᠤ ᠠᠵᠢᠯ ᠢ ᠵᠢᠯᠣᠭᠤᠳᠤᠨ᠎ᠠ᠃      ︵ᠠᠷᠪᠠ ᠶᠢᠰᠦ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ ᠪᠣᠯᠤᠨ ᠬᠥᠮᠦᠵᠢᠯ ᠪᠣᠯᠪᠠᠰᠤᠷᠠᠯ ᠤᠨ ᠠᠵᠢᠯ ᠢ ᠡᠭᠦᠷᠭᠡᠯᠡᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃      ︵ᠬᠤᠷᠢ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠬᠤᠷᠢᠨ ᠨᠢᠭᠡ︶ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠃ ᠠᠵᠢᠯ ᠠᠴᠠ ᠳᠠᠷᠬᠠᠯᠠᠭᠳᠠᠵᠤ ᠠᠮᠠᠷᠠᠭᠰᠠᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ 11 ᠳ᠋ᠦ᠋ᠭᠡᠷ ᠲᠣᠭᠠᠲᠤ      ᠰᠢᠦᠳᠠᠨ ᠳ᠋ᠤᠭᠠᠷ᠄ 010010      ᠠᠵᠢᠯᠯᠠᠬᠤ ᠴᠠᠭ᠄ 9᠄ 00-12᠄ 00    14᠄ 00-17᠄ 30      ᠤᠲᠠᠰᠤ᠄ 0471 - 4215911      ᠬᠠᠷᠢᠭᠤᠴᠠᠯᠭᠠᠲᠠᠨ᠄ ᠰᠦᠢ ᠸᠧᠢ ᠵᠢᠶᠦ᠋ᠨ            ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠷᠢᠶ᠎ᠠ ᠬᠤᠶᠠᠳᠤᠭᠠᠷ ᠳᠡᠰ ᠤᠨ ᠨᠢᠭᠡᠴᠢ ᠵᠢᠴᠢ ᠬᠠᠷᠢᠭᠤᠴᠠᠯᠭᠠᠲᠠᠨ      ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠡᠷᠦᠩᠬᠡᠶ ᠠᠩᠭᠢ᠃      ᠬᠠᠷᠢᠭᠤᠴᠠᠯᠭᠠᠲᠠᠨ᠄ ᠵᠣᠣ ᠬᠤᠩ ᠹᠧᠩ᠂ ᠶᠠᠩ ᠵᠥᠩ ᠰᠢ      ︵ᠬᠤᠶᠠᠷ︶ ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠭᠠᠵᠠᠷ ᠰᠢᠨᠵᠢᠯᠡᠭᠡᠨ ᠤ ᠠᠭᠤᠷᠬᠠᠶ ᠶᠢᠨ ᠦᠶᠯᠡᠰ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠭᠤᠴᠠᠯᠭᠠᠲᠠᠨ᠄ ᠯᠢ ᠵᠦᠩ ᠵᠢᠶᠦ᠋ᠨ      ︵ᠭᠤᠷᠪᠠ︶ ᠥᠪᠥᠷ ᠮᠣᠩᠭᠤᠯ ᠤᠨ ᠨᠡᠭᠦᠷᠡᠰᠦᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠭᠤᠴᠠᠯᠭᠠᠲᠠᠨ᠄ ᠬᠤᠤ ᠱᠧᠩ ᠹᠠ      ︵ᠳᠥᠷᠪᠡ︶ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠭᠤᠴᠠᠯᠭᠠᠲᠠᠨ᠄ ᠴᠧᠨ ᠸᠧᠶ᠂ ᠬᠤ᠋ ᠽᠢ ᠴᠢᠨ      ︵ᠲᠠᠪᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠴᠡᠭᠴᠡᠯᠡᠨ ᠵᠠᠰᠠᠬᠤ ᠲᠥᠪ      ᠬᠠᠷᠢᠭᠤᠴᠠᠯᠭᠠᠲᠠᠨ᠄ ᠶᠠᠨ ᠰᠢᠤᠢ ᠳ᠋ᠦᠩ      ︵ᠵᠢᠷᠭᠤᠭ᠎ᠠ︶ ᠥᠪᠥᠷ ᠮᠣᠩᠭᠤᠯ ᠤᠨ ᠠᠭᠤᠷᠬᠠᠶ ᠶᠢᠨ ᠦᠶᠯᠡᠰ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠭᠤᠴᠠᠯᠭᠠᠲᠠᠨ᠄ ᠮᠠ ᠯᠢᠨ᠂ ᠰᠦᠷᠯᠢᠭ      ︵ᠳᠣᠯᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠣᠪᠴᠢᠶ᠎ᠠ      ᠬᠠᠷᠢᠭᠤᠴᠠᠯᠭᠠᠲᠠᠨ᠄ ᠵᠠᠩ ᠷᠦᠢ ᠰᠢᠨ      ︵ᠨᠠᠶᠮᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠬᠦᠷᠢᠶᠡᠯᠡᠩ      ᠬᠠᠷᠢᠭᠤᠴᠠᠯᠭᠠᠲᠠᠨ᠄ ᠰᠦᠩ ᠬᠤᠸᠠ      ︵ᠶᠢᠰᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ      ᠬᠠᠷᠢᠭᠤᠴᠠᠯᠭᠠᠲᠠᠨ᠄ ᠰᠢᠤᠢ ᠶᠢᠨ ᠼᠠᠢ      ︵ᠠᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠬᠤ ᠦᠶᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠥᠷᠲᠡᠭᠡ      ᠬᠠᠷᠢᠭᠤᠴᠠᠯᠭᠠᠲᠠᠨ᠄ ᠵᠠᠩ ᠭᠤᠸᠠᠩ ᠵᠢᠶᠦ᠋ᠨ      ︵ᠠᠷᠪᠠᠨ ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠ ᠤᠯᠤᠰ ᠤᠨ ᠭᠠᠵᠠᠷ ᠰᠢᠷᠣᠶ ᠤ ᠡᠬᠢ ᠪᠠᠶᠠᠯᠢᠭ ᠢ ᠨᠥᠭᠡᠴᠡᠯᠡᠵᠦ ᠠᠷᠠᠯᠵᠢᠶᠠᠯᠠᠬᠤ ᠲᠥᠪ      ᠬᠠᠷᠢᠭᠤᠴᠠᠯᠭᠠᠲᠠᠨ᠄ ᠵᠠᠩ ᠮᠢᠩ      ︵ᠠᠷᠪᠠᠨ ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠥᠪ      ᠬᠠᠷᠢᠭᠤᠴᠠᠯᠭᠠᠲᠠᠨ᠄ ᠴᠧᠨ ᡁᠢ ᠶᠦᠩ      ︵ᠠᠷᠪᠠᠨ ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠦᠷᠢᠶᠡᠯᠡᠩ      ᠬᠠᠷᠢᠭᠤᠴᠠᠯᠭᠠᠲᠠᠨ᠄ ᠶᠠᠩ ᠸᠧᠨ ᠬᠠᠢ      ︵ᠠᠷᠪᠠᠨ ᠳᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠪᠠᠶᠢᠭᠤᠯᠭ᠎ᠠ ᠶᠢᠨ ᠶᠠᠪᠤᠳᠠᠯ  ᠤᠨ ᠦᠶᠯᠡᠴᠢᠯᠡᠭᠡᠨ ᠤ ᠲᠥᠪ      ᠬᠠᠷᠢᠭᠤᠴᠠᠯᠭᠠᠲᠠᠨ᠄ ᠪᠣᠣ ᠢᠦᠢ ᠱᠠᠨ      ︵ᠠᠷᠪᠠᠨ ᠲᠠᠪᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠢᠨᠠᠨ ᠬᠡᠮᠵᠢᠬᠦ ᠬᠦᠷᠢᠶᠡᠯᠡᠩ      ᠬᠠᠷᠢᠭᠤᠴᠠᠯᠭᠠᠲᠠᠨ᠄ ᠸᠧᠨ ᠠᠢ ᠱᠤ᠋᠂ ᠣᠨᠣᠨ      ︵ᠠᠷᠪᠠᠨ ᠵᠢᠷᠭᠤᠭ᠎ᠠ︶ ᠥᠪᠥᠷ ᠮᠣᠩᠭᠤᠯ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠬᠤᠳᠠᠯᠳᠤᠨ ᠠᠪᠴᠤ ᠬᠠᠳᠠᠭᠠᠯᠠᠬᠤ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ      ᠬᠠᠷᠢᠭᠤᠴᠠᠯᠭᠠᠲᠠᠨ᠄ ᠰᠦ᠋ ᠷᠦᠢ      ︵ᠠᠷᠪᠠᠨ ᠳᠣᠯᠤᠭ᠎ᠠ︶ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ      ᠬᠠᠷᠢᠭᠤᠴᠠᠯᠭᠠᠲᠠᠨ᠄ ᠸᠠᠩ ᠵᠢᠶᠦ᠋ᠨ ᠶᠢᠦ      ︵ᠠᠷᠪᠠᠨ ᠨᠠᠶᠮᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠦᠨᠡᠯᠡᠨ ᠵᠢᠱᠢᠬᠦ ᠬᠠᠮᠢᠶᠠᠷᠤᠯᠲᠠ ᠶᠢᠨ ᠲᠥᠪ      ᠬᠠᠷᠢᠭᠤᠴᠠᠯᠭᠠᠲᠠᠨ᠄ ᠸᠠᠩ ᠸᠧᠨ ᠰᠢᠶᠠᠩ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