ᠷᠠᠳᠢᠣ᠋ ᠲᠧᠯᠸᠢᠰ ᠤᠨ ᠲᠣᠪᠴᠢᠶ᠎ᠠ
ᠨᠡᠶᠢᠲᠡᠯᠡᠭᠰᠡᠨ ᠴᠠᠭ᠄
2015/4/2

     ︽﹇ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠳᠠ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹈ ᠢ ᠳᠠᠷᠤᠮᠠᠯᠯᠠᠨ ᠳᠠᠷᠬᠠᠭᠠᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠦᠰᠦᠭ ﹇2014﹈ 23 ᠳ᠋ᠤᠭᠠᠷ ᠲᠣᠭᠠᠲᠤ︶ ᠪᠠ ᠥᠪᠥᠷ ᠨᠠᠮ ᠲᠠᠷᠬᠠᠭᠠᠭᠰᠠᠨ ﹇2014﹈ 8 ᠳ᠋ᠤᠭᠠᠷ ᠲᠣᠭᠠᠲᠤ ᠮᠠᠲ᠋ᠧᠷᠢᠶᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠣᠪᠴᠢᠶ᠎ᠡ ᠶᠢᠨ ᠫᠠᠶᠢᠰᠠ ᠶᠢ ᠨᠡᠮᠡᠵᠦ ᠡᠯᠭᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠡ ᠪᠠᠶᠢᠭᠤᠯᠤᠮᠵᠢ ᠪᠣᠯᠭᠠᠪᠠ᠃
     ᠨᠢᠭᠡ᠂ ᠡᠭᠦᠷᠭᠡ ᠴᠢᠳᠠᠪᠤᠷᠢ ᠶᠢᠨ ᠬᠤᠪᠢᠷᠠᠭᠤᠯᠤᠯᠳᠠ      
     ︵ᠨᠢᠭᠡ︶ ᠬᠦᠴᠦᠨ ᠦᠭᠡᠢ ᠪᠣᠯᠭᠠᠬᠤ ᠡᠭᠦᠷᠭᠡ ᠬᠠᠷᠢᠭᠤᠴᠠᠯᠭ᠎ᠠ
     1. ᠬᠡᠪᠯᠡᠭᠳᠡᠭᠦᠨ ᠤ ᠪᠥᠬᠦ ᠤᠯᠤᠰ ᠤᠨ ᠬᠤᠯᠪᠤᠭᠠᠲᠤ ᠡᠵᠡᠩᠨᠡᠯᠲᠡ ᠶᠢᠨ ᠨᠢᠭᠡᠴᠡ ᠪᠠᠶᠢᠭᠤᠯᠬᠤ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃        
     2. ᠬᠡᠪᠯᠡᠭᠳᠡᠭᠦᠨ ᠤ ᠪᠥᠬᠦ ᠤᠯᠤᠰ ᠤᠨ ᠬᠤᠯᠪᠤᠭᠠᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠠᠶᠢᠭ᠎ᠠ  ᠨᠢᠭᠡᠴᠡ ᠶᠢᠨ ︽ᠬᠡᠪᠯᠡᠭᠳᠡᠭᠦᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠤᠨ ᠪᠦᠷᠢᠳᠭᠡᠯ ᠢ ᠬᠤᠪᠢᠷᠠᠭᠤᠯᠬᠤ ᠶᠠᠪᠤᠳᠠᠯ᠂ ᠡᠰᠡᠭᠦᠯ᠎ᠡ ᠨᠢᠭᠡᠳᠬᠡᠬᠦ᠂ ᠨᠡᠶᠢᠯᠡᠭᠦᠯᠬᠦ᠂ ᠰᠠᠯᠭᠠᠬᠤ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃
     3. ᠬᠡᠪᠯᠡᠭᠳᠡᠭᠦᠨ ᠤ ᠶᠡᠷᠦᠩᠬᠡᠢ ᠲᠠᠷᠬᠠᠯᠳᠠ ᠶᠢᠨ ᠨᠢᠭᠡᠴᠡ ᠶᠢ ᠬᠢᠨᠠᠨ ᠬᠠᠷᠭᠤᠭᠤᠯᠬᠤ ᠵᠢᠴᠢ ᠲᠠᠷᠬᠠᠯᠳᠠ ᠶᠢᠨ ᠲᠤᠬᠠᠶᠢᠯᠠᠭᠰᠠᠨ ᠠᠵᠢᠯ ᠡᠷᠬᠢᠯᠡᠬᠦ ᠬᠤᠪᠢᠶᠠᠷᠢ ᠪᠠᠶᠢᠭᠤᠯᠤᠮᠵᠢ ᠪᠠᠶᠢᠭᠤᠯᠬᠤ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃
     4. ᠬᠤᠭᠤᠴᠠᠭᠠᠲᠤ ᠰᠡᠳᠬᠦᠯ ᠢ ᠬᠤᠪᠢᠷᠠᠭᠤᠯᠤᠨ ᠪᠦᠷᠢᠳᠭᠡᠯᠬᠡᠬᠦ ᠭᠠᠵᠠᠷ ᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃
     5. ᠰᠣᠨᠢᠨ᠂ ᠬᠤᠭᠤᠴᠠᠭᠠᠲᠤ ᠰᠡᠳᠭᠦᠯ ᠤᠨ ᠶᠡᠷᠦᠩᠬᠡᠢ ᠶᠠᠰᠤ ᠴᠢᠨᠠᠷ ᠤᠨ ᠦᠨᠡᠯᠡᠯᠲᠡ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠵᠤ᠂ ᠲᠤᠰ ᠠᠵᠢᠯ ᠢ ᠥᠪᠡᠷᠲᠡᠭᠡᠨ ᠵᠠᠰᠠᠬᠤ ᠣᠷᠣᠨ ᠤ ᠰᠣᠨᠢᠨ ᠰᠡᠳᠬᠦᠯ ᠤᠨ ᠦᠢᠯᠡᠰ ᠤᠨ ᠨᠡᠶᠢᠭᠡᠮᠯᠢᠭ ᠪᠠ ᠬᠤᠭᠤᠴᠠᠭᠠᠲᠤ ᠰᠡᠳᠬᠦᠯ ᠤᠨ ᠨᠡᠶᠢᠭᠡᠮᠯᠢᠭ ᠡᠭᠦᠷᠭᠡᠯᠡᠨ᠎ᠡ᠃
