4 ᠳ᠋ᠦ᠋ᠭᠡᠷ ᠰᠠᠷ᠎ᠠ ᠶᠢᠨ 8 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ | ᠪᠦᠬᠦ ᠤᠷᠤᠨ ᠤ ᠴᠢᠬᠤᠯᠡ ᠶᠡᠭᠡ ᠲᠦᠷᠦᠯ ᠵᠦᠢᠯ ᠵᠢᠴᠢ ᠪᠠᠳᠤᠯᠠᠪᠤᠷᠢ ᠶᠢᠨ ᠤᠷᠤᠨ ᠰᠠᠭᠤᠴᠠ ᠶᠢᠨ ᠪᠦᠲᠦᠭᠡᠨ | ᠪᠠᠶᠢᠭᠤᠯᠤᠯᠳᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠷᠤᠨ ᠤ ᠭᠤᠤᠯᠳᠠᠯᠭ᠎ᠠ ᠲᠠᠢ ᠠᠵᠢᠯ | ᠭᠤᠤᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ | ᠲᠤᠤᠱᠠᠯᠠᠭᠤᠯᠵᠤ᠂ ᠴᠢᠬᠤᠯᠡ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠠᠵᠢᠯ ᠤᠨ ᠲᠤᠬᠠᠢ | ᠳᠠᠬᠢᠨᠳᠠ ᠳᠠᠶᠢᠴᠢᠯᠠᠯᠳᠠ ᠬᠢᠵᠦ᠂ ᠳᠠᠬᠢᠨᠳᠠ ᠪᠠᠶᠢᠷᠢᠯᠠᠭᠤᠯᠵᠤ᠂ ᠳᠠᠬᠢᠨᠳᠠ ᠲᠤᠤᠱᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ | ᠵᠠᠰᠠᠬᠤ ᠤᠷᠤᠨ ᠤ ᠳᠡᠳ᠋ ᠲᠡᠷᠢᠭᠦᠯᠡᠭᠴᠢ ᠹᠦ᠋ ᠲᠠᠢ ᠽᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠦᠪᠡᠷᠳᠡᠭᠡᠨ | ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠪᠦᠸᠧ ᠬᠤᠷᠠᠯ ᠡᠷᠬᠢᠯᠡᠵᠤ᠂ ᠪᠤᠳᠠᠳᠠᠢ ᠪᠠᠶᠢᠷᠢᠯᠠᠭᠤᠯᠤᠯᠳᠠ ᠬᠢᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠶᠢᠨ ᠠᠵᠢᠯ ᠢ ᠰᠠᠶᠢᠨ ᠬᠢᠬᠦ ᠨᠢ ᠮᠠᠨ ᠤ ᠤᠷᠤᠨ ᠤ ᠪᠦᠲᠦᠮᠵᠢᠳᠠᠢ ᠬᠡᠷᠡᠭᠴᠡᠭᠡ ᠶᠢ ᠦᠷᠭᠡᠳᠭᠡᠵᠤ᠂ | ᠠᠵᠤ ᠠᠬᠤᠢ ᠶᠢᠨ ᠳᠤᠭᠳᠠᠭᠤᠨ ᠨᠡᠮᠡᠭᠳᠡᠯ ᠢ ᠪᠠᠳᠤᠯᠠᠬᠤ ᠳᠤ ᠬᠤᠯᠪᠤᠭᠳᠠᠬᠤ ᠪᠦᠭᠡᠳ ᠦᠪᠡᠷᠳᠡᠭᠡᠨ ᠵᠠᠰᠠᠬᠤ | ᠤᠷᠤᠨ ᠤ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠲᠠᠢ ᠬᠤᠯᠪᠤᠭᠳᠠᠵᠤ᠂ ᠨᠡᠩ ᠤᠷᠳᠤ | ᠬᠤᠭᠤᠴᠠᠭᠠᠨ ᠤ ᠬᠦᠭᠵᠢᠯᠳᠡ ᠲᠠᠢ ᠬᠤᠯᠪᠤᠭᠳᠠᠵᠤ ᠪᠠᠶᠢᠳᠠᠭ᠃ ᠦᠪᠡᠷᠳᠡᠭᠡᠨ ᠵᠠᠰᠠᠬᠤ ᠤᠷᠤᠨ ᠤ ︽2015 — | 2017 ᠣᠨ ᠪᠤᠯᠳᠠᠯᠡᠬᠢ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠭᠤᠷᠪᠠᠨ ᠱᠠᠳᠤ ᠪᠠᠷ | ᠠᠬᠢᠭᠤᠯᠬᠤ ᠲᠦᠯᠦᠪᠯᠡᠭᠡ︾ ᠪᠠᠷ᠂ ᠮᠠᠨ ᠤ ᠤᠷᠤᠨ ᠭᠤᠷᠪᠠᠨ ᠵᠢᠯ ᠤᠨ ᠲᠤᠳᠤᠷ᠎ᠠ ᠦᠪᠡᠷᠳᠡᠭᠡᠨ ᠵᠠᠰᠠᠬᠤ ᠤᠷᠤᠨ᠂ | ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠲᠤᠭᠤᠷᠢᠭ︶ ᠭᠡᠵᠦ ᠭᠤᠷᠪᠠᠨ ᠱᠠᠳᠤ ᠬᠤᠪᠢᠶᠠᠨ ᠨᠡᠶᠢᠳᠡ 2.67 | ᠲᠦᠮᠡᠨ ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 631 ᠴᠢᠬᠤᠯᠡ ᠶᠡᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠡᠵᠦ ᠠᠬᠢᠭᠤᠯᠬᠤ ᠪᠤᠯᠤᠨ᠎ᠠ᠃ ᠡᠭᠦᠨ ᠳᠤ ᠪᠠᠳᠤᠯᠠᠪᠤᠷᠢ ᠶᠢᠨ | ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠳᠠ ᠨᠢ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠶᠢᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠡᠨᠡ ᠵᠢᠯ ᠮᠠᠨ ᠤ ᠤᠷᠤᠨ ᠨᠡᠶᠢᠳᠡ 28.5 ᠲᠦᠮᠡᠨ | ᠢᠵᠢ ᠪᠠᠳᠤᠯᠠᠪᠤᠷᠢ ᠶᠢᠨ ᠤᠷᠤᠨ ᠰᠠᠭᠤᠠ ᠶᠢ ᠰᠢᠨ᠎ᠠ ᠪᠠᠷ ᠪᠠᠶᠢᠭᠤᠯᠵᠤ᠂ 16.3 ᠲᠦᠮᠡᠨ ᠢᠵᠢ ᠪᠠᠳᠤᠯᠠᠪᠤᠷᠢ ᠶᠢᠨ | ᠤᠷᠤᠨ ᠰᠠᠭᠤᠴᠠ ᠶᠢ ᠦᠨᠳᠦᠰᠦᠨ ᠳᠡᠭᠡᠨ ᠪᠠᠷᠢᠯᠭ᠎ᠠ ᠳᠠᠭᠤᠰᠬᠠᠬᠤ ᠪᠤᠯᠤᠨ᠎ᠠ ᠬᠡᠵᠡᠢ᠃ | |