ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/4/27
     4 ᠰᠠᠷ᠎ᠠ ᠶᠢᠨ 20᠎ ᠤ ᠡᠳᠦᠷ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ ᠪᠦᠬᠦᠳᠡ ᠬᠤᠷᠠᠯ ᠬᠤᠷᠠᠯᠳᠤᠵᠦ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠲᠡᠷᠢᠬᠦᠨ ᠤ ᠠᠵᠢᠯᠲᠡᠨ ᠤ ᠲᠦᠯᠦᠭᠡᠯᠡᠭᠴᠢᠳ ᠲᠠᠢ ᠠᠭᠤᠯᠵᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠯᠢᠦ ᠶᠦᠨ ᠱᠠᠨ ᠨᠦᠬᠦᠷ ᠤᠨ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠬᠦᠬᠢᠭᠦᠯᠦᠨ ᠰᠠᠢᠰᠢᠶᠠᠬᠤ ᠵᠢᠴᠢ ᠯᠸᠢ ᠹᠧᠩ ᠠᠴᠠ ᠰᠤᠷᠤᠯᠴᠠᠨ ᠰᠠᠶᠢᠨ ᠲᠤᠷ᠎ᠠ ᠠᠴᠠ ᠪᠠᠨ ᠦᠢᠯᠡᠴᠢᠯᠡᠬᠦ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠮᠠᠨ ᠤ ᠤᠷᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ ᠡᠷᠬᠢᠯᠡᠭᠴᠢ ᠸᠠᠩ ᠵᠢᠶᠦ᠋ᠨ ᠬᠤᠷᠠᠯ ᠡᠷᠬᠢᠯᠡᠭᠰᠡᠡ ᠪᠦᠭᠡᠳ ᠶᠠᠷᠢᠶ᠎ᠠ ᠲᠠᠯᠪᠢᠵᠦ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢᠨ ᠲᠤᠭᠤᠷᠢᠨ ᠳᠤ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠬᠢᠵᠦ᠂ ᠤᠮᠠᠷᠠᠳᠦ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠪᠠᠳᠦ ᠴᠢᠩᠭ᠎ᠠ ᠦᠵᠡᠯ ᠰᠠᠨᠠᠭᠠᠨ ᠤ ᠪᠠᠳᠤᠯᠠᠭ᠎ᠠ᠂ ᠬᠦᠴᠦᠷᠭᠡᠭ ᠶᠡᠭᠡ ᠤᠶᠤᠨ ᠤ ᠬᠦᠴᠦᠨ᠂ ᠪᠠᠶᠠᠯᠢᠬ ᠶᠤᠰᠦ ᠰᠤᠷᠳᠠᠬᠤᠨ ᠤ ᠰᠢᠮ᠎ᠠ ᠲᠡᠵᠢᠭᠡᠯ ᠬᠠᠩᠭᠠᠬᠤ ᠭᠡᠷᠡᠭᠳᠠᠢ ᠭᠡᠵᠦ ᠴᠢᠬᠤᠯᠠᠴᠢᠯᠠᠵᠠᠢ᠃      ᠸᠠᠩ ᠵᠢᠶᠦ᠋ᠨ᠂ ᠡᠯ᠎ᠠ ᠭᠠᠵᠠᠷ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠦᠬᠦᠯᠡᠯᠳᠡ ᠪᠤᠯᠤᠨ ᠯᠢᠦ ᠶᠦᠨ ᠱᠠᠨ ᠨᠥᠬᠦᠷ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠮᠠᠨ ᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠰᠠᠶᠢᠨ ᠲᠤᠷᠰᠢᠯᠭ᠎ᠠ᠂ ᠰᠠᠶᠢᠨ ᠬᠢᠳᠡᠯ ᠢ ᠰᠠᠶᠢᠳᠤᠷ ᠳ᠋ᠦᠩᠨᠡᠨ᠂ ᠲᠠᠨᠢᠯᠳᠠ ᠪᠠᠨ ᠤᠯᠠᠮ ᠲᠡᠭᠡᠭᠰᠢᠯᠡᠭᠦᠯᠦᠨ᠂ ᠢᠳᠡᠭᠡᠯ ᠢᠶᠠᠨ ᠪᠠᠳᠤᠳᠬᠠᠵᠦ᠂ ᠠᠮᠵᠢᠯᠳᠠ ᠪᠠᠨ ᠪᠠᠳᠠᠷᠠᠭᠤᠯᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠡᠳᠬᠢᠴᠡ ᠪᠠᠨ ᠲᠡᠬᠦᠯᠳᠡᠷᠵᠢᠭᠦᠯᠵᠦ᠂ ᠠᠷᠭ᠎ᠠ ᠬᠢᠳᠡᠯ ᠤᠨ ᠰᠢᠨ᠎ᠠ ᠶᠢ ᠡᠬᠦᠳᠴᠦ᠂ ᠲᠡᠭᠡᠳᠦ ᠭᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠤᠯᠤᠨ ᠲᠡᠤᠬᠡᠲᠥ ᠬᠠᠷᠢᠭᠤᠴᠠᠯᠭᠠᠲᠤ ᠤᠪᠤᠷ ᠢᠶᠠᠷ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠬᠦᠯᠵᠥ᠂ ᠯᠠᠪᠳᠠᠭᠤᠨ ᠪᠠᠳᠤᠳᠠᠢ ᠠᠬᠢᠭᠤᠯᠵᠦ᠂ ᠮᠠᠨ ᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠰᠢᠨ᠎ᠠ ᠲᠡᠭᠳᠡᠷ ᠲᠤ ᠭᠠᠷᠭᠠᠬᠤ᠂ ᠲᠠᠬᠢᠨ ᠰᠢᠨ᠎ᠠ ᠠᠮᠵᠢᠯᠳᠠ ᠡᠬᠦᠳᠬᠦ ᠶᠢ ᠡᠬᠢᠭᠤᠯᠬᠤ ᠭᠡᠷᠡᠭᠳᠠᠢ ᠭᠡᠵᠦ ᠵᠢᠭᠠᠵᠦ ᠭᠠᠷᠭᠠᠵᠠᠢ᠃      ᠸᠠᠩ ᠵᠢᠶᠦ᠋ᠨ᠂ ᠡᠳᠡᠭᠡᠷ ᠭᠤᠤᠯᠳᠠᠯᠭ᠎ᠠ ᠲᠠᠢ ᠠᠵᠢᠯ ᠢ ᠪᠡᠶᠡᠯᠡᠭᠦᠯᠬᠦ ᠪᠠᠷ ᠲᠠᠮᠵᠢᠭᠤᠯᠤᠨ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠤᠨ ᠪᠦᠬᠦ ᠲᠠᠯ᠎ᠠ ᠶᠢᠨ ᠬᠦᠭᠵᠢᠯᠳᠡ ᠶᠢ ᠲᠠᠶᠢᠴᠢᠯᠠᠨ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠪᠤᠯᠤᠨ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠶᠢ ᠯᠠᠪᠳᠠᠭᠤᠨ ᠪᠠᠳᠤᠳᠠᠢ ᠠᠬᠢᠭᠤᠯᠬᠤ᠂ ᠭᠤᠤᠯᠳᠠᠯᠭ᠎ᠠ ᠲᠠᠢ ᠠᠵᠢᠯ ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠢ ᠤᠷᠤᠬᠰᠢᠳᠠᠢ ᠭᠡᠷᠡᠭᠵᠢᠭᠦᠯᠬᠦ᠂ ᠠᠵᠦ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠬᠤ᠂ ᠠᠷᠠᠳ ᠤᠨ ᠠᠮᠢᠳᠤᠷᠠᠯ ᠤᠨ ᠲᠦᠪᠰᠢᠨ ᠢ ᠲᠡᠭᠡᠭᠰᠢᠯᠡᠭᠦᠯᠬᠦ᠂ ᠨᠠᠮ ᠤᠨ ᠰᠤᠷᠳᠠᠯ ᠵᠠᠰᠠᠬ ᠤᠨ ᠰᠤᠷᠳᠠᠯ ᠪᠤᠯᠤᠨ ᠨᠡᠶᠢᠭᠡᠮ ᠤᠨ ᠭᠡᠪ ᠰᠤᠷᠳᠠᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠳᠤ ᠪᠠᠳᠦ ᠴᠢᠩᠭ᠎ᠠ ᠦᠵᠡᠯ ᠰᠠᠨᠠᠭᠠᠨ ᠤ ᠪᠠᠳᠤᠯᠠᠭ᠎ᠠ᠂ ᠬᠦᠴᠦᠷᠭᠡᠭ ᠶᠡᠭᠡ ᠤᠶᠤᠨ ᠤ ᠬᠦᠴᠦᠨ᠂ ᠪᠠᠶᠠᠯᠢᠬ ᠶᠤᠰᠦ ᠰᠤᠷᠳᠠᠬᠤᠨ ᠤ ᠰᠢᠮ᠎ᠠ ᠲᠡᠵᠢᠭᠡᠯ ᠬᠠᠩᠭᠠᠬᠤ ᠭᠡᠷᠡᠭᠳᠠᠢ ᠭᠡᠵᠦ ᠴᠢᠬᠤᠯᠠᠴᠢᠯᠠᠪᠠ᠃      ᠸᠠᠩ ᠵᠢᠶᠦ᠋ᠨ᠂ ᠤᠶᠤᠨ ᠤ ᠪᠤᠯᠪᠠᠰᠤᠨ ᠤ ᠪᠠᠶᠢᠭᠤᠯᠤᠯᠳᠠ ᠳᠠᠬᠢ ᠨᠠᠮ ᠤᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠵᠢᠴᠢ ᠭᠤᠤᠯ ᠬᠠᠷᠢᠭᠤᠴᠠᠯᠭᠠᠳᠠᠨ ᠨᠦᠬᠦᠳ ᠨᠡᠶᠢᠭᠡᠮ ᠵᠢᠷᠦᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠬᠦᠷᠭᠡ ᠬᠠᠷᠢᠭᠤᠴᠠᠯᠭ᠎ᠠ ᠶᠢ ᠦᠨᠡᠨᠬᠦ ᠲᠠᠭᠠᠭᠠᠴᠢᠯᠠᠨ ᠠᠪᠴᠦ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠴᠢᠩᠳᠠᠯᠠᠵᠦ᠂ ᠨᠢᠭᠡᠳᠦᠯᠳᠠᠢ ᠲᠦᠯᠦᠪᠵᠢᠭᠦᠯᠦᠨ ᠡᠮᠬᠢ ᠵᠢᠷᠦᠮ ᠲᠠᠢ ᠠᠬᠢᠭᠤᠯᠵᠦ᠂ ᠠᠷᠭ᠎ᠠ ᠭᠡᠯᠪᠡᠷᠢ ᠶᠢᠨ ᠠᠴᠢᠶᠠᠯᠠᠪᠤᠷᠢ ᠶᠢᠨ ᠰᠢᠨ᠎ᠠ ᠶᠢ ᠡᠬᠦᠳᠴᠦ᠂ ᠪᠤᠳᠠᠳᠦ ᠦᠷ᠎ᠠ ᠪᠦᠳᠦᠮᠵᠢ ᠶᠢ ᠡᠷᠬᠢᠮᠯᠡᠨ᠂ ᠮᠠᠨ ᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠭᠡᠷᠡᠭᠳᠠᠢ ᠭᠡᠵᠦ ᠱᠠᠭᠠᠷᠳᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠲᠠᠷᠤᠭ᠎ᠠ ᠤᠯᠠᠭᠠᠨ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ 2014᠎ ᠤᠨ ᠤ ᠠᠵᠢᠯ ᠤᠨ ᠲᠤᠬᠠᠢ ᠳ᠋ᠦᠩᠨᠡᠯᠲᠡ ᠬᠢᠵᠦ᠂ ᠡᠨᠡ ᠵᠢᠯ ᠤᠨ ᠪᠦᠬᠦ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠠᠢ᠃ ᠤᠯᠠᠭᠠᠨ᠂ ᠡᠨᠡ ᠵᠢᠯ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠳᠤ ︽ᠲᠦᠷᠪᠡᠨ ᠪᠦᠬᠦ ᠲᠠᠯ᠎ᠠ︾᠎ ᠶᠢᠨ ᠡᠨᠡᠬᠦ ᠶᠡᠭᠡ ᠲᠠᠯ᠎ᠠ ᠶᠢ ᠪᠠᠳᠦ ᠡᠵᠡᠮᠳᠡᠵᠦ᠂ ᠡᠭᠡ ᠤᠯᠤᠰ ᠤᠨ ᠤᠮᠠᠷᠠᠳᠦ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠴᠤᠬ ᠵᠤᠯᠢ ᠪᠠᠨ ᠪᠠᠳᠠᠷᠠᠭᠤᠯᠬᠤ ᠭᠡᠷᠡᠭᠳᠠᠢ︔ ᠨᠡᠶᠢᠭᠡᠮ ᠵᠢᠷᠦᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠦᠢᠯᠡᠳᠦᠯᠭᠡᠵᠢᠭᠦᠯᠬᠦ ᠡᠨᠡᠬᠦ ᠦᠨᠳᠦᠰᠦ ᠶᠢ ᠢᠮᠠᠬᠳᠠ ᠲᠤᠪᠤᠶᠢᠯᠭᠠᠵᠦ᠂ ᠦᠷᠳᠡᠭ ᠢᠶᠠᠷ ᠬᠦᠳᠦᠯᠦᠨ ᠵᠢᠯᠤᠭᠤᠳᠬᠤ ᠬᠠᠮᠤᠭ ᠤᠨ ᠬᠦᠴᠦᠳᠦ ᠲᠠᠭᠤᠨ ᠢ ᠴᠢᠪᠬᠠᠳᠠᠬᠤ ᠭᠡᠷᠡᠭᠳᠠᠢ︔ ᠦᠵᠡᠯ ᠰᠠᠨᠠᠭ᠎ᠠ ᠶᠤᠰᠦ ᠰᠤᠷᠳᠠᠬᠤᠨ ᠤ ᠪᠠᠶᠢᠭᠤᠯᠤᠯᠳᠠ ᠶᠢᠨ ᠡᠨᠡᠬᠦ ᠭᠤᠬᠴᠤᠭ᠎ᠠ ᠶᠢ ᠴᠢᠩᠭ᠎ᠠ ᠠᠳᠬᠤᠨ᠂ ᠨᠡᠶᠢᠭᠡᠮ ᠲᠠᠶᠠᠭᠠᠷ ᠲᠤ ᠦᠨᠡᠨ ᠰᠠᠶᠢᠨ ᠰᠠᠶᠢᠬᠠᠨ ᠢ ᠶᠡᠭᠡᠪᠡᠷ ᠮᠠᠨᠳᠤᠭᠤᠯᠤᠨ ᠦᠢᠯᠡᠳᠦᠯᠭᠡᠵᠢᠭᠦᠯᠬᠦ ᠭᠡᠷᠡᠭᠳᠠᠢ︔ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠨᠡᠬᠦ ᠠᠴᠢᠶᠠᠯᠠᠪᠤᠷᠢ ᠶᠢ ᠰᠠᠶᠢᠳᠤᠷ ᠠᠰᠢᠬᠯᠠᠨ᠂ ᠪᠦᠬᠦ ᠨᠡᠶᠢᠭᠡᠮ ᠳᠤ ᠲᠡᠷᠢᠬᠦᠨ ᠤ ᠬᠢ ᠶᠢ ᠡᠬᠦᠳᠬᠦ ᠲᠡᠷᠢᠬᠦᠨ ᠤ ᠬᠢ ᠪᠤᠯᠬᠤ ᠪᠠᠷ ᠴᠢᠷᠮᠠᠶᠢᠬᠤ ᠢᠳᠡᠪᠬᠢ ᠬᠦᠴᠦᠨ ᠢ ᠨᠢᠬᠳᠠᠷᠠᠭᠤᠯᠬᠤ ᠭᠡᠷᠡᠭᠳᠠᠢ︔ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠠᠮᠳᠦ ᠪᠠᠷ ᠡᠬᠦᠳᠦᠨ ᠪᠠᠶᠢᠭᠤᠯᠬᠤ ᠡᠨᠡᠬᠦ ᠤᠢᠢᠯᠠᠭᠠᠬᠳᠠᠬᠤᠨ ᠢ ᠦᠨᠡᠨᠬᠦ ᠴᠢᠩᠭᠠᠳᠬᠠᠵᠦ᠂ ᠲᠡᠭᠡᠳᠦ ᠲᠤᠤᠷᠠᠳᠦ ᠱᠠᠳᠦ ᠪᠠᠷ ᠢᠶᠠᠨ ᠬᠦᠳᠡᠯᠦᠯᠴᠡᠨ ᠰᠠᠯᠠᠭ᠎ᠠ ᠮᠦᠴᠢᠷ ᠬᠤᠯᠪᠤᠭᠠᠯᠠᠬᠰᠠᠠ ᠶᠡᠭᠡ ᠪᠠᠶᠢᠷᠢᠰᠢᠯ ᠢ ᠪᠦᠷᠢᠯᠳᠦᠭᠦᠯᠵᠦ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠰᠢᠨ᠎ᠠ ᠠᠬᠢᠴᠠ ᠰᠢᠨ᠎ᠠ ᠠᠮᠵᠢᠯᠳᠠ ᠶᠢ ᠤᠯᠬᠤ ᠭᠡᠷᠡᠭᠳᠠᠢ ᠬᠡᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠬᠤᠷᠴᠠ᠂ ᠯᠢᠦ ᠰᠢᠨ ᠯᠧ᠂ ᠶᠠᠩ ᠴᠧᠩ ᠸᠠᠩ ᠬᠤᠷᠠᠯ ᠳᠤ ᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ ᠪᠦᠷᠢᠯᠳᠦᠬᠦᠨ ᠨᠢᠭᠡᠴᠡ ᠪᠤᠯᠤᠨ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号