ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠠᠢ
ᠨᠡᠶᠢᠲᠡᠯᠡᠭᠰᠡᠨ ᠴᠠᠭ᠄
2015-04-21
ᠬᠤᠤᠷ᠎ᠠ ᠴᠠᠭᠠᠵᠠᠯᠠᠬᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠬᠦᠯᠵᠦ                           ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ             ᠤᠷᠤᠨ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠠᠢ                                       ᠸᠠᠩ ᠵᠢᠶᠦ᠋ᠨ ᠪᠦᠬᠦ ᠤᠷᠤᠨ ᠤ ᠬᠤᠤᠷ᠎ᠠ ᠴᠠᠭᠠᠵᠠᠯᠠᠬᠤ ᠠᠵᠢᠯ ᠤᠨ                   ᠬᠤᠷᠠᠯ ᠳᠤ ᠴᠢᠬᠤᠯᠠ ᠴᠤᠬᠤᠯᠠᠪᠤᠷᠢ ᠬᠢᠵᠤ ᠪᠠᠭᠠᠲᠤᠷ ᠶᠠᠷᠢᠶ᠎ᠠ ᠲᠠᠯᠪᠢᠵᠠᠢ            4 ᠰᠠᠷ᠎ᠡ ᠶᠢᠨ 16 ᠤ ᠦᠳᠡ ᠶᠢᠨ ᠬᠤᠶᠢᠨ᠎ᠡ᠂ ᠪᠦᠬᠦ ᠤᠷᠤᠨ ᠤ ᠬᠤᠤᠷ᠎ᠡ ᠴᠠᠭᠠᠵᠠᠯᠠᠬᠤ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠱᠦᠵᠢ ᠸᠠᠩ ᠵᠢᠶᠦ᠋ᠨ ᠬᠤᠷᠠᠯ ᠳᠤ ᠴᠢᠬᠤᠯᠠ ᠴᠤᠬᠤᠯᠠᠪᠤᠷᠢ ᠬᠢᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠸᠠᠩ ᠵᠢᠶᠦ᠋ᠨ ᠴᠤᠬᠤᠯᠠᠪᠦᠷᠢ ᠳᠠᠭᠠᠨ ᠵᠢᠭᠠᠵᠦ ᠭᠠᠷᠭᠠᠭᠰᠠᠨ ᠨᠢ᠂ ᠬᠤᠤᠷ᠎ᠡ ᠴᠠᠭᠠᠵᠠᠯᠠᠬᠤ ᠠᠵᠢᠯ ᠪᠤᠯ ᠠᠷᠠᠳ ᠲᠦᠮᠡᠨ ᠤ ᠵᠤᠯ ᠵᠢᠷᠭᠠᠯ ᠲᠠᠢ ᠠᠮᠦᠷ ᠠᠮᠤᠭᠤᠯᠠᠩ ᠪᠠᠶᠢᠬᠤ ᠵᠢᠴᠢ ᠨᠡᠶᠢᠭᠡᠮ ᠤᠨ ᠡᠶ᠎ᠡ ᠵᠤᠬᠢᠴᠠᠩᠭᠤᠢ ᠪᠠᠶᠢᠬᠤ ᠲᠠᠢ ᠬᠤᠯᠪᠤᠭᠳᠠᠵᠦ ᠪᠠᠶᠢᠨ᠎ᠡ᠃ ᠤᠢᠢᠷ᠎ᠡ ᠶᠢᠨ ᠵᠢᠯ ᠳᠤ᠂ ᠪᠦᠬᠦ ᠤᠷᠤᠨ ᠤ ᠳᠤᠲᠤᠭᠠᠲᠤ ᠶᠢ ᠬᠠᠮᠠᠭᠠᠯᠠᠬᠤ ᠬᠤᠤᠷ᠎ᠠ ᠴᠠᠭᠠᠵᠠᠯᠠᠬᠤ ᠰᠠᠯᠠᠭ᠎ᠠ ᠮᠦᠴᠢᠷ ᠨᠢ ᠡᠯ᠎ᠡ ᠲᠦᠷᠦᠯ ᠤᠨ ᠬᠤᠤᠷ᠎ᠡ ᠲᠠᠢ ᠬᠤᠯᠪᠤᠭᠳᠠᠭᠰᠠᠨ ᠬᠠᠤᠯᠢ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠬᠤᠤᠷᠠᠲᠦ ᠡᠳ᠋ ᠤᠨ ᠲᠤᠪᠤᠶᠢᠮ᠎ᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠦ᠂ ᠬᠤᠤᠷ᠎ᠡ ᠴᠠᠭᠠᠵᠠᠯᠠᠬᠤ ᠠᠵᠢᠯ ᠳᠤ ᠮᠡᠳᠡᠭᠳᠡᠬᠦ᠋ᠢᠴᠡ ᠦᠷ᠎ᠡ ᠪᠦᠲᠦᠮᠵᠢ ᠶᠢ ᠤᠯᠵᠠᠢ᠃ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠤᠬᠤᠯᠠᠪᠦᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠲᠦᠪ ᠤᠨ ︽ᠬᠤᠤᠷ᠎ᠡ ᠴᠠᠭᠠᠵᠠᠯᠠᠬᠤ ᠠᠵᠢᠯ ᠢ ᠴᠢᠩᠭᠠᠳᠬᠠᠬᠤ ᠰᠠᠨᠠᠯ︾ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠪᠠᠷ ᠨᠠᠶᠢᠳᠠᠪᠦᠷᠢᠵᠢᠭᠤᠯᠵᠦ᠂ ᠲᠡᠭᠡᠳᠦ ᠬᠡᠮᠵᠢᠶᠡᠨ ᠤ ᠬᠠᠷᠢᠭᠤᠴᠠᠯᠭᠠᠲᠦ ᠰᠡᠳᠭᠢᠯᠭᠡ ᠪᠠ ᠲᠤᠯᠭᠠᠮ᠎ᠡ ᠰᠡᠳᠬᠢᠯᠭᠡ ᠪᠠᠷ᠂ ᠡᠬᠢ ᠰᠤᠷᠪᠤᠯᠵᠢ ᠠᠴᠠ ᠨᠢ ᠵᠠᠰᠠᠬᠤ᠂ ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠬᠠᠤᠯᠢ ᠶᠤᠰᠦᠭᠠᠷ ᠵᠠᠰᠠᠬᠤ ᠶᠢ ᠪᠠᠷᠢᠮᠳᠠᠯᠠᠵᠦ᠂ ᠬᠠᠤᠯᠢ ᠴᠠᠭᠠᠵᠠ᠂ ᠵᠠᠰᠠᠭ ᠵᠠᠬᠢᠷᠭᠠᠨ᠂ ᠠᠵᠦ ᠠᠬᠤᠢ᠂ ᠰᠤᠷᠭᠠᠨ ᠬᠦᠮᠦᠵᠢᠯ᠂ ᠰᠤᠶᠦᠯ ᠤᠷᠠᠯᠢᠭ ᠵᠡᠷᠭᠡ ᠠᠷᠭ᠎ᠠ ᠠᠪᠴᠠᠯ ᠢ ᠨᠢᠭᠡᠳᠦᠯᠲᠠᠢ ᠲᠦᠯᠦᠪᠵᠢᠬᠦᠯᠦᠨ ᠬᠡᠷᠡᠭᠵᠢᠬᠦᠯᠵᠦ᠂ ᠬᠠᠤᠯᠢ ᠠᠴᠠ ᠵᠦᠷᠢᠴᠡᠵᠦ ᠶᠠᠯ᠎ᠡ ᠬᠢᠬᠦ ᠳᠤ ᠴᠤᠬᠢᠯᠲᠠ ᠦᠭᠴᠦ᠂ ᠮᠠᠨ ᠤ ᠤᠷᠤᠨ ᠤ ᠬᠤᠤᠷ᠎ᠡ ᠴᠠᠭᠠᠵᠠᠯᠠᠬᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠬᠦᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠵᠦ᠂ ᠨᠡᠶᠢᠭᠡᠮ ᠤᠨ ᠶᠡᠭᠡ ᠲᠠᠯ᠎ᠡ ᠶᠢᠨ ᠠᠮᠦᠷ ᠲᠤᠭᠳᠠᠭᠤᠨ ᠪᠠᠶᠢᠬᠤ ᠶᠢ ᠬᠠᠮᠠᠭᠠᠯᠠᠬᠤ ᠵᠢᠴᠢ ᠡᠭᠡ ᠤᠯᠤᠰ ᠤᠨ ᠤᠮᠠᠷᠠᠲᠦ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠠᠢ᠃      ᠪᠠᠭᠠᠲᠤᠷ ᠵᠢᠭᠠᠵᠦ ᠭᠠᠷᠭᠠᠭᠰᠠᠨ ᠨᠢ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠬᠤᠤᠷ᠎ᠡ ᠴᠠᠭᠠᠵᠠᠯᠠᠬᠤ ᠠᠵᠢᠯ ᠢ ᠳᠡᠭᠡᠲᠦ ᠬᠡᠮᠵᠢᠶ᠎ᠡ ᠪᠠᠷ ᠬᠦᠨᠳᠦᠳᠭᠡᠵᠤ᠂ ᠶᠡᠷᠦᠩᠭᠡᠢ ᠱᠦᠵᠢ ᠰᠢ  ᠶᠢᠨ ᠫᠢᠡᠭ᠂ ᠯᠢ ᠺᠧ ᠴᠢᠶᠠᠩ ᠶᠡᠷᠦᠩᠬᠡᠢ ᠰᠠᠶᠢᠳ ᠵᠡᠷᠭᠡ ᠲᠦᠪ ᠤᠨ ᠤᠳᠤᠷᠢᠳᠤᠯᠭ᠎ᠠ ᠠᠴᠠ ᠬᠤᠤᠷ᠎ᠡ ᠴᠠᠭᠠᠵᠠᠯᠠᠬᠤ ᠠᠵᠢᠯ ᠳᠤ ᠴᠢᠬᠤᠯᠠ ᠴᠤᠬᠤᠯᠠᠪᠦᠷᠢ ᠬᠢᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠨᠠᠮ ᠤᠨ ᠲᠦᠪ ᠬᠤᠷᠢᠶ᠎ᠡ ᠶᠢᠨ ᠰᠢᠢᠳᠪᠦᠷᠢ ᠪᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠵᠤᠬᠢᠶᠠᠨ ᠪᠠᠶᠢᠭᠤᠯᠵᠦ ᠤᠳᠤᠷᠢᠳᠬᠤ ᠪᠠ ᠠᠵᠢᠯ ᠢ ᠠᠬᠢᠭᠤᠯᠬᠤ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠡᠢ᠃ ᠭᠡᠪᠡᠴᠤ ᠮᠠᠨ ᠤ ᠤᠷᠤᠨ ᠤ ᠬᠤᠤᠷ᠎ᠡ ᠴᠠᠭᠠᠵᠠᠯᠠᠬᠤ ᠠᠵᠢᠯ ᠤᠨ ᠲᠤᠯᠭᠠᠷᠠᠵᠤ ᠪᠦᠬᠦᠢ ᠪᠠᠶᠢᠳᠠᠯ ᠮᠦᠨ ᠲᠤᠩ ᠬᠦᠨᠳᠦ ᠬᠡᠴᠡᠬᠦᠤ ᠪᠠᠶᠢᠨ᠎ᠡ᠃ ᠤᠯᠤᠰ᠂ ᠦᠨᠳᠦᠰᠦᠲᠡᠨ᠂ ᠠᠷᠠᠳ ᠲᠦᠮᠡᠨ᠂ ᠲᠡᠤᠭᠡ ᠳᠤ ᠲᠡᠭᠡᠳᠦ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ ᠶᠤᠰᠦᠭᠠᠷ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠲᠠᠢ ᠨᠢᠭᠡᠳᠭᠡᠵᠦ᠂ ᠭᠤᠶᠢᠪᠢᠰᠢ ᠦᠭᠡᠢ ᠡᠷᠡᠰ ᠠᠷᠭ᠎ᠠ ᠠᠪᠴᠠᠯ ᠢ ᠠᠪᠴᠦ᠂ ᠬᠤᠤᠷᠠᠲᠦ ᠡᠳ᠋ ᠤᠨ ᠠᠰᠠᠭᠤᠳᠠᠯ ᠤᠨ ᠬᠦᠭᠵᠢᠵᠦ ᠦᠷᠭᠡᠵᠢᠬᠦ ᠶᠢ ᠬᠤᠷᠢᠬᠯᠠᠨ ᠵᠤᠭᠰᠤᠭᠠᠬᠤ ᠬᠡᠷᠡᠭᠲᠠᠢ᠃ ᠶᠡᠷᠦᠩᠬᠡᠶᠢᠯᠡᠨ ᠵᠠᠰᠠᠬᠤ᠂ ᠡᠬᠢ ᠰᠤᠷᠪᠤᠯᠵᠢ ᠠᠴᠠ ᠨᠢ ᠵᠠᠰᠠᠬᠤ ᠪᠠ ᠬᠠᠤᠯᠢ ᠶᠤᠰᠤᠭᠠᠷ ᠵᠠᠰᠠᠬᠤ ᠶᠢ ᠪᠠᠷᠢᠮᠳᠠᠯᠠᠵᠦ᠂ ᠬᠤᠤᠷ᠎ᠡ ᠴᠠᠭᠠᠵᠠᠯᠠᠬᠤ ᠠᠷᠭ᠎ᠠ ᠠᠪᠴᠠᠯ ᠤᠨ ᠨᠠᠶᠢᠳᠠᠪᠦᠷᠢᠵᠢᠭᠤᠯᠬᠤ ᠬᠦᠴᠦᠯᠡᠴᠡ ᠶᠢ ᠤᠯᠠᠮ ᠨᠢᠭᠡ ᠠᠯᠬᠤᠮ ᠶᠡᠭᠡᠰᠬᠡᠬᠦ ᠬᠡᠷᠡᠭᠲᠠᠢ᠃  ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠬᠤᠤᠷ᠎ᠡ ᠴᠠᠭᠠᠵᠠᠯᠠᠬᠤ ᠠᠵᠢᠯ ᠳᠤ ᠪᠠᠲᠦ ᠴᠢᠩᠭ᠎ᠠ ᠲᠦᠷᠢᠮ ᠤᠨ ᠪᠠᠲᠤᠯᠠᠪᠦᠷᠢ ᠶᠢ ᠬᠠᠩᠭᠠᠬᠤ ᠬᠡᠷᠡᠭᠲᠠᠢ᠃ ᠲᠤᠰᠬᠠᠢᠢᠵᠢᠬᠰᠠᠨ ᠪᠠ ᠨᠡᠶᠢᠭᠡᠮᠴᠢᠯᠡᠯᠲᠡ ᠶᠢᠨ ᠬᠠᠷᠢᠯᠴᠠᠨ ᠤᠶᠠᠯᠳᠦᠯ ᠢ ᠪᠠᠷᠢᠮᠳᠠᠯᠠᠵᠦ᠂ ᠬᠤᠤᠷ᠎ᠡ ᠴᠠᠭᠠᠵᠠᠯᠠᠬᠤ ᠲᠤᠰᠬᠠᠢ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠬᠤᠤᠷ᠎ᠡ ᠴᠠᠭᠠᠵᠠᠯᠠᠬᠤ ᠠᠷᠠᠳ ᠲᠦᠮᠡᠨ ᠤ ᠳᠠᠶᠢᠨ ᠳᠤ ᠵᠠᠪᠠᠯ ᠢᠯᠡᠯᠲᠠ ᠤᠯᠬᠤ ᠬᠡᠷᠡᠭᠲᠠᠢ ᠭᠡᠵᠡᠢ᠃      ᠤᠯᠤᠰ ᠤᠨ ᠬᠤᠤᠷ᠎ᠡ ᠴᠠᠭᠠᠵᠠᠯᠠᠬᠤ ᠵᠦᠪᠯᠡᠯ ᠤᠨ ᠲᠡᠳ᠋ ᠡᠷᠬᠢᠯᠡᠭᠴᠢ᠂ ᠲᠤᠳᠤᠭᠠᠳᠦ ᠶᠢ ᠬᠠᠮᠠᠭᠠᠯᠠᠬᠤ ᠶᠠᠮᠦᠨ ᠤ ᠨᠠᠮ ᠤᠨ ᠬᠤᠷᠢᠶ᠎ᠡ ᠶᠢᠨ ᠬᠡᠰᠢᠭᠦᠨ᠂ ᠶᠠᠮᠦᠨ ᠤ ᠳᠠᠷᠤᠭ᠎ᠠ ᠶᠢᠨ ᠲᠤᠰᠠᠯᠠᠭᠴᠢ ᠯᠢᠤ ᠶᠤᠸᠠᠢ ᠶᠢᠨ ᠬᠤᠷᠠᠯ ᠳᠤ ᠤᠷᠤᠯᠴᠠᠨ ᠶᠠᠷᠢᠶ᠎ᠡ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠬᠤᠤᠷ᠎ᠡ ᠴᠠᠭᠠᠵᠠᠯᠠᠬᠤ ᠠᠵᠢᠯ ᠤᠨ ᠵᠦᠪᠯᠡᠯ ᠤᠨ ᠡᠷᠬᠢᠯᠡᠭᠴᠢ᠂ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠮᠠ ᠮᠢᠩ ᠬᠤᠷᠠᠯ ᠡᠷᠬᠢᠯᠡᠵᠦ ᠬᠤᠤᠷ᠎ᠡ ᠴᠠᠭᠠᠵᠠᠯᠠᠬᠤ ᠠᠵᠢᠯ ᠤᠨ ᠮᠡᠳᠡᠬᠦᠯᠦᠯᠲᠡ ᠬᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠬᠦᠬᠡᠬᠤᠲᠠ᠂ ᠪᠤᠭᠤᠲᠦ ᠬᠤᠲᠠ ᠶᠢᠨ ᠬᠠᠮᠢᠶ᠎ᠡ ᠪᠦᠬᠦᠢ ᠬᠠᠷᠢᠭᠤᠴᠠᠯᠭᠠᠲᠠᠨ ᠠᠴᠠ ᠦᠬᠡ ᠬᠡᠯᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号