     6. ᠨᠣᠮ ᠬᠡᠪᠯᠡᠯ ᠤᠨ ᠨᠢᠭᠡᠴᠡ ᠶᠢᠨ ᠵᠡᠷᠭᠡ ᠳᠡᠰ ᠤᠨ ᠦᠨᠡᠯᠡᠯᠲᠡ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠵᠤ᠂ ᠲᠤᠰ ᠠᠵᠢᠯ ᠢ ᠨᠢ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠨᠡᠶᠢᠭᠡᠮᠯᠢᠭ ᠡᠭᠦᠷᠭᠡᠯᠡᠨ᠎ᠡ᠃
     7. ᠵᠦᠪᠬᠡᠨ ᠤᠩᠰᠢᠬᠤ ᠲᠥᠷᠥᠯ ᠤᠨ ᠯᠠᠶᠢᠰᠧᠷ ᠫᠠᠨᠰᠠ ᠶᠢ ᠦᠢᠯᠡᠳᠪᠦᠷᠢᠯᠡᠬᠦ ᠲᠥᠬᠦᠭᠡᠷᠦᠮᠵᠢ ᠶᠢ ᠲᠠᠲᠠᠨ ᠣᠷᠤᠭᠤᠯᠬᠤ᠂ ᠨᠡᠮᠡᠭᠳᠡᠭᠦᠯᠬᠦ ᠪᠣᠯᠣᠨ ᠰᠢᠨᠡᠳᠬᠡᠬᠦ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ᠃
     8. ᠬᠤᠭᠤᠴᠠᠭᠠᠲᠤ ᠰᠡᠳᠬᠦᠯ ᠤᠨ ᠨᠡᠮᠡᠯᠲᠡ ᠰᠡᠳᠬᠦᠯ ᠬᠡᠪᠯᠡᠬᠦ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ  ᠬᠦᠴᠦᠨ ᠦᠭᠡᠢ ᠪᠣᠯᠭᠠᠨ᠎ᠠ᠃
     9. ᠪᠠᠶᠢᠭᠤᠯᠤᠮᠵᠢ ᠶᠢᠨ ᠥᠭᠡᠷᠡᠴᠢᠯᠡᠯᠲᠡ ᠪᠠ ᠡᠭᠦᠷᠭᠡ ᠴᠢᠳᠠᠪᠤᠷᠢ ᠶᠢᠨ ᠬᠤᠪᠢᠷᠠᠭᠤᠯᠤᠯᠳᠠ ᠶᠢᠨ ᠱᠠᠭᠠᠷᠳᠠᠯᠭ᠎ᠠ ᠶᠢ ᠦᠨᠳᠦᠰᠦᠯᠡᠨ ᠬᠦᠴᠦᠨ ᠦᠭᠡᠢ ᠪᠣᠯᠭᠠᠬᠤ ᠴᠢᠬᠤᠯᠡ ᠲᠠᠢ ᠪᠣᠰᠤᠳ ᠡᠭᠦᠷᠬᠡ ᠬᠠᠷᠢᠭᠤᠴᠠᠯᠭ᠎ᠠ᠃
     ︵ᠬᠤᠶᠡᠷ︶ ᠳᠣᠷᠣᠭᠰᠢ ᠪᠠᠭᠤᠯᠭᠠᠬᠤ ᠡᠭᠦᠷᠬᠡ ᠬᠠᠷᠢᠭᠤᠴᠠᠯᠭ᠎ᠠ
     1. ᠪᠤᠭᠤᠳᠠᠯᠯᠠᠬᠤ ᠴᠢᠮᠡᠭᠯᠡᠬᠦ ᠬᠡᠪᠯᠡᠭᠳᠡᠭᠦᠨ ᠪᠠ ᠪᠣᠰᠤᠳ ᠬᠡᠪᠯᠡᠭᠳᠡᠬᠦᠨ ᠤ ᠬᠡᠪᠯᠡᠯ ᠤᠨ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠬᠦ ᠠᠵᠤ ᠠᠬᠤᠶᠢᠯᠠᠯ ᠪᠠᠶᠢᠭᠤᠯᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ ᠶᠢ ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠪᠠᠭᠤᠯᠭᠠᠵᠦ ᠦᠭᠬᠦᠨ᠎ᠠ᠃      
     2. ᠳᠠᠭᠠᠭᠤᠯᠢ ᠣᠳᠣᠨ ᠤ ᠬᠦᠯᠢᠶᠡᠨ ᠠᠪᠬᠤ ᠪᠡᠯᠡᠳᠬᠡᠮᠵᠢ ᠶᠢ ᠲᠣᠬᠢᠷᠠᠭᠤᠯᠤᠨ ᠬᠢᠯᠢ ᠶᠢᠨ ᠳᠣᠲᠣᠨ᠎ᠠ ᠭᠠᠳᠠᠨᠠᠬᠢ ᠳᠠᠭᠠᠭᠤᠯᠢ ᠣᠳᠣᠨ ᠤ ᠫᠷᠤᠭ᠍ᠷᠠᠮ ᠢ ᠬᠦᠯᠢᠶᠡᠨ ᠠᠪᠬᠤ ᠶᠢ ᠬᠢᠨᠠᠨ ᠵᠦᠪᠰᠢᠶᠡᠷᠡᠬᠦ  ᠡᠭᠦᠷᠬᠡ ᠬᠠᠷᠢᠭᠤᠴᠠᠯᠭ᠎ᠠ ᠶᠢ ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ  ᠪᠠᠭᠤᠯᠭᠠᠵᠦ ᠦᠭᠬᠦᠨ᠎ᠡ᠃      
     3. ᠰᠢᠶᠠᠩ ᠪᠠᠯᠭᠠᠰᠤᠨ ᠤ ᠷᠠᠳᠢᠣ᠋ ᠲᠧᠯᠸᠢᠰ ᠤᠨ ᠥᠷᠲᠡᠭᠡ ᠪᠠᠶᠢᠭᠤᠯᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ ᠶᠢ ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠪᠠᠭᠤᠯᠭᠠᠵᠦ ᠦᠭᠬᠦᠨ᠎ᠡ᠃      
     4. ᠬᠤᠲᠠ ᠶᠢᠨ ᠨᠡᠶᠢᠭᠡᠮ ᠲᠤᠭᠤᠷᠢᠭ ᠤᠨ ᠤᠲᠠᠰᠤᠲᠤ ᠲᠧᠯᠸᠢᠰ ᠤᠨ ᠰᠢᠰᠲ᠋ᠧᠮ ᠪᠠᠶᠢᠭᠤᠯᠬᠤ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠬᠤᠰᠢᠭᠤ ᠰᠢᠶᠠᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ  ᠪᠠᠭᠤᠯᠭᠠᠵᠦ ᠦᠭᠬᠦᠨ᠎ᠡ᠃        
     5. ᠺᠢᠨᠤ᠋ ᠭᠠᠷᠭᠠᠬᠤ ᠨᠢᠭᠡᠴᠡ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ ᠬᠤᠪᠢᠷᠠᠭᠠᠬᠤ ᠪᠣᠶᠤ ᠨᠢᠭᠡᠳᠬᠡᠬᠦ᠂ ᠨᠡᠶᠢᠯᠡᠭᠦᠯᠬᠦ᠂ ᠰᠠᠯᠭᠠᠬᠤ   ᠶᠢ  ᠬᠢᠨᠠᠨ ᠵᠦᠪᠰᠢᠶᠡᠷᠡᠬᠦ  ᠡᠭᠦᠷᠭᠡ  ᠬᠠᠷᠢᠭᠤᠴᠠᠯᠭ᠎ᠠ  ᠶᠢ  ᠬᠤᠰᠢᠭᠤ  ᠰᠢᠶᠠᠨ   ᠤ ᠷᠠᠳᠢᠣ᠋  ᠺᠢᠨᠣ᠋  ᠲᠧᠯᠸᠢᠰ   ᠤᠨ  ᠵᠠᠰᠠᠭ  ᠵᠠᠬᠢᠷᠭᠠᠨ   ᠤ  ᠰᠠᠯᠠᠭ᠎ᠠ  ᠮᠦᠴᠢᠷ ᠲᠤ ᠪᠠᠭᠤᠯᠭᠠᠵᠦ ᠦᠭᠬᠦᠨ᠎ᠡ᠃      
     ︵ᠭᠤᠷᠪᠠ︶ ᠡᠭᠦᠷᠭᠡᠯᠡᠨ ᠠᠪᠬᠤ ᠡᠭᠦᠷᠭᠡ ᠬᠠᠷᠢᠭᠤᠴᠠᠯᠭ᠎ᠠ
     1. ᠳᠠᠭᠤᠤ ᠳᠥᠷᠰᠦ ᠰᠢᠩᠭᠡᠭᠡᠯᠲᠡ ᠬᠠᠭᠤᠯᠬᠤ ᠨᠢᠭᠡᠴᠡ᠂ ᠡᠯᠧᠺᠲᠷᠣᠨ ᠬᠡᠪᠯᠡᠭᠳᠡᠬᠦᠨ ᠬᠠᠭᠤᠯᠬᠤ ᠨᠢᠭᠡᠴᠡ ᠪᠠᠶᠢᠭᠤᠯᠬᠤ ᠵᠢᠴᠢ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ ᠬᠤᠪᠢᠷᠠᠭᠠᠬᠤ ᠪᠣᠶᠤ ᠨᠢᠭᠡᠳᠬᠡᠬᠦ᠂ ᠨᠡᠶᠢᠯᠡᠭᠦᠯᠬᠦ᠂ ᠰᠠᠯᠭᠠᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ᠃
     2. ᠣᠷᠣᠨ ᠨᠤᠲᠤᠭ ᠤᠨ ᠲᠡᠩᠴᠡᠭᠦᠦ ᠰᠣᠯᠢᠯᠴᠠᠭᠠᠨ ᠤ ᠬᠠᠷᠢᠯᠴᠠᠨ ᠭᠦᠢᠴᠡᠳᠬᠡᠬᠦ ᠳᠠᠩ ᠭᠠᠭᠴᠠ ᠤᠯᠤᠰ ᠤᠨ ᠺᠢᠨᠤ᠋ ᠳᠡᠯᠭᠡᠨ ᠦᠵᠡᠭᠦᠯᠬᠦ ᠠᠵᠢᠯᠯᠠᠭ᠎ᠠ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ᠃
     3. ᠭᠠᠳᠠᠭᠠᠳᠤ ᠶᠢᠨ ᠬᠥᠮᠦᠰ ᠤᠳ ᠣᠷᠣᠯᠴᠠᠵᠤ ᠦᠢᠯᠡᠳᠦᠭᠰᠡᠨ ᠤᠯᠤᠰ ᠤᠨ ᠲᠧᠯᠸᠢᠰ ᠵᠥᠴᠦᠭᠡ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ᠃
     4. ᠠᠶᠢᠮᠠᠭ ᠬᠤᠲᠠ᠂ ᠬᠤᠰᠢᠭᠤ ᠰᠢᠶᠠᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠡ᠂ ᠲᠧᠯᠸᠢᠰ ᠬᠤᠷᠢᠶ᠎ᠠ ᠶᠢᠨ ᠲᠡᠮᠳᠡᠭ ᠢᠶᠠᠨ  ᠬᠤᠪᠢᠷᠠᠭᠤᠯᠬᠤ ᠶᠢ ᠬᠢᠨᠠᠨ ᠵᠦᠪᠰᠢᠶᠡᠷᠡᠬᠦ ᠡᠭᠦᠷᠬᠡ ᠬᠠᠷᠢᠭᠤᠴᠠᠯᠭ᠎ᠠ᠃
     5. ᠳᠠᠭᠠᠭᠤᠯᠢ ᠣᠳᠣᠨ ᠤ ᠲᠧᠯᠸᠢᠰ ᠷᠠᠳᠢᠤ᠋ ᠶᠢᠨ ᠭᠠᠵᠠᠷ ᠳᠡᠭᠡᠷ᠎ᠡ ᠬᠦᠯᠢᠶᠡᠨ ᠠᠪᠬᠤ ᠪᠡᠯᠡᠳᠬᠡᠮᠵᠢ ᠲᠣᠬᠢᠷᠠᠭᠤᠯᠬᠤ ᠶᠢ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ᠃
     6. ᠵᠦᠪᠬᠡᠨ ᠤᠩᠰᠢᠬᠤ ᠲᠥᠷᠥᠯ ᠤᠨ ᠯᠠᠶᠢᠰᠧᠷ ᠫᠠᠨᠰᠠ ᠶᠢᠨ ᠲᠥᠬᠦᠭᠡᠷᠦᠮᠵᠢ ᠶᠢ ᠠᠰᠢᠭᠯᠠᠯᠲᠠ ᠳᠤ ᠣᠷᠤᠭᠤᠯᠤᠨ ᠰᠢᠯᠭᠠᠵᠤ ᠠᠪᠬᠤ ᠠᠵᠢᠯ ᠤᠨ ᠡᠭᠦᠷᠬᠡ ᠬᠠᠷᠢᠭᠤᠴᠠᠯᠭ᠎ᠠ᠃
     7. ᠪᠠᠭ᠎ᠠ ᠴᠢᠳᠠᠮᠵᠢᠲᠦ ᠷᠠᠳᠢᠤ᠋ ᠲᠧᠯᠸᠢᠰ ᠤᠨ ᠰᠠᠴᠤᠷᠠᠭᠤᠯᠬᠤ ᠲᠥᠬᠦᠭᠡᠷᠦᠮᠵᠢ ᠶᠢ ᠵᠠᠬᠢᠶᠠᠯᠠᠨ ᠠᠪᠬᠤ ᠭᠡᠷᠡᠴᠢ ᠶᠢ ᠬᠢᠨᠠᠨ ᠤᠯᠭᠤᠬᠤ᠃
     8. ᠺᠢᠨᠣ᠋ ᠦᠢᠯᠡᠳᠬᠦ ᠨᠢᠭᠡᠴᠡ ᠠᠴᠠ ᠭᠠᠳᠠᠨᠠᠬᠢ ᠨᠢᠭᠡᠴᠡ ᠨᠦᠭᠦᠳ ᠪᠡᠶ᠎ᠡ ᠪᠠᠨ ᠳᠠᠭᠠᠭᠠᠨ ᠺᠢᠨᠤ᠋ ᠰᠡᠭᠦᠳᠡᠷᠯᠡᠨ ᠦᠢᠯᠡᠳᠬᠦ ᠲᠤᠬᠠᠶᠢᠯᠠᠭᠰᠠᠨ‌ᠠᠵᠢᠯ ᠢ ᠡᠷᠬᠢᠯᠡᠬᠦ ᠶᠢ ᠬᠢᠨᠠᠨ ᠵᠦᠪᠰᠢᠶᠡᠷᠡᠬᠦ᠃
     9. ᠥᠪᠡᠷᠲᠡᠭᠡᠨ ᠵᠠᠰᠠᠬᠤ ᠣᠷᠣᠨ ᠤ ᠣᠷᠣᠨ ᠤ ᠲᠤᠲᠤᠷ᠎ᠠ ᠷᠠᠳᠢᠤ᠋ ᠲᠧᠯᠸᠢᠰ ᠤᠨ ᠫᠷᠤᠭ᠍ᠷᠠᠮ  ᠤᠨ ᠳᠠᠮᠵᠢᠭᠤᠯᠬᠤ ᠠᠵᠢᠯ ᠢ ᠡᠵᠡᠩᠨᠡᠬᠦ ᠶᠢ ᠬᠢᠨᠠᠨ ᠵᠦᠪᠰᠢᠶᠡᠷᠡᠬᠦ᠃
     10. ᠦᠷᠭᠦᠯᠵᠢᠯᠡᠯ ᠤᠨ ᠴᠢᠨᠠᠷᠲᠠᠢ ᠡᠯᠧᠺᠲᠷᠣᠨ ᠬᠡᠪᠯᠡᠭᠳᠡᠭᠦᠨ ᠤ ᠰᠡᠳᠬᠦᠯ ᠤᠨ ᠬᠤᠭᠤᠴᠠᠭ᠎ᠠ ᠶᠢ ᠥᠭᠡᠷᠡᠴᠢᠯᠡᠬᠦ ᠶᠢ ᠬᠢᠨᠠᠨ ᠵᠦᠪᠰᠢᠶᠡᠷᠡᠬᠦ᠃
     ︵ᠳᠥᠷᠪᠡ︶ ᠴ‍‌ᠵᠩᠭᠠᠤᠠᠬᠠᠬᠤ ᠡᠭᠦᠷᠭᠡ ᠬᠠᠷᠢᠭᠤᠴᠠᠯᠭ᠎ᠠ
     1. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡ ᠴᠣᠭᠴᠠᠴᠢᠯᠠᠭᠰᠠᠨ ᠬᠥᠭᠵᠢᠯᠲᠡ ᠶᠢ ᠬᠦᠴᠦᠯᠡᠨ ᠠᠬᠢᠭᠤᠯᠵᠤ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃
     2. ᠴᠥᠬᠡᠨ ᠲᠣᠭᠠᠲᠤ ᠦᠨᠳᠦᠰᠦᠲᠡᠨ ᠤ ᠦᠬᠡ ᠬᠡᠯᠡᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠢᠯ ᠢ ᠲᠥᠯᠥᠪᠵᠢᠭᠦᠯᠦᠨ ᠬᠥᠭᠵᠢᠭᠦᠯᠬᠦ ᠶᠢ ᠴᠢᠩᠭᠠᠳᠬᠠᠵᠤ᠂ ᠴᠥᠬᠡᠨ ᠲᠣᠭᠠᠲᠤ ᠦᠨᠳᠦᠰᠦᠲᠡᠨ ᠤ ᠦᠬᠡ ᠬᠡᠯᠡᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃
     3. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠶᠢ ᠵᠢᠯᠤᠭᠤᠳᠬᠤ᠂  ᠵᠤᠬᠢᠴᠠᠭᠤᠯᠬᠤ ᠠᠬᠢᠭᠤᠯᠬᠤ ᠶᠢ ᠴᠢᠩᠭᠠᠳᠬᠠᠨ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠦᠢᠯᠡᠰ ᠤᠨ ᠪᠠᠶᠢᠳᠠᠯ ᠢ ᠨᠢᠬᠡᠳᠬᠡᠬᠦ ᠪᠠᠨ ᠴᠢᠩᠭᠠᠳᠬᠠᠨ᠂ ᠶᠡᠷᠦᠩᠬᠡᠶᠢᠯᠡᠨ ᠲᠦᠪᠯᠡᠷᠡᠬᠦᠯᠦᠨ ᠬᠦᠭᠵᠢᠭᠦᠯᠬᠦ ᠶᠢ ᠠᠬᠢᠭᠤᠯᠤᠨ᠎ᠠ᠃
     4. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠶᠢ ᠴᠢᠩᠭᠠᠳᠬᠠᠨ᠎ᠠ᠃
     5. ᠡᠯᠧᠺᠲᠷᠣᠨ ᠬᠡᠪᠯᠡᠯ ᠵᠢᠴᠢ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡ᠂ ᠣᠯᠠᠨ ᠨᠡᠶᠢᠲᠡ ᠶᠢᠨ ᠦᠵᠡᠵᠦ ᠰᠣᠨᠣᠰᠬᠤ ᠠᠴᠢᠶᠠᠯᠠᠪᠤᠷᠢ ᠶᠢᠨ ᠨᠡᠪᠳᠡᠷᠡᠭᠦᠯᠬᠦ ᠷᠠᠳᠢᠤ᠋ ᠺᠢᠨᠤ᠋ ᠲᠧᠯᠸᠢᠰ ᠤᠨ ᠫᠷᠤᠭ᠍ᠷᠠᠮ ᠢ ᠲᠦᠯᠦᠪᠵᠢᠭᠦᠯᠦᠨ ᠵᠢᠯᠤᠭᠤᠳᠬᠤ ᠪᠠ ᠬᠢᠨᠠᠯᠲᠠ ᠲᠠᠯᠪᠢᠨ ᠬᠠᠮᠢᠶᠠᠷᠬᠤ ᠶᠢ ᠴᠢᠩᠭᠠᠳᠬᠠᠵᠤ᠂ ᠲᠡᠭᠦᠨ ᠤ ᠡᠷᠡᠭᠦᠯ ᠢᠶᠠᠷ ᠬᠥᠭᠵᠢᠬᠦ ᠶᠢ ᠵᠣᠬᠢᠴᠠᠭᠤᠯᠣᠨ ᠠᠬᠢᠭᠤᠯᠤᠨ᠎ᠠ᠃
     6. ᠵᠣᠬᠢᠶᠠᠨ ᠪᠦᠳᠤᠭᠡᠯ ᠤᠨ ᠡᠷᠬᠡ ᠶᠢᠨ ᠬᠠᠮᠠᠭᠠᠯᠠᠯᠳᠠ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠠ ᠤᠯᠤᠰ ᠠᠴᠠ ᠡᠷᠬᠡ ᠣᠯᠭᠤᠭᠰᠠᠨ ᠳᠡᠯᠡᠬᠡᠢ ᠨᠡᠶᠢᠳᠡ ᠶᠢᠨ ᠠᠷᠭᠠᠴᠠᠭᠠᠯ ᠢᠶᠠᠨ ᠴᠢᠩᠭᠠᠳᠬᠠᠵᠤ᠂ ᠡᠷᠬᠡ ᠳᠤ ᠬᠠᠯᠳᠠᠬᠤ ᠬᠠᠭᠤᠷᠮᠠᠭ ᠢ ᠬᠡᠪᠯᠡᠬᠦ ᠶᠢ ᠡᠰᠡᠷᠭᠦᠴᠡᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃
     7. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠭᠠᠳᠠᠭᠠᠳᠤ ᠳᠤ ᠳᠠᠮᠵᠢᠭᠤᠯᠬᠤ ᠴᠢᠳᠠᠪᠤᠷᠢ ᠶᠢᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ︽ᠭᠠᠳᠠᠭᠰᠢ ᠭᠠᠷᠬᠤ︾ ᠠᠵᠢᠯ ᠢ ᠵᠣᠬᠢᠴᠠᠭᠤᠯᠤᠨ ᠠᠬᠢᠭᠤᠯᠤᠨ᠎ᠠ᠃
     8. ᠬᠠᠮᠢᠶᠠᠷᠤᠯᠲᠠ ᠶᠢᠨ ᠣᠨᠣᠯᠵᠢᠬᠤᠨ ᠪᠠ ᠠᠷᠭ᠎ᠠ ᠪᠠᠷᠢᠯ ᠤᠨ ᠰᠢᠨ᠎ᠡ ᠶᠢ ᠡᠭᠦᠳᠤᠨ ᠬᠤᠪᠢᠷᠠᠭᠤᠯᠬᠤ ᠶᠢ ᠴᠢᠩᠭᠠᠳᠬᠠᠨ᠂ ᠵᠠᠬ᠎ᠠ ᠳᠡᠯᠭᠡᠭᠦᠷ ᠪᠠᠷ ᠲᠤᠬᠢᠷᠠᠭᠤᠯᠬᠤ᠂ ᠨᠡᠶᠢᠭᠡᠮ ᠠᠴᠠ ᠬᠢᠨᠠᠯᠲᠠ ᠲᠠᠯᠪᠢᠬᠤ ᠪᠠ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃
     ᠬᠤᠶᠠᠷ᠂ ᠭᠤᠣᠯ ᠡᠭᠦᠷᠭᠡ ᠬᠠᠷᠢᠭᠤᠴᠠᠯᠭ᠎ᠠ
     ︵ᠨᠢᠭᠡ︶ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠤᠬᠠᠭᠤᠯᠭ᠎ᠠ ᠶᠢᠨ ᠴᠢᠭᠯᠡᠯᠲᠡ᠂  ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ ᠬᠠᠷᠢᠭᠤᠴᠠᠵᠦ᠂ ᠵᠥᠪ ᠶᠠᠷᠢᠶ᠎ᠡ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠳᠤᠭᠡᠯ ‍ᠤᠨ‌ᠤᠳᠤᠷᠢᠳᠤᠮᠵᠢ ᠶᠢ ᠡᠵᠡᠮᠰᠢᠨ᠎ᠡ᠃
     ︵ᠬᠤᠶᠠᠷ︶ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠪᠠ ᠵᠣᠬᠢᠶᠠᠨ ᠪᠥᠲᠦᠭᠡᠬᠦ ᠡᠷᠬᠡ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠦᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠨᠤᠤᠷᠠᠭᠯᠠᠬᠤ ᠶᠢ ᠬᠠᠷᠢᠭᠤᠴᠠᠵᠦ᠂ ᠪᠥᠬᠦ ᠣᠷᠣᠨ ᠤ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ᠂ ᠠᠵᠢᠯ ᠲᠥᠷᠥᠯ ᠤᠨ ᠪᠠᠷᠢᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠨ᠎ᠠ᠃
     ︵ᠭᠤᠷᠪᠠ︶ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠳᠠᠬᠢ ᠠᠵᠢᠯ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠤᠯᠭ᠎ᠠ ᠪᠠ ᠲᠥᠯᠥᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠣᠯᠠᠨ ᠨᠡᠶᠢᠲᠡ ᠶᠢᠨ ᠦᠨᠳᠤᠰᠤᠨ ᠦᠢᠯᠡᠴᠢᠯᠡᠭᠡᠨ ᠤ ᠪᠠᠶᠢᠭᠤᠯᠬᠤ ᠪᠠ  ᠬᠠᠮᠢᠶᠠᠷᠬᠤ ︵ᠴᠢᠬᠤᠯᠡ ᠶᠡᠭᠡ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ︶ ᠶᠢ ᠬᠠᠷᠢᠭᠤᠴᠠᠵᠤ᠂  ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠦᠬᠡᠨ ᠳᠤᠭᠠᠳᠤ ᠦᠨᠳᠤᠰᠤᠳᠡᠨ ᠤ ᠭᠠᠵᠠᠷ ᠣᠷᠣᠨ ᠬᠢᠯᠢ ᠬᠢᠵᠠᠭᠠᠷ ᠤᠷᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠪᠥᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠳᠬᠦᠬᠦ ᠶᠢ ᠬᠠᠷᠢᠭᠤᠴᠠᠨ᠎ᠠ᠃ ᠪᠥᠬᠦ ᠣᠷᠣᠨ ᠤ ᠬᠠᠭᠤᠴᠢᠨ ᠤ ᠨᠤᠮ ᠪᠢᠴᠢᠭ ᠢ ᠡᠮᠬᠢᠯᠡᠨ ᠬᠡᠪᠯᠡᠬᠦ ᠲᠥᠯᠥᠪᠵᠢᠭᠦᠯᠭᠡ ᠶᠢ ᠲᠣᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃
     ︵ᠳᠥᠷᠪᠡ︶ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠤᠯᠲᠠᠢ ᠲᠦᠯᠦᠪᠵᠢᠬᠦᠯᠵᠦ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠳᠠᠬᠢ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠶᠢ ᠬᠠᠷᠢᠭᠤᠴᠠᠨ᠎ᠠ᠃ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠪᠦᠷᠢᠳᠬᠡᠯ ᠤᠨ ᠠᠵᠢᠯ ᠢ ᠬᠠᠷᠢᠭᠤᠴᠠᠨ᠎ᠠ᠃
