ᠭᠤᠤᠯᠳᠡᠯᠭ᠎ᠠ ᠲᠠᠢ ᠲᠦᠷᠤᠯ ᠵᠦᠢᠯ ᠤᠨ ᠪᠡᠯᠡ ᠣᠷᠣᠭᠤᠯᠤᠯᠲᠠ ᠳᠠᠭᠠᠨ ᠳᠤᠬᠢᠷᠠᠭᠤᠯᠤᠯᠳᠠ ᠬᠢᠵᠦ ᠠᠷᠠᠳ ᠤᠨ ᠠᠮᠢᠳᠤᠷᠠᠯ ᠤᠨ ᠢᠨᠵᠧᠨᠧᠷᠢᠩ ᠳᠤ ᠭᠤᠤᠯᠳᠠᠯᠭ᠎ᠠ ᠪᠠᠨ ᠬᠠᠨᠳᠤᠭᠤᠯᠵᠦ ᠂ ᠪᠠᠶᠠᠨᠨᠠᠭᠤᠷ ᠬᠤᠳᠠ ᠶᠢᠨ ᠠᠵᠤ ᠦᠢᠯᠡᠳᠪᠦᠷᠢ  ᠶᠢᠨ ᠪᠤᠰᠤ ᠲᠦᠷᠦᠯ ᠵᠦᠢᠯ ᠤᠨ ᠪᠡᠯᠡ ᠤᠷᠤᠭᠤᠯᠤᠯᠳᠠ 75% ᠎ ᠢ ᠡᠵᠡᠯᠡᠪᠡ
ᠨᠡᠶᠢᠲᠡᠯᠡᠭᠰᠡᠨ ᠴᠠᠭ᠄
2015/4/21
     4 ᠰᠠᠷ᠎ᠠ  ᠶᠢᠨ 8 ᠎ ᠤ ᠡᠳᠦᠷ᠂ ᠦᠶᠤᠸᠠᠨ ᠰᠢᠶᠠᠨ  ᠤ ᠲᠠᠷᠢᠶᠠᠯᠠᠩ ᠤᠨ ᠬᠡᠷᠡᠭᠰᠡᠯ ᠤᠨ ᠪᠤᠷᠤᠯᠠᠭᠤᠯᠭ᠎ᠠ᠂ ᠪᠠᠷᠠᠭ᠎ᠠ ᠶᠢᠨ ᠬᠦᠢᠯᠭᠡᠭᠡ᠂ ᠮᠦᠡᠭᠭᠦᠨ ᠬᠦᠢᠯᠭᠡᠭᠡᠨ ᠤ ᠦᠢᠯᠡᠴᠢᠯᠡᠭᠡ᠂ ᠡᠯᠧᠺᠲᠷᠤᠨ ᠠᠷᠠᠯᠵᠢᠶ᠎ᠠ ᠶᠢ ᠨᠢᠭᠡ ᠴᠤᠬᠴᠠᠵᠢᠭᠤᠯᠤᠭᠰᠡᠨ ᠶᠡᠷᠦᠩᠭᠡᠶᠢᠯᠡᠭᠰᠡᠨ ᠴᠢᠨᠠᠷᠳᠡᠢ ᠵᠠᠬ᠎ᠠ ᠲᠡᠯᠭᠡᠭᠦᠷ ᠪᠠᠷᠢᠯᠭ᠎ᠠ ᠳᠠᠭᠤᠰᠴᠤ ᠵᠢᠩᠭᠢᠨᠢ ᠪᠠᠷ ᠠᠰᠢᠬᠯᠠᠯᠳᠠ ᠳᠤ ᠤᠷᠤᠪᠡ᠃ ᠡᠨᠡ ᠨᠢ ᠪᠠᠶᠠᠨᠨᠠᠭᠤᠷ ᠬᠤᠳᠠ 2015 ᠣᠨ ᠳᠤ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠠᠭᠠᠨ ᠪᠦᠳᠦᠴᠠ ᠶᠢᠨ ᠲᠤᠬᠢᠷᠠᠭᠤᠯᠤᠯᠳᠠ ᠬᠢᠵᠦ᠂ ᠶᠡᠷᠦᠩᠭᠡᠢ ᠪᠡᠯᠡ ᠤᠷᠤᠭᠤᠯᠤᠯᠳᠠ ᠶᠢᠨ ᠢᠶᠠᠨ 75%᠎ ᠢ ᠮᠠᠯ ᠠᠵᠤ ᠠᠬᠤᠢ ᠲᠠᠷᠢᠶᠠᠯᠠᠩ᠂ ᠤᠰᠤᠨ ᠠᠰᠢᠬᠯᠠᠯᠳᠠ ᠤᠢ ᠰᠢᠭᠤᠢ᠂ ᠦᠢᠯᠡᠴᠢᠯᠡᠭᠡᠨ  ᠤ ᠦᠢᠯᠡᠰ᠂ ᠨᠡᠶᠢᠭᠡᠮ ᠤᠨ ᠦᠢᠯᠡᠰ ᠵᠡᠷᠭᠡ ᠠᠵᠤ ᠦᠢᠯᠡᠳᠪᠦᠷᠢ  ᠶᠢᠨ ᠪᠣᠰᠣ ᠲᠦᠷᠦᠯ ᠵᠦᠢᠯ  ᠳᠤ ᠵᠠᠷᠤᠴᠠᠭᠤᠯᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠭᠡᠭᠰᠡᠨ ᠠᠩᠬᠠᠨ ᠤ ᠠᠮᠵᠢᠯᠳᠠ ᠮᠦᠨ᠃      ᠦᠶᠤᠸᠠᠨ ᠰᠢᠶᠠᠨ ᠤ ᠲᠠᠷᠢᠶᠠᠯᠠᠩ ᠤᠨ ᠬᠡᠷᠡᠭᠰᠡᠯ ᠤᠨ ᠲᠤᠮᠤ ᠵᠠᠬ᠎ᠠ ᠲᠡᠯᠭᠡᠭᠦᠷ ᠨᠢ ᠦᠶᠤᠸᠠᠨ ᠰᠢᠶᠠᠨ ᠎ ᠤ ᠨᠠᠷᠠᠨ ᠬᠤᠸᠠᠷ ᠤᠨ ᠠᠵᠤ ᠦᠢᠯᠡᠰ ᠤᠨ ᠠᠷᠠᠯᠵᠢᠶ᠎ᠠ ᠬᠤᠳᠠᠯᠳᠤᠭ᠎ᠠ ᠶᠢᠨ ᠳᠡᠯᠡᠭᠡᠶᠢᠴᠢᠯᠡᠯᠳᠠ ᠳᠤ ᠴᠢᠬᠤᠯᠠ ᠲᠠᠪᠴᠠᠩ ᠬᠠᠩᠭᠠᠬᠤ ᠪᠤᠯᠤᠨ᠎ᠠ᠃ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠠ ᠪᠤᠯ ᠪᠠᠶᠠᠨᠨᠠᠭᠤᠷ ᠬᠤᠳᠠ  ᠶᠢᠨ ᠲᠠᠪᠠᠭᠤᠯᠢᠭ ᠮᠦᠨ᠂ ᠡᠨᠡᠭᠦ ᠳᠠᠪᠠᠭᠤᠯᠢᠭ  ᠢᠶᠠᠨ ᠬᠦᠢᠴᠡᠳ ᠪᠠᠳᠠᠷᠠᠭᠤᠯᠬᠤ ᠶᠢᠨ ᠲᠦᠯᠦᠭᠡ᠂ ᠲᠤᠰ ᠬᠤᠳᠠ 2015 ᠣᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠠᠭᠠᠨ ᠲᠤᠬᠢᠷᠠᠭᠤᠯᠤᠯᠳᠠ ᠬᠢᠵᠦ᠂ ᠮᠠᠯ ᠠᠵᠤ ᠠᠬᠤᠢ ᠲᠠᠷᠢᠶᠠᠯᠠᠩ᠂ ᠤᠰᠤᠨ ᠠᠰᠢᠬᠯᠠᠯᠳᠠ ᠤᠢ ᠰᠢᠭᠤᠢ᠂ ᠦᠢᠯᠡᠴᠢᠯᠡᠭᠡᠨ ᠎ ᠤ ᠦᠢᠯᠡᠰ᠂ ᠨᠡᠶᠢᠭᠡᠮ ᠤᠨ ᠦᠢᠯᠡᠰ ᠵᠡᠷᠭᠡ ᠠᠵᠤ ᠦᠢᠯᠡᠳᠪᠦᠷᠢ  ᠶᠢᠨ  ᠪᠣᠰᠣ  ᠲᠦᠷᠦᠯ ᠵᠦᠢᠯ ᠳᠤ 440 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠬᠤ ᠪᠠᠷ ᠲᠤᠬᠳᠠᠵᠡᠢ᠃ ᠪᠠᠶᠠᠨᠨᠠᠭᠤᠷ ᠬᠤᠳᠠ  ᠶᠢᠨ ᠡᠨᠡ ᠵᠢᠯ ᠤᠨ ᠰᠢᠨ᠎ᠠ ᠪᠠᠷ ᠪᠠᠷᠢᠯᠭ᠎ᠠ ᠡᠬᠢᠯᠡᠬᠦᠯᠭᠦ ᠪᠤᠶᠣ ᠦᠷᠭᠦᠯᠵᠢᠯᠡᠨ ᠪᠦᠳᠦᠭᠡᠨ ᠪᠠᠶᠢᠭᠤᠯᠬᠤ ᠳ᠋ᠦᠩᠰᠢᠭᠤᠷ ᠲᠦᠭᠦᠷᠢᠭ ᠠᠴᠠ ᠳᠡᠭᠡᠭᠰᠢ ᠭᠤᠤᠯᠳᠠᠯᠭ᠎ᠠ ᠲᠠᠢ ᠲᠦᠷᠦᠯ ᠵᠦᠢᠯ 220  ᠪᠠᠶᠢᠵᠦ᠂ ᠶᠡᠷᠦᠩᠭᠡᠢ ᠪᠡᠯᠡ ᠤᠷᠤᠭᠤᠯᠤᠯᠳᠠ ᠨᠢ 587ᠳ᠋ᠦᠩᠰᠢᠭᠤᠷ ᠲᠦᠭᠦᠷᠢᠭ ᠲᠤ ᠬᠦᠷᠪᠡ᠃ ᠡᠭᠦᠨ ᠳᠤ 161᠎ ᠨᠢ ᠠᠵᠤ ᠦᠢᠯᠡᠳᠪᠦᠷᠢ ᠶᠢᠨ ᠪᠤᠰᠤ ᠲᠦᠷᠦᠯ ᠵᠦᠢᠯ ᠪᠤᠯᠤᠨ᠎ᠠ᠃ 4 ᠰᠠᠷ᠎ᠠ  ᠶᠢᠨ ᠡᠬᠢ ᠪᠤᠯᠳᠠᠯ᠎ᠠ 39 ᠲᠦᠷᠦᠯ ᠵᠦᠢᠯ ᠨᠢ ᠪᠠᠷᠢᠯᠭ᠎ᠠ ᠡᠬᠢᠯᠡᠬᠦᠯᠦᠭᠰᠡᠨ ᠪᠤᠶᠤ ᠪᠠᠷᠢᠯᠭ᠎ᠠ ᠪᠠᠨ  ᠰᠡᠷᠭᠦᠭᠡᠵᠦ᠂14.62 ᠳ᠋ᠦᠩᠰᠢᠭᠤᠷ ᠭᠠᠷᠤᠢ ᠲᠦᠭᠦᠷᠢᠭ ᠪᠡᠯᠡ ᠤᠷᠤᠭᠤᠯᠤᠬᠰᠠᠨ ᠪᠠᠶᠢᠨ᠎ᠠ᠃      ᠪᠠᠶᠡᠨᠨᠠᠭᠤᠷ ᠬᠤᠳᠠ ᠶᠢᠨ ᠭᠦᠭᠵᠢᠭᠦᠯᠤᠯᠳᠠ ᠦᠭᠡᠷᠡᠴᠢᠯᠠᠯᠳᠠ ᠶᠢᠨ ᠵᠦᠪᠯᠡᠯ ᠤᠨ ᠲᠡᠳ᠋ ᠡᠷᠭᠢᠯᠡᠭᠴᠢ ᠶᠠᠩ ᡁᠢ ᠭᠠᠩ ᠤᠨ ᠲᠠᠨᠢᠯᠴᠠᠭᠤᠯᠤᠬᠰᠡᠨ ᠢᠶᠠᠷ᠂ ᠲᠤᠰ ᠬᠤᠳᠠ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠶᠤᠰᠤᠭᠠᠷ ᠤᠷᠤᠬᠰᠢᠳᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠦᠷᠦᠯ ᠵᠦᠢᠯ  ᠢ  ᠠᠬᠢᠭᠤᠯᠬᠤ ᠲᠤᠬᠠᠢ ᠤᠳᠤᠷᠢᠳᠬᠤ ᠲᠤᠭᠤᠢᠢᠯᠠᠩ ᠪᠠᠶᠢᠭᠤᠯᠵᠤ᠂ ᠭᠤᠤᠯᠳᠠᠯᠭ᠎ᠠ ᠲᠠᠢ  ᠠᠵᠤ ᠦᠢᠯᠡᠰ᠂ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ᠂  ᠮᠠᠯᠵᠢᠬᠤ ᠲᠠᠷᠢᠶᠠᠯᠠᠬᠤ ᠤᠷᠤᠨ  ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ᠂ ᠨᠠᠮ ᠤᠨ ᠪᠠᠶᠢᠭᠤᠯᠤᠯᠳᠠ ᠶᠢᠨ ᠠᠵᠢᠯ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠭᠡᠭᠦ 6 ᠲᠤᠰᠬᠠᠢ ᠲᠤᠭᠤᠢᠢᠯᠠᠩ ᠪᠠᠶᠢᠭᠤᠯᠵᠤ᠂ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠦᠷᠦᠯ ᠵᠦᠢᠯ  ᠢ  ᠠᠬᠢᠭᠤᠯᠵᠤ ᠨᠠᠶᠢᠳᠠᠪᠤᠷᠢᠵᠢᠭᠤᠯᠬᠤ ᠠᠵᠢᠯ  ᠢ ᠪᠦᠭᠦ ᠲᠠᠯ᠎ᠠ ᠪᠠᠷ ᠬᠠᠷᠢᠭᠤᠴᠠᠵᠤ ᠪᠤᠢ᠃ ᠢᠯᠠᠩᠭᠤᠶ᠎ᠠ ᠭᠤᠤᠯᠳᠠᠯᠭ᠎ᠠ ᠲᠠᠢ ᠲᠦᠷᠦᠯ ᠵᠦᠢᠯ ᠤᠨ ᠲᠦᠯᠦᠪᠯᠡᠭᠡ ᠶᠤᠰᠤᠭᠠᠷ ᠪᠠᠷᠢᠯᠭ᠎ᠠ ᠡᠬᠢᠯᠡᠭᠦ ᠶᠢ ᠪᠠᠲᠤᠯᠠᠬᠤ  ᠶᠢᠨ ᠲᠦᠯᠦᠭᠡ  ᠢᠲᠡᠭᠡᠮᠵᠢᠲᠦ ᠵᠢᠭᠡᠯᠡᠯᠭᠡ᠂ ᠴᠠᠬᠢᠯᠭᠠᠨ ᠬᠦᠴᠦᠨ᠂ ᠭᠠᠵᠠᠷ ᠰᠢᠷᠤᠢ ᠵᠡᠷᠭᠡ ᠳᠤ ᠬᠤᠯᠪᠤᠭᠳᠠᠭᠰᠡᠨ ᠲᠦᠷᠦ  ᠶᠢᠨ ᠪᠤᠳᠤᠯᠭ᠎ᠠ  ᠶᠢ ᠶᠠᠷᠦᠩᠭᠡᠶᠢᠯᠡᠨ ᠨᠠᠶᠢᠳᠠᠪᠤᠷᠢᠵᠢᠭᠤᠯᠵᠤ᠂ ᠲᠦᠷᠦᠯ ᠬᠤᠪᠢᠶᠠᠨ ᠰᠤᠳᠤᠯᠵᠤ᠂ ᠤᠨᠴᠠᠯᠢᠭ ᠲᠤᠨᠢ ᠲᠤᠬᠢᠷᠠᠭᠰᠡᠨ ᠲᠠᠮᠵᠢᠭᠦ ᠠᠷᠭ᠎ᠠ ᠠᠪᠴᠠᠯ  ᠢ ᠳᠤᠷᠠᠳᠤᠨ ᠭᠠᠷᠭᠠᠵᠤ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠠᠵᠤ ᠠᠬᠤᠢᠢᠯᠡᠯ ᠳᠤ ︽ᠨᠢᠭᠡ ᠠᠵᠢᠯ ᠲᠦᠷᠦᠯ ᠳᠤ ᠨᠢᠭᠡ ᠲᠦᠷᠦ ᠶᠢᠨ ᠪᠤᠳᠤᠯᠭ᠎ᠠ︾᠂ ︽ᠨᠢᠭᠡ ᠠᠵᠤ ᠠᠬᠤᠢᠢᠯᠡᠯ ᠳᠤ ᠨᠢᠭᠡ ᠲᠦᠷᠦ ᠶᠢᠨ ᠪᠤᠳᠤᠯᠭ᠎ᠠ︾᠎ ᠶᠢ ᠬᠡᠷᠡᠭᠵᠢᠭᠦᠯᠵᠦ᠂ ᠠᠵᠤ ᠠᠬᠤᠢᠢᠯᠡᠯ ᠤᠨ ᠬᠡᠪ ᠤᠨ ᠲᠤᠬᠳᠠᠭᠤᠨ ᠡᠷᠬᠢᠯᠳᠠ ᠶᠢ  ᠪᠠᠲᠤᠯᠠᠵᠤ ᠪᠤᠢ᠃      ᠪᠠᠶᠠᠨᠨᠠᠭᠤᠷ ᠬᠤᠳᠠ ᠶᠢᠨ 2015 ᠣᠨ ᠠᠴᠠ 2017 ᠣᠨ ᠪᠤᠯᠳᠠᠯᠠᠬᠢ ᠬᠡᠷᠡᠭᠵᠢᠭᠦᠯᠭᠦ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ 584  ᠪᠠᠶᠢᠵᠦ᠂ ᠶᠡᠷᠦᠩᠭᠡᠢ ᠪᠡᠯᠡ ᠤᠷᠤᠭᠤᠯᠤᠯᠳᠠ ᠨᠢ 4294 ᠳ᠋ᠦᠩᠰᠢᠭᠤᠷ ᠲᠦᠭᠦᠷᠢᠭ ᠪᠤᠯᠤᠨ᠎ᠠ᠂ ᠭᠤᠷᠪᠠᠨ ᠵᠢᠯ ᠳᠤ᠂ 2198 ᠳ᠋ᠦᠩᠰᠢᠭᠤᠷ ᠲᠦᠭᠦᠷᠢᠭ ᠤᠨ ᠪᠡᠯᠡ  ᠣᠷᠣᠭᠤᠯᠤᠯᠲᠠ ᠶᠢ ᠪᠠᠶᠡᠯᠡᠭᠦᠯᠭᠦ ᠪᠠᠷ ᠪᠤᠢ᠃ ᠡᠨᠡ ᠵᠢᠯ ᠤᠨ ᠬᠡᠷᠡᠭᠵᠢᠭᠦᠯᠭᠦ 220 ᠭᠤᠤᠯᠳᠠᠯᠭ᠎ᠠ ᠲᠠᠢ ᠲᠦᠷᠦᠯ ᠵᠦᠢᠯ ᠤᠨ 81 ᠲᠦᠷᠦᠯ ᠵᠦᠢᠯ  ᠢ ᠦᠷᠭᠦᠯᠵᠢᠯᠡᠨ ᠪᠦᠳᠦᠭᠡᠨ ᠪᠠᠶᠢᠭᠤᠯᠵᠤ᠂ 139 ᠲᠦᠷᠦᠯ ᠵᠦᠢᠯ  ᠢ ᠰᠢᠨ᠎ᠠ ᠪᠠᠷ ᠪᠠᠷᠢᠯᠭ᠎ᠠ ᠡᠬᠢᠯᠡᠬᠦᠯᠭᠦ ᠪᠤᠯᠤᠨ᠎ᠠ᠃ ᠡᠭᠦᠨ ᠳᠤ᠂ ᠮᠠᠯ ᠠᠵᠤ ᠠᠬᠤᠢ ᠲᠠᠷᠢᠶᠠᠯᠠᠩ ᠤᠰᠤᠨ ᠠᠰᠢᠬᠯᠠᠯᠳᠠ ᠤᠢ ᠰᠢᠭᠤᠢ  ᠶᠢᠨ ᠲᠦᠷᠦᠯ ᠵᠦᠢᠯ 19  ᠪᠠᠶᠢᠵᠦ᠂ ᠪᠡᠯᠡ ᠤᠷᠤᠭᠤᠯᠤᠯᠳᠠ ᠨᠢ ᠶᠡᠷᠦᠩᠭᠡᠢ ᠪᠡᠯᠡ ᠤᠷᠤᠭᠤᠯᠤᠯᠳᠠ  ᠶᠢᠨ 12.4%᠎ ᠢ ᠡᠵᠡᠯᠡᠨ᠂ ᠠᠵᠤ ᠦᠢᠯᠡᠳᠪᠦᠷᠢ  ᠶᠢᠨ ᠲᠦᠷᠦᠯ ᠵᠦᠢᠯ 59 ᠪᠠᠶᠢᠵᠦ᠂ ᠪᠡᠯᠡ ᠤᠷᠤᠭᠤᠯᠤᠯᠳᠠ ᠨᠢ ᠶᠡᠷᠦᠩᠭᠡᠢ ᠪᠡᠯᠡ ᠤᠷᠤᠭᠤᠯᠤᠯᠳᠠ  ᠶᠢᠨ 25% ᠎ ᠢ ᠡᠵᠡᠯᠡᠨ᠎ᠠ᠃ ᠡᠭᠦᠨ ᠠᠴᠠ ᠭᠠᠳᠠᠨ᠎ᠠ᠂ ᠴᠠᠬᠢᠯᠭᠠᠨ ᠬᠦᠴᠦᠨ ︵ᠰᠢᠨ᠎ᠠ ᠡᠨᠧᠷᠬᠢ︶᠂ ᠵᠠᠮ ᠬᠠᠷᠢᠯᠴᠠᠭ᠎ᠠ᠂ ᠨᠡᠶᠢᠭᠡᠮ ᠤᠨ ᠦᠢᠯᠡᠰ᠂ ᠦᠢᠯᠡᠴᠢᠯᠡᠭᠡᠨ  ᠤ ᠦᠢᠯᠡᠰ ᠲᠠᠬᠢ ᠪᠡᠯᠡ ᠤᠷᠤᠭᠤᠯᠤᠯᠳᠠ ᠨᠢ ᠲᠤᠰ ᠲᠤᠰ 32.2%᠂ 6.8%᠂ 9.4% ᠪᠠ 4.6% ᠎ ᠢ ᠡᠵᠡᠯᠡᠭᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号