ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2015/4/27
     4 ᠳ᠋ᠦ᠋ᠭᠡᠷ ᠰᠠᠷ᠎ᠠ ᠶᠢᠨ 15᠎ ᠤ ᠡᠳᠤᠷ᠂ ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠵᠦ᠂ ᠪᠦᠬᠦ ᠤᠯᠤᠰ ᠤᠨ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ 2014 ᠣᠨ ᠤ ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠪᠠᠶᠢᠳᠠᠯ ᠢ ᠮᠡᠳᠡᠭᠳᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠤᠷᠠᠯ ᠳᠤ ᠤᠷᠤᠯᠴᠠᠵᠦ ᠶᠠᠷᠢᠶ᠎ᠠ ᠳᠠᠯᠪᠢᠵᠠᠢ᠃      ᠵᠠᠩ ᠯᠢ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠨᠢ ᠢᠯᠵᠢᠷᠡᠯ ᠢ ᠡᠰᠡᠷᠬᠦᠴᠡᠬᠦ ᠠᠵᠢᠯ ᠳᠤᠮᠳᠡ ᠴᠢᠬᠤᠯᠠ ᠪᠠᠶᠢᠷᠢ ᠰᠠᠭᠤᠷᠢ ᠲᠠᠢ ᠪᠠᠶᠢᠬᠤ ᠨᠢ᠂ ᠤᠳᠤ ᠶᠢᠨ ᠢᠯᠵᠢᠷᠡᠯ ᠢ ᠡᠰᠡᠷᠬᠦᠴᠡᠬᠦ ᠪᠠᠶᠢᠳᠠᠯ ᠮᠦᠨᠬᠦ ᠪᠤᠳᠤᠯᠢᠶᠠᠨᠳᠠᠢ ᠪᠠᠶᠢᠬᠤ ᠠᠴᠠ ᠳᠤᠭᠳᠠᠭᠠᠭᠳᠠᠵᠠᠢ᠂ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠶᠢᠨ ︽ᠭᠤᠷᠪᠡ ᠶᠢ ᠬᠤᠪᠢᠷᠠᠭᠤᠯᠬᠤ︾ ᠠᠵᠢᠯ ᠢ ᠳᠠᠰᠤᠷᠠᠯᠳᠠ ᠦᠭᠡᠢ ᠬᠦᠨᠵᠡᠭᠡᠶᠢᠷᠡᠬᠦ ᠠᠴᠠ ᠳᠤᠭᠳᠠᠭᠠᠭᠳᠠᠵᠠᠢ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠴᠠ ᠳᠤᠭᠳᠠᠭᠠᠭᠳᠠᠵᠠᠢ᠃ ᠰᠢᠨᠵᠢᠯᠡᠬᠦ ᠤᠬᠠᠭᠠᠨᠴᠢ ᠵᠢᠷᠤᠮᠵᠢᠯ ᠢᠶᠠᠷ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠳᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠬᠦ ᠬᠡᠷᠡᠭᠳᠡᠢ᠃ ᠳᠤᠰᠢᠶᠠᠯ ᠬᠠᠷᠢᠭᠤᠴᠠᠯᠭ᠎ᠠ ᠶᠢᠨ ᠠᠰᠠᠭᠤᠳᠠᠯ ᠪᠤᠯ ᠴᠢᠭᠯᠡᠯ ᠤᠨ ᠴᠢᠨᠠᠷᠳᠠᠢ ᠠᠰᠠᠭᠤᠳᠠᠯ ᠪᠣᠯᠣᠨ᠎ᠠ᠂ ᠳᠤᠰᠢᠶᠠᠯ ᠬᠠᠷᠢᠭᠤᠴᠠᠯᠭ᠎ᠠ ᠳᠤᠳᠤ ᠦᠭᠡᠢ ᠪᠤᠯᠪᠠᠯ᠂ ᠠᠵᠢᠯ ᠠᠮᠠᠷᠬᠠᠨ ᠢᠶᠠᠷ ᠴᠢᠭᠯᠡᠯ ᠢᠶᠠᠨ ᠠᠯᠳᠠᠵᠦ ᠮᠡᠳᠡᠨ᠎ᠠ᠃ ᠵᠠᠬᠢᠳᠠᠯ ᠰᠤᠷᠪᠤᠯᠵᠢᠯᠠᠯ ᠶᠢᠨ ᠰᠠᠯᠠᠭ᠎ᠠ ᠮᠦᠴᠢᠷ ᠤᠨ ᠳᠤᠰᠢᠶᠠᠯ ᠬᠠᠷᠢᠭᠤᠴᠠᠯᠭ᠎ᠠ ᠪᠤᠯ ᠰᠢᠨᠵᠢᠯᠡᠬᠦ ᠤᠬᠠᠭᠠᠨᠴᠢ ᠵᠢᠷᠤᠮᠵᠢᠯ ᠢᠶᠠᠷ ᠨᠠᠮ ᠤᠨ ᠭᠡᠰᠢᠬᠦᠨ᠂ ᠨᠠᠮ ᠤᠨ ᠵᠤᠬᠢᠶᠠᠨ ᠪᠠᠶᠢᠭᠤᠯᠤᠯᠳᠠ ᠪᠠ ᠬᠢᠨᠡᠨ ᠪᠠᠶᠢᠴᠠᠭᠠᠬᠤ ᠡᠳᠡᠭᠡᠳ ᠤᠨ ᠨᠠᠮ ᠵᠠᠰᠠᠭ ᠤᠨ ᠰᠠᠬᠢᠯᠭ᠎ᠠ ᠪᠠᠳᠤ ᠠᠴᠠ ᠵᠦᠷᠢᠴᠡᠭᠰᠡᠨ ᠠᠵᠢᠯᠯᠠᠭ᠎ᠠ ᠶᠢᠨ ᠢᠯᠡᠴᠢᠯᠡᠨ ᠮᠡᠳᠡᠬᠦᠯᠤᠯᠳᠡ ᠪᠠ ᠭᠤᠮᠤᠳᠠᠯ ᠳᠤᠭᠠᠴᠢᠯᠳᠠ ᠶᠢ ᠬᠦᠯᠢᠶᠡᠨ ᠠᠪᠴᠤ ᠰᠢᠢᠳᠪᠤᠷᠢᠯᠡᠬᠦ ᠶᠠᠪᠣᠳᠠᠯ ᠪᠤᠯᠤᠨ᠎ᠠ᠃ ᠡᠯ᠎ᠠ ᠱᠠᠳᠤᠨ ᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠬᠦ ᠰᠠᠯᠠᠭ᠎ᠠ ᠮᠦᠴᠢᠷ ᠠᠵᠢᠯ ᠤᠨ ᠳᠤᠰᠢᠶᠠᠯ ᠬᠠᠷᠢᠭᠤᠴᠠᠯᠭ᠎ᠠ ᠪᠠᠨ ᠤᠨᠤᠪᠴᠢᠳᠠᠢ ᠡᠵᠡᠮᠳᠡᠵᠦ᠂ ᠢᠯᠡᠴᠢᠯᠡᠨ ᠮᠡᠳᠡᠬᠦᠯᠬᠦ ᠵᠠᠮ ᠱᠤᠭᠤᠮ ᠢ ᠴᠢᠨᠠᠭᠰᠢᠳᠠ ᠰᠢᠯᠤᠭᠤᠳᠬᠠᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠶᠢ ᠬᠢᠨᠠᠮᠠᠭᠠᠢ ᠬᠦᠯᠢᠶᠡᠨ ᠠᠪᠴᠤ᠂ ᠬᠦᠯᠢᠶᠡᠨ ᠠᠪᠬᠤ ᠬᠦᠷᠢᠶ᠎ᠠ ᠬᠡᠪᠴᠢᠶ᠎ᠠ ᠶᠢ ᠴᠢᠩᠭ᠎ᠠ ᠵᠢᠷᠤᠮᠯᠠᠨ ᠢᠯᠡᠴᠢᠯᠡᠨ ᠮᠡᠳᠡᠬᠦᠯᠤᠯᠳᠠ ᠪᠠ ᠭᠤᠮᠤᠳᠠᠯ ᠳᠤᠭᠠᠴᠢᠯᠳᠠ ᠶᠢᠨ ᠠᠰᠠᠭᠤᠳᠠᠯ ᠢ ᠰᠢᠢᠳᠪᠤᠷᠢᠯᠡᠬᠦ ᠬᠡᠷᠡᠭᠳᠡᠢ︔ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠬᠤ ᠬᠡᠷᠡᠭᠳᠡᠢ᠃ ᠦᠨᠡᠨᠬᠦ ᠵᠠᠬᠢᠳᠠᠯ ᠰᠤᠷᠪᠤᠯᠵᠢᠯᠠᠯ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠶᠢ ᠴᠢᠬᠤᠯᠠ ᠡᠬᠦᠷᠭᠡ ᠪᠤᠯᠭᠠᠨ ᠴᠢᠩᠭ᠎ᠠ ᠰᠠᠶᠢᠳᠤᠷ ᠠᠳᠬᠤᠵᠦ᠂ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠪᠠᠶᠢᠷᠢ ᠶᠢ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠺᠠᠳ᠋ᠷ ᠢ ᠪᠤᠯᠪᠠᠰᠤᠷᠠᠭᠤᠯᠤᠨ ᠬᠦᠮᠦᠵᠢᠬᠦᠯᠬᠦ ᠳᠠᠪᠴᠠᠩ ᠪᠤᠯᠭᠠᠬᠤ ᠬᠡᠷᠡᠭᠳᠡᠢ᠃ ᠵᠠᠬᠢᠳᠠᠯ ᠰᠤᠷᠪᠤᠯᠵᠢᠯᠠᠯ ᠶᠢᠨ ᠺᠠᠳ᠋ᠷ ᠤᠨ ᠰᠠᠬᠢᠯᠭ᠎ᠠ ᠪᠠᠳᠤ ᠶᠢᠨ ᠬᠦᠯᠢᠶᠡᠰᠤᠯᠡᠯ ᠢ ᠦᠨᠡᠨᠬᠦ ᠴᠢᠩᠭᠠᠳᠬᠠᠵᠦ᠂ ᠶᠤᠰᠤ ᠲᠦᠷᠢᠮ ᠢ ᠤᠢᠢᠯᠠᠭᠠᠬᠤ᠂ ᠠᠵᠢᠯ ᠤᠨ ᠵᠢᠷᠤᠮ ᠢ ᠬᠦᠨᠳᠤᠳᠬᠡᠬᠦ᠂ ᠰᠠᠬᠢᠯᠭ᠎ᠠ ᠪᠠᠳᠤ ᠶᠢ ᠰᠠᠬᠢᠬᠤ ᠶᠢ ᠪᠡᠶᠡᠯᠡᠬᠦᠯᠬᠦ ᠬᠡᠷᠡᠭᠳᠡᠢ ᠭᠡᠵᠡᠢ᠃      ᠬᠤᠷᠠᠯ ᠳᠡᠭᠡᠷ᠎ᠠ 6 ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠤᠯᠳᠡ ᠶᠢᠨ ᠠᠵᠢᠯ ᠤᠨ ᠪᠠᠶᠢᠳᠠᠯ ᠤᠨ ᠳᠠᠯ᠎ᠠ ᠪᠠᠷ  ᠬᠢ ᠳᠤᠷᠰᠢᠯᠭ᠎ᠠ ᠰᠤᠷᠭᠠᠮᠵᠢ ᠪᠠᠨ ᠶᠠᠷᠢᠵᠦ᠂ ᠬᠠᠷᠢᠯᠴᠠᠨ ᠰᠠᠨᠠᠯ ᠪᠤᠳᠤᠯ ᠢᠶᠠᠨ ᠰᠤᠯᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号