      ︵ᠲᠠᠪᠤ︶ ᠪᠥᠬᠦ ᠣᠷᠣᠨ ᠤ ᠰᠣᠨᠢᠨ ᠮᠡᠳᠡᠭᠡ  ᠬᠡᠪᠯᠡᠯ ᠷᠠᠳᠢᠣ᠋ ᠺᠢᠨᠣ᠋ ᠲᠧᠯᠸᠢᠰ ᠤᠨ ᠪᠠᠶᠢᠭᠤᠯᠤᠮᠵᠢ ᠪᠤᠯᠤᠨ ᠲᠤᠬᠠᠶᠢᠯᠠᠭᠰᠠᠨ ᠠᠵᠢᠯ ᠵᠢᠴᠢ ᠬᠡᠪᠯᠡᠭᠳᠡᠭᠦᠨ᠂ ᠷᠠᠳᠢᠤ᠋ ᠺᠢᠨᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠪᠠ ᠶᠠᠰᠤ ᠴᠢᠨᠠᠷ ᠲᠤ ᠬᠢᠨᠠᠯᠲᠠ ᠲᠠᠯᠪᠢᠨ ᠬᠠᠮᠢᠶᠠᠷᠴᠤ᠂ ᠬᠠᠦᠯᠢ ᠶᠣᠰᠤᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠭᠦᠯᠬᠦ ᠶᠢᠨ ᠬᠠᠮᠲᠤ  ᠬᠠᠷᠢᠴᠠᠩᠭᠤᠢ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠳᠠ ᠲᠠᠯᠪᠢᠨ ᠬᠠᠮᠢᠶᠠᠷᠬᠤ ᠠᠵᠢᠯ ᠢ ᠵᠢᠯᠤᠭᠤᠳᠴᠤ᠂  ᠬᠠᠦᠯᠢ ᠠᠴᠠ ᠵᠦᠷᠢᠴᠡᠭᠰᠡᠨ ᠲᠣᠭᠲᠠᠭᠠᠯ ᠠᠴᠠ ᠵᠦᠷᠢᠴᠡᠭᠰᠡᠨ ᠬᠦᠨᠳᠤ  ᠴᠢᠬᠤᠯᠠ ᠠᠵᠢᠯᠯᠠᠭ᠎ᠠ ᠶᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠷᠠᠳᠢᠣ᠋ ᠺᠢᠨᠣ᠋ ᠲᠧᠯᠸᠢᠰ ᠤᠨ ᠵᠠᠷ ᠨᠡᠪᠳᠡᠷᠡᠭᠦᠯᠬᠡ ᠶᠢ  ᠬᠢᠨᠠᠨ  ᠬᠠᠮᠢᠶᠠᠷᠬᠤ ᠶᠢ ᠵᠢᠯᠤᠭᠤᠳᠤᠨ᠎ᠠ᠃ ᠪᠦᠬᠦ ᠣᠷᠣᠨ ᠤ ᠰᠣᠨᠢᠨ ᠮᠡᠳᠡᠭᠡᠨ ᠤ ᠰᠣᠷᠪᠤᠯᠵᠢᠯᠠᠭᠴᠢ ᠶᠢᠨ ᠦᠨᠡᠮᠯᠡᠯ ᠢ ᠬᠠᠮᠢᠶᠠᠷᠬᠤ ᠶᠢ ᠬᠠᠷᠢᠭᠤᠴᠠᠨ᠎ᠠ᠃
     ︵ᠵᠢᠷᠭᠤᠭ᠎ᠠ︶ ᠪᠥᠬᠦ ᠣᠷᠣᠨ ᠤ ᠢᠨᠲ᠋ᠧᠷᠨᠧᠲ ᠰᠦᠯᠵᠢᠶ᠎ᠡ ᠶᠢᠨ ᠬᠡᠪᠯᠡᠭᠳᠡᠭᠦᠨ ᠪᠠ ᠭᠠᠷ ᠤᠲᠠᠰᠤᠨ ᠤ ᠨᠣᠮ ᠰᠡᠳᠬᠦᠯ᠂ ᠭᠠᠷ ᠤᠲᠠᠰᠤᠨ ᠤ ᠤᠳᠬ᠎ᠠ ᠵᠣᠬᠢᠶᠠᠯ ᠤᠨ ᠲᠤᠬᠠᠶᠢᠯᠠᠭᠰᠠᠨ ᠠᠵᠢᠯ ᠢ ᠨᠡᠬᠡᠬᠡᠨ ᠡᠷᠬᠢᠯᠡᠬᠦ ᠵᠡᠷᠭᠡ ᠲᠣᠭᠠᠴᠢᠯᠠᠭᠰᠠᠨ ᠬᠡᠪᠯᠡᠭᠳᠡᠬᠦᠨ ᠤ ᠠᠭᠤᠯᠭ᠎ᠠ ᠪᠠ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃
     ︵ᠳᠣᠯᠤᠭ᠎ᠠ︶ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠤᠶᠠᠯᠳᠤᠯ ᠢ ᠲᠦᠯᠬᠢᠨ ᠠᠬᠢᠭᠤᠯᠵᠤ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠰᠢᠨᠵᠢᠯᠡᠬᠦ ᠤᠬᠠᠭᠠᠨ‌ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠤᠯᠭ᠎ᠠ ᠪᠠ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢ ᠬᠠᠦᠯᠢ ᠶᠣᠰᠤᠭᠠᠷ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ  ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠷᠠᠳᠢᠤ᠋ ᠲᠧᠯᠸᠢᠰ ᠤᠨ ᠫᠷᠤᠭ᠍ᠷᠠᠮ ᠤᠨ ᠳᠠᠮᠵᠢᠭᠤᠯᠭ᠎ᠠ ᠶᠢ ᠪᠥᠷᠬᠦᠭᠦᠯᠬᠦ᠂ ᠬᠢᠨᠠᠨ ᠬᠡᠮᠵᠢᠬᠦ ᠪᠠ ᠠᠮᠤᠷ ᠲᠥᠪᠰᠢᠨ ᠨᠡᠪᠲᠡᠷᠡᠭᠦᠯᠬᠦ ᠶᠢ ᠬᠢᠨᠠᠨ ᠬᠠᠮᠢᠶᠠᠷᠴᠤ᠂ ᠷᠠᠳᠢᠣ᠋ ᠺᠢᠨᠣ᠋ ᠲᠧᠯᠸᠢᠰ ᠤᠨ ᠰᠦᠯᠵᠢᠶ᠎ᠡ ᠪᠣᠯᠣᠨ ᠴᠠᠬᠢᠯᠭᠠᠨ ᠬᠤᠯᠪᠤᠭᠠᠨ ᠤ ᠰᠦᠯᠵᠢᠶ᠎ᠡ᠂ ᠢᠨᠲ᠋ᠧᠷᠨᠧᠲ ᠰᠦᠯᠵᠢᠶ᠎ᠡ ᠶᠢᠨ ᠤᠶᠠᠯᠳᠤᠯ ᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠨ᠎ᠠ᠃ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠰᠢᠰᠲ᠋ᠧᠮ ᠤᠨ ᠠᠮᠤᠷ ᠲᠥᠪᠰᠢᠨ ᠢ ᠬᠠᠮᠠᠭᠠᠯᠠᠬᠤ ᠠᠵᠢᠯ ᠢ ᠵᠢᠯᠤᠭᠤᠳᠬᠤ᠂ ᠵᠤᠬᠢᠴᠠᠭᠤᠯᠬᠤ ᠶᠢ ᠬᠠᠷᠢᠭᠤᠴᠠᠨ᠎ᠠ᠃
     ︵ᠨᠠᠢᠮᠠ︶ ᠪᠥᠬᠦ ᠣᠷᠣᠨ   ᠤ  ᠬᠡᠪᠯᠡᠯ  ᠤᠨ  ᠦᠢᠯᠡᠰ  ᠤᠨ  ᠬᠢᠨᠠᠯᠲᠠ  ᠬᠠᠮᠢᠶᠠᠷᠤᠯᠲᠠ  ᠶᠢ ᠬᠠᠷᠢᠭᠤᠴᠠᠨ᠎ᠠ᠃        
     ︵ᠶᠢᠰᠦ︶ ᠪᠥᠬᠦ ᠣᠷᠣᠨ ᠤ ᠬᠡᠪᠯᠡᠭᠳᠡᠬᠦᠨ ᠢ ᠭᠠᠳᠠᠭᠠᠳᠤ ᠠᠴᠠ ᠣᠷᠤᠭᠤᠯᠬᠤ ᠬᠠᠮᠢᠶᠠᠷᠤᠯᠲᠠ ᠪᠠ ᠷᠠᠳᠢᠣ᠋ ᠺᠢᠨᠣ᠋ ᠲᠧᠯᠸᠢᠰ ᠤᠨ ᠫᠷᠤᠭ᠍ᠷᠠᠮ ᠢ ᠭᠠᠳᠠᠭᠠᠳᠤ ᠠᠴᠠ ᠣᠷᠤᠭᠤᠯᠬᠤ᠂ ᠬᠤᠷᠢᠶᠠᠬᠤ ᠰᠢᠩᠭᠡᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠬᠦᠷᠢᠶᠡᠨ ᠤ  ︽ᠭᠠᠳᠠᠭᠰᠢ ᠭᠠᠷᠬᠤ︾ ᠠᠵᠢᠯ ᠢ ᠵᠣᠬᠢᠴᠠᠭᠤᠯᠣᠨ ᠠᠬᠢᠭᠤᠯᠤᠨ᠎ᠠ᠃ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠪᠠ ᠵᠤᠬᠢᠶᠠᠯ ᠪᠦᠳᠤᠭᠡᠯ ‍ᠤᠨ‌ᠡᠷᠬᠡ ᠶᠢᠨ ᠬᠠᠮᠢᠶᠠᠷᠤᠯᠲᠠ ᠶᠢᠨ ᠬᠦᠷᠢᠶᠡᠨ   ᠤ ᠭᠠᠳᠠᠭᠠᠳᠤ ᠯᠤᠭ᠎ᠠ ᠵᠢᠴᠢ ᠰᠢᠶᠠᠩᠭᠠᠩ ᠤᠤᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠣᠯᠣᠨ ᠬᠠᠮᠵᠢᠯᠴᠠᠭ᠎ᠠ ᠶᠢ ᠬᠠᠷᠢᠭᠤᠴᠠᠨ᠎ᠠ᠃
     ︵ᠠᠷᠪᠠ︶ ᠪᠦᠬᠦ ᠣᠷᠣᠨ ᠤ ᠵᠤᠬᠢᠶᠠᠯ ᠪᠦᠳᠤᠭᠡᠯ ᠤᠨ ᠡᠷᠬᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠬᠠᠷᠢᠭᠤᠴᠠᠵᠤ᠂ ᠵᠤᠬᠢᠶᠠᠯ ᠪᠦᠳᠤᠭᠡᠯ ᠤᠨ ᠡᠷᠬᠡ ᠳᠤ ᠬᠠᠯᠳᠠᠭᠰᠠᠨ ᠬᠠᠭᠤᠷᠮᠠᠭ ᠬᠡᠪᠯᠡᠭᠰᠡᠨ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃
     ︵ᠠᠷᠪᠠᠨ ᠨᠢᠭᠡ︶ ᠪᠦᠬᠦ ᠣᠷᠣᠨ ᠤ ︽ᠱᠠᠯᠢᠨ ᠵᠠᠪᠬᠠᠢ ᠵᠦᠢᠯᠡᠰ ᠢ ᠠᠷᠢᠯᠭᠠᠬᠤ ᠪᠠ ᠬᠠᠣᠯᠢ ᠪᠣᠰᠣ ᠭᠡᠪᠯᠡᠭᠳᠠᠭᠦᠨ ᠳᠤ ᠴᠣᠭᠢᠯᠳᠠ ᠥᠭᠭᠦ︾ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ ᠶᠢ ᠬᠠᠷᠢᠭᠤᠴᠠᠨ᠂ ᠪᠦᠬᠦ ᠣᠷᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠬᠤ ᠪᠠ ᠬᠠᠣᠯᠢ ᠪᠣᠰᠣ ᠭᠡᠪᠯᠡᠭᠳᠠᠭᠦᠨ ᠳᠤ ᠴᠣᠭᠢᠯᠳᠠ ᠥᠭᠭᠦ︾ ᠶᠢᠨ ᠬᠠᠦᠯᠢ ᠬᠡᠷᠡᠭᠵᠢᠭᠦᠯᠬᠦ ᠠᠵᠢᠯ ᠪᠠ ᠬᠥᠨᠳᠤ ᠴᠢᠬᠤᠯᠡ ᠬᠡᠷᠡᠭ ᠵᠢᠴᠢ ᠬᠠᠦᠯᠢ ᠪᠣᠰᠤ ᠬᠡᠪᠯᠡᠭᠳᠡᠭᠦᠨ ᠪᠣᠯᠣᠨ ᠬᠠᠦᠯᠢ ᠪᠣᠰᠤ ᠬᠡᠪᠯᠡᠯ ᠢ ᠲᠠᠷᠬᠠᠭᠠᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠬᠤ ᠪᠠ ᠬᠠᠣᠯᠢ ᠪᠣᠰᠣ ᠭᠡᠪᠯᠡᠭᠳᠠᠭᠦᠨ ᠳᠤ ᠴᠣᠭᠢᠯᠳᠠ ᠥᠭᠭᠦ︾ ᠠᠵᠢᠯ ᠤᠨ ᠤᠳᠤᠷᠢᠳᠬᠤ  ᠳᠤᠭᠤᠶᠢᠯᠠᠩ ᠤᠨ ᠡᠳᠦᠷ ᠲᠣᠲᠣᠮ ᠤᠨ ᠠᠵᠢᠯ ᠢ ᠡᠭᠦᠷᠭᠡᠯᠡᠨ᠎ᠡ᠃
     ︵ᠠᠷᠪᠠᠨ ᠬᠤᠶᠠᠷ︶ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠤᠬᠠᠭᠤᠯᠭ᠎ᠠ᠂ ᠬᠥᠭᠵᠢᠯᠲᠡ᠂ ᠳᠠᠮᠵᠢᠭᠤᠯᠭ᠎ᠠ ᠶᠢ ᠪᠥᠷᠬᠦᠭᠦᠯᠬᠦ ᠵᠡᠷᠭᠡ ᠴᠢᠬᠤᠯᠡ ᠶᠡᠭᠡ  ᠬᠡᠷᠡᠭ ᠶᠠᠪᠤᠳᠠᠯ ᠢ ᠵᠢᠯᠤᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃
     ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠦᠢᠴᠡᠳᠭᠡᠯᠭᠡᠬᠦ   ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃
     ᠭᠤᠷᠪᠡ᠂ ᠪᠣᠰᠤᠳ ᠵᠦᠢᠯᠡᠰ
     ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠡ   ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠣᠪᠴᠢᠶ᠎ᠡ ᠶᠢᠨ ᠫᠠᠶᠢᠰᠠ ᠶᠢ ᠨᠡᠮᠡᠨ ᠡᠯᠭᠦᠵᠦ᠂ ᠵᠣᠬᠢᠶᠠᠨ ᠪᠦᠳᠤᠭᠡᠯ ᠤᠨ ᠡᠷᠬᠡ ᠶᠢᠨ ᠬᠠᠮᠢᠶᠠᠷᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠤᠪᠴᠢᠶ᠎ᠠ ᠶᠢᠨ ᠨᠡᠷ᠎ᠡ ᠪᠠᠷ ᠡᠷᠬᠡ ᠲᠤᠰᠢᠶᠠᠯ ᠢᠶᠠᠨ ᠬᠡᠷᠡᠭᠵᠢᠭᠦᠯᠦᠨ᠎ᠡ᠃
     ︵ᠬᠤᠶᠠᠷ︶ ᠺᠠᠷᠲ᠋ᠣᠨ ᠺᠢᠨᠣ᠋ ᠪᠠ ᠰᠦᠯᠵᠢᠶᠡᠨ ᠤ ᠲᠣᠭᠯᠠᠭᠠᠮ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠡ ᠨᠢ ᠪᠥᠬᠦ ᠣᠷᠣᠨ ᠤ ᠺᠢᠨᠣ᠋ ᠲᠧᠯᠸᠢᠰ ᠤᠨ ᠺᠠᠷᠲ᠋ᠣᠨ ᠺᠢᠨᠣ᠋ ᠶᠢᠨ ᠫᠷᠤᠭ᠍ᠷᠠᠮ᠂ ᠰᠦᠯᠵᠢᠶᠡᠨ ᠳᠡᠭᠡᠷ᠎ᠡ ᠦᠵᠡᠵᠦ ᠰᠣᠨᠣᠰᠬᠤ ᠺᠠᠷᠲ᠋ᠣᠨ ᠺᠢᠨᠣ᠋ ᠶᠢᠨ ᠫᠷᠤᠭ᠍ᠷᠠᠮ ᠢ ᠬᠠᠮᠢᠶᠠᠷᠴᠤ᠂ ᠲᠣᠭᠯᠠᠭᠠᠮ ᠤᠨ ᠬᠡᠪᠯᠡᠭᠳᠡᠭᠦᠨ ᠢ ᠰᠦᠯᠵᠢᠶᠡᠨ ᠳᠡᠭᠡᠷ᠎ᠡ ᠬᠡᠪᠯᠡᠨ ᠲᠠᠷᠬᠠᠭᠠᠬᠤ ᠳᠤ ᠤᠷᠢᠳᠠᠴᠢ ᠬᠢᠨᠠᠨ ᠬᠠᠷᠭᠤᠭᠤᠯᠤᠯᠳᠠ ᠬᠢᠨ᠎ᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ   ᠨᠢ ᠺᠠᠷᠲ᠋ᠣᠨ ᠺᠢᠨᠣ᠋ ᠪᠠ ᠰᠦᠯᠵᠢᠶᠡᠨ ᠤ ᠲᠣᠭᠯᠠᠭᠠᠮ ᠤᠨ ᠬᠠᠮᠢᠶ᠎ᠠ ᠪᠥᠬᠦᠢ ᠠᠵᠤ ᠦᠢᠯᠡᠰ ᠤᠨ ᠲᠥᠯᠥᠪᠵᠢᠭᠦᠯᠭᠡ᠂ ᠠᠵᠤ ᠦᠢᠯᠡᠰ ᠤᠨ ᠰᠠᠭᠤᠷᠢᠨ ᠭᠠᠵᠠᠷ᠂ ᠲᠥᠷᠥᠯ ᠵᠦᠢᠯ ᠤᠨ ᠪᠥᠲᠦᠭᠡᠨ ᠪᠠᠶᠢᠭᠤᠯᠤᠯᠲᠠ᠂ ᠬᠠᠮ ᠦᠵᠡᠰᠭᠦᠯᠡᠩ ᠤᠨ ᠠᠷᠠᠯᠵᠢᠶ᠎ᠡ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃
     ︵ᠭᠤᠷᠪᠡ︶ ᠬᠠᠷᠢᠶ᠎ᠡ ᠪᠥᠬᠦᠢ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠶᠠᠪᠤᠳᠠᠯ ᠢ ᠠᠰᠲᠠᠭᠠᠨ ᠲᠣᠭᠲᠠᠭᠠᠨ᠎ᠠ᠃
     ᠳᠥᠷᠪᠡ᠂ ᠳᠠᠭᠠᠯᠳᠤᠭᠤᠯᠤᠯ ᠳᠦᠷᠢᠮ
     ᠲᠤᠰ ᠲᠤᠬᠳᠠᠭᠠᠯ ᠢ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠣᠮᠵᠢ ᠶᠢᠨ ᠣᠷᠣᠨ ᠲᠣᠭᠠᠨ ᠤ ᠵᠦᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠣᠷᠢᠯᠠᠵᠤ᠂ ᠲᠤᠬᠢᠷᠠᠭᠤᠯᠤᠯᠳᠠ ᠶᠢ ᠨᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠣᠮᠵᠢ ᠶᠢᠨ ᠣᠷᠣᠨ ᠲᠣᠭᠠᠨ ᠤ ᠵᠦᠪᠯᠡᠯ ᠤᠨ ᠠᠯᠪᠠᠨ ᠭᠡᠷ ᠲᠣᠭᠲᠠᠭᠠᠭᠰᠠᠨ ᠳᠡᠰ  ᠳᠠᠷᠠᠭᠠᠯᠠᠯ ᠶᠣᠰᠤᠭᠠᠷ ᠭᠦᠢᠴᠡᠳᠬᠡᠨ᠎ᠡ᠃      

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